ᠬᠦᠪᠡᠭᠡᠲᠦ ᠰᠢᠷ᠎ᠠ ᠬᠤᠰᠢᠭᠤᠨ ᠤ ︽ᠠᠰᠠᠷ︾ ᠨᠠᠶᠢᠷᠠᠯ ᠲᠠᠭᠤᠥ ᠶᠢᠨ ᠪᠦᠯᠬᠦᠮ ᠪᠦᠬᠦ ᠤᠷᠤᠨ ᠤ ᠤᠷᠤᠯᠳᠤᠭᠠᠨ ᠳᠤ ᠮᠦᠩᠬᠦᠨ ᠮᠧᠳᠠᠯ ᠲᠤᠰᠪᠠ
ᠨᠡᠶᠢᠲᠡᠯᠡᠭᠰᠡᠨ ᠴᠠᠭ᠄
2020/11/4
    ᠤᠢᠢᠷ᠎ᠠ ᠶᠢᠨ ᠡᠳᠤᠷ᠂ ᠬᠦᠪᠡᠭᠡᠲᠦ ᠰᠢᠷ᠎ᠠ ᠬᠤᠰᠢᠭᠤᠨ ᠤ ︽ᠠᠰᠠᠷ︾ ᠨᠠᠶᠢᠷᠠᠯ ᠲᠠᠭᠤᠥ ᠶᠢᠨ ᠪᠦᠯᠬᠦᠮ ᠨᠢ ᠠᠯᠠᠱᠠ ᠠᠶᠢᠮᠠᠭ ᠲᠤ ᠶᠠᠪᠤᠬᠳᠠᠬᠰᠠᠨ ᠠᠷᠪᠠᠨ ᠲᠤᠯᠤᠳᠤᠭᠠᠷ ᠬᠤᠭᠤᠴᠠᠭᠠᠨ ᠤ ᠲᠤᠮᠳᠠᠳᠤ ᠤᠯᠤᠰ· ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ 2020 ᠦᠪᠤᠷ ᠮᠤᠩᠭᠤᠯ ᠤᠨ ᠨᠠᠶᠢᠷᠠᠯ ᠲᠠᠭᠤᠤ ᠶᠢᠨ ᠤᠷᠤᠯᠳᠤᠭᠠᠨ ᠤ ᠦᠵᠡᠬᠦᠯᠭᠡ ᠶᠢᠨ ᠲᠤᠬᠯᠠᠯᠳᠠ ᠶᠢᠨ ᠲᠡᠬᠦᠰᠬᠦ ᠶᠤᠰᠤᠯᠠᠯ᠂ ᠱᠠᠩᠨᠠᠯ ᠤᠯᠭᠤᠬᠤ ᠶᠤᠰᠤᠯᠠᠯ ᠵᠢᠴᠢ ᠰᠢᠯᠢᠳᠡᠭ ᠪᠦᠲᠦᠭᠡᠯ ᠤᠨ ᠲᠤᠬᠯᠠᠯᠳᠠ ᠳᠤ ᠤᠷᠤᠯᠴᠠᠵᠦ᠂ ᠬᠠᠪᠰᠤᠷᠤᠯ ᠬᠦᠭᠵᠢᠮ ᠦᠬᠡᠢ ︽ᠲᠠᠯ᠎ᠠ ᠶᠢᠨ ᠵᠠᠮ︾᠂ ︽ᠴᠠᠰᠤ︾ ᠬᠡᠬᠦ ᠬᠤᠶᠠᠷ ᠨᠠᠶᠢᠷᠠᠯ ᠲᠠᠭᠤᠤ ᠪᠠᠷ ᠢᠶᠠᠨ ᠮᠦᠩᠭᠦᠨ ᠮᠧᠳᠠᠯ ᠢ ᠲᠤᠰᠤᠭᠰᠠᠨ ᠪᠠᠶᠢᠨ᠎ᠠ᠃         ᠬᠦᠪᠡᠭᠡᠲᠦ ᠰᠢᠷ᠎ᠠ ᠬᠤᠰᠢᠭᠤᠨ ᠤ ︽ᠠᠰᠠᠷ︾ ᠨᠠᠶᠢᠷᠠᠯ ᠲᠠᠭᠤᠥ ᠶᠢᠨ ᠪᠦᠯᠬᠦᠮ ᠨᠢ 2018 ᠤᠨ ᠤ 4 ᠰᠠᠷ᠎ᠠ ᠳᠤ ᠪᠠᠶᠢᠭᠤᠯᠤᠬᠳᠠᠵᠦ᠂ ᠠᠩᠬ᠎ᠠ ᠡᠬᠢᠯᠡᠬᠦ ᠳᠤ ᠪᠠᠨ ᠲᠤᠰ ᠬᠤᠰᠢᠭᠤᠨ ᠤ ᠵᠠᠯᠠᠭᠤᠴᠤᠳ ᠤᠨ ᠨᠠᠶᠢᠷᠠᠯ ᠲᠠᠭᠤᠥ ᠶᠢᠨ ᠪᠦᠯᠬᠦᠮ ᠬᠡᠵᠦ ᠨᠠᠷᠠᠯᠠᠵᠦ ᠪᠠᠶᠢᠬᠰᠠᠨ ᠢᠶᠠᠨ ᠡᠨᠡ ᠵᠢᠯ ᠤᠨ 8 ᠰᠠᠷ᠎ᠠ ᠳᠤ ᠪᠤᠯᠤᠬᠰᠠᠨ ᠠᠷᠪᠠᠨ ᠲᠤᠯᠤᠳᠤᠭᠠᠷ ᠬᠤᠭᠤᠴᠠᠭᠠᠨ ᠤ ᠲᠤᠮᠳᠠᠳᠤ ᠤᠯᠤᠰ· ᠦᠪᠤᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ 2020 ᠦᠪᠤᠷ ᠮᠤᠩᠭᠤᠯ ᠤᠨ ᠨᠠᠶᠢᠷᠠᠯ ᠲᠠᠭᠤᠤ ᠶᠢᠨ ᠤᠷᠤᠯᠳᠤᠭᠠᠨ ᠤ ᠰᠢᠭᠰᠢᠭᠡ ᠤᠷᠤᠯᠳᠤᠭᠠᠨ ᠳᠤ ᠤᠷᠤᠯᠴᠠᠬᠤ ᠳᠤ ᠨᠤᠳᠤᠭ ᠤᠰᠤ ᠪᠠᠨ ᠭᠠᠳᠠᠬᠰᠢ ᠤᠬᠠᠭᠤᠯᠬᠤ ᠡᠬᠦᠳᠠᠨ ᠠᠴᠠ ᠪᠦᠯᠬᠦᠮ ᠤᠨ ᠨᠠᠷ᠎ᠠ ᠪᠠᠨ ᠬᠦᠪᠡᠭᠡᠲᠦ ᠰᠢᠷ᠎ᠠ ᠬᠤᠰᠢᠭᠤᠨ ᠤ ︽ᠠᠰᠠᠷ︾ ᠨᠠᠶᠢᠷᠠᠯ ᠲᠠᠭᠤᠥ ᠶᠢᠨ ᠪᠦᠯᠬᠦᠮ ᠬᠡᠵᠦ ᠰᠤᠯᠢᠵᠠᠢ᠃ ᠰᠢᠭᠰᠢᠭᠡ ᠤᠷᠤᠯᠳᠤᠭᠠᠨ ᠳᠤ ᠸᠢᠳᠢᠣ᠋ ᠪᠢᠴᠢᠯᠭᠡ ᠶᠢᠨ ᠬᠡᠯᠪᠡᠷᠢ ᠪᠠᠷ ᠤᠷᠤᠯᠴᠠᠵᠦ᠂ ᠲᠤᠰ ᠣᠳᠠᠭᠠᠨ ᠤ ᠤᠷᠤᠯᠳᠤᠭᠠᠨ ᠤ ᠰᠢᠯᠢᠳᠡᠭ ᠪᠦᠲᠦᠭᠡᠯ ᠤᠨ ᠲᠤᠬᠯᠠᠯᠳᠠ ᠳᠤ ᠤᠷᠤᠯᠴᠠᠬᠤ ᠡᠷᠬᠡ ᠶᠢ ᠤᠯᠤᠬᠰᠠᠨ ᠪᠠᠶᠢᠨ᠎ᠠ᠃ ᠤᠳᠤᠬᠠᠨ ᠳᠤ ᠲᠤᠰ ᠪᠦᠯᠬᠦᠮ ᠨᠢ ᠨᠠᠶᠢᠳᠠ 20 ᠭᠠᠷᠤᠢ ᠬᠦᠮᠤᠨ ᠲᠠᠢ ᠪᠠᠶᠢᠵᠦ᠂ ᠬᠠᠮᠤᠭ ᠠᠬᠠᠮᠠᠳ ᠨᠢ ᠲᠠᠪᠢᠨ ᠨᠠᠰᠤᠳᠠᠢ᠂ ᠬᠠᠮᠤᠭ ᠵᠠᠯᠠᠭᠤ ᠨᠢ ᠬᠤᠷᠢᠨ ᠭᠤᠷᠪᠠᠳᠠᠢ ᠪᠠᠶᠢᠵᠦ᠂ ᠭᠤᠤᠯᠳᠠᠭᠤ ᠮᠠᠯᠴᠢᠨ ᠤᠷᠠᠯᠢᠬᠴᠢᠨ᠂ ᠪᠠᠭᠰᠢ ᠠᠵᠢᠯᠳᠠᠨ ᠢᠶᠠᠷ ᠪᠦᠷᠢᠯᠳᠦᠵᠡᠢ᠃
 
ᠢᠷᠡᠯᠲᠡ᠄ ᠰᠢᠯᠢ ᠶᠢᠨ ᠭᠣᠣᠯ ᠤᠨ ᠡᠳᠦᠷ ᠦᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号