︵ᠠᠷᠪᠠᠨ ᠭᠤᠷᠪᠠ︶ ᠬᠦᠪᠡᠭᠡᠲᠦ ᠰᠢᠷ᠎ᠠ ᠬᠤᠰᠢᠭᠤ — ︽ᠥᠪᠦᠷ ᠮᠤᠩᠭᠤᠯ ᠤᠨ ᠤᠯᠠᠮᠵᠢᠯᠠᠯᠲᠤ ᠴᠠᠭᠠᠨ ᠢᠳᠡᠭᠡᠨ ᠤ ᠰᠤᠶᠤᠯ ᠤᠨ ᠨᠤᠲᠤᠭ︾ 
ᠨᠡᠶᠢᠲᠡᠯᠡᠭᠰᠡᠨ ᠴᠠᠭ᠄
2020/11/4
      ᠬᠦᠪᠡᠭᠡᠲᠦ ᠰᠢᠷ᠎ᠠ ᠬᠤᠰᠢᠭᠤ ᠨᠢ ᠴᠠᠬᠠᠷ ᠠᠷᠠᠳ ᠤᠨ ᠰᠤᠶᠤᠯ ᠵᠠᠩᠰᠢᠯ ᠢ ᠨᠡᠯᠢᠶᠡᠳ ᠪᠦᠷᠢᠨ ᠪᠦᠳᠦᠨ ᠬᠠᠳᠠᠭᠠᠯᠠᠭᠰᠠᠨ ᠤᠷᠤᠨ ᠨᠤᠲᠤᠭ ᠤᠨ ᠬᠤᠪᠢ ᠳᠤ ︽ᠲᠤᠮᠳᠠᠳᠤ ᠤᠯᠤᠰ ᠤᠨ ᠠᠰᠤᠷᠤ ᠠᠶᠠᠯᠭᠤ ᠶᠢᠨ ᠨᠤᠲᠤᠭ︾᠂ ︽ᠳᠤᠮᠳᠠᠳᠤ ᠤᠯᠤᠰ ᠤᠨ ᠬᠤᠪᠢᠰ ᠬᠥᠭᠵᠢᠮ ᠤᠨ ᠤᠯᠠᠮᠵᠢᠯᠠᠯ ᠤᠨ ᠰᠠᠭᠤᠷᠢᠨ︾ ︽ᠮᠤᠩᠭᠤᠯ ᠳ᠋ᠠᠨᠵᠤᠤᠷ ᠢ ᠥᠪᠯᠡᠭᠰᠡᠨ ᠲᠠᠭᠱᠢᠨ ᠣᠷᠤᠨ︾᠂ ︽ᠥᠪᠦᠷ ᠮᠤᠩᠭᠤᠯ ᠤᠨ ᠰᠢᠲᠠᠷ᠎ᠠ ᠶᠢᠨ ᠨᠤᠲᠤᠭ︾ ᠭᠡᠬᠦ ᠰᠠᠶᠢᠬᠠᠨ ᠠᠯᠳᠠᠷ ᠤᠳ ᠢᠶᠠᠨ ᠳᠠᠶᠠᠭᠠᠷ ᠲᠦᠮᠡᠨ ᠳᠤ ᠲᠠᠭᠤᠷᠢᠰᠤᠭᠤᠯᠵᠤ ᠶᠠᠪᠤᠭ᠎ᠠ ᠦᠨᠳᠦᠰᠦᠳᠡᠨ ᠤ ᠰᠤᠶᠤᠯ ᠤᠨ ᠬᠦᠨᠳᠦ ᠵᠤᠵᠠᠭᠠᠨ ᠬᠦᠷᠦᠰᠦ ᠲᠠᠢ ᠨᠤᠲᠤᠭ ᠪᠢᠯᠡ᠃       ᠣᠶᠢᠷ᠎ᠠ ᠳᠤ ᠥᠪᠦᠷ ᠮᠤᠩᠭᠤᠯ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠠᠴᠠ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠵᠤ᠂ ᠲᠤᠬᠠᠢ ᠶᠢᠨ ᠭᠠᠵᠠᠷ ᠳᠤᠨᠢ ᠰᠢᠨᠵᠢᠯᠡᠨ ᠪᠠᠶᠢᠴᠠᠭᠠᠯᠲᠠ ᠪᠠ ᠨᠤᠲᠠᠯᠠᠯᠲᠠ ᠬᠢᠬᠦ ᠪᠠᠷ ᠳᠠᠮᠵᠢᠨ᠂ ᠬᠦᠪᠡᠭᠡᠲᠦ ᠰᠢᠷ᠎ᠠ ᠬᠤᠰᠢᠭᠤ ᠶᠢ ︽ᠥᠪᠦᠷ ᠮᠤᠩᠭᠤᠯ ᠤᠨ ᠤᠯᠠᠮᠵᠢᠯᠠᠯᠲᠤ ᠴᠠᠭᠠᠨ ᠢᠳᠡᠭᠡᠨ ᠤ ᠰᠤᠶᠤᠯ ᠤᠨ ᠨᠤᠲᠤᠭ︾ ᠢᠶᠠᠷ ᠨᠡᠷᠡᠶᠢᠳᠦᠬᠦ ᠪᠠᠷ ᠰᠢᠢᠳᠪᠦᠷᠢ ᠭᠠᠷᠭᠠᠵᠤ᠂ ᠤᠯᠠᠮᠵᠢᠯᠠᠯᠲᠤ ᠴᠠᠭᠠᠨ ᠢᠳᠡᠭᠡᠨ ᠤ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠳᠤ ᠰᠢᠨ᠎ᠡ ᠬᠦᠴᠦᠨ ᠨᠡᠮᠡᠷᠢᠯᠡᠭᠰᠡᠨ ᠪᠠᠶᠢᠨ᠎ᠠ᠃       ᠴᠠᠭᠠᠨ ᠢᠳᠡᠭᠡ ᠪᠣᠯ ᠮᠤᠩᠭᠤᠯᠴᠤᠳ ᠤᠨ ᠤᠯᠠᠮᠵᠢᠯᠠᠯᠲᠤ ᠢᠳᠡᠭᠡᠨ ᠤᠮᠳᠠᠭᠠᠨ ᠤ ᠰᠤᠶᠤᠯ ᠤᠨ ᠴᠢᠬᠤᠯᠠ ᠪᠦᠷᠢᠯᠳᠦᠬᠦᠨ ᠬᠡᠰᠡᠭ ᠶᠤᠮ᠃ ᠬᠦᠪᠡᠭᠡᠲᠦ ᠰᠢᠷ᠎ᠠ ᠬᠤᠰᠢᠭᠤ ᠨᠢ ᠮᠤᠩᠭᠤᠯ ᠦᠨᠳᠦᠰᠦᠳᠡᠨ ᠤ ᠴᠠᠭᠠᠨ ᠢᠳᠡᠭᠡᠨ ᠤ ᠰᠤᠶᠤᠯ ᠤᠨ ᠣᠬᠢ ᠰᠢᠮ᠎ᠡ ᠶᠢ ᠥᠪᠯᠡᠨ ᠤᠯᠠᠮᠵᠢᠯᠠᠵᠤ᠂ ᠴᠠᠭᠠᠨ ᠢᠳᠡᠭᠡᠨ ᠬᠢᠬᠦ ᠮᠡᠷᠭᠡᠵᠢᠯ ᠨᠢ ᠣᠨᠴᠠᠭᠠᠢ᠂ ᠦᠨᠦᠷ ᠠᠮᠲᠠ ᠪᠠᠷ ᠭᠤᠴᠤ᠂ ᠰᠢᠮ᠎ᠡ ᠲᠡᠵᠢᠭᠡᠯ ᠡᠯᠪᠡᠭ ᠪᠠᠶᠢᠳᠠᠭ ᠢᠶᠠᠷ ᠢᠶᠠᠨ ᠳᠠᠶᠠᠭᠠᠷ ᠲᠥᠮᠡᠨ ᠳᠤ ᠠᠯᠳᠠᠷᠰᠢᠭᠰᠠᠨ ᠪᠠᠶᠢᠳᠠᠭ᠃ ᠣᠶᠢᠷ᠎ᠠ ᠶᠢᠨ ᠵᠢᠯ ᠬᠦᠪᠡᠭᠡᠲᠦ ᠰᠢᠷ᠎ᠠ ᠬᠤᠰᠢᠭᠤ ᠨᠢ ᠲᠥᠪ᠂ ᠦᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠰᠠᠭᠠᠯᠢ ᠶᠢᠨ ᠦᠢᠯᠡᠰ ᠢ ᠬᠦᠭᠵᠢᠬᠦᠯᠬᠦ ᠰᠢᠢᠳᠪᠦᠷᠢᠲᠦ ᠪᠤᠳᠣᠯᠭ᠎ᠠ ᠶᠢᠨ ᠪᠠᠶᠢᠷᠢᠯᠠᠭᠤᠯᠤᠯᠲᠠ ᠶᠢ ᠬᠦᠨᠵᠡᠬᠡᠢ ᠨᠠᠶᠢᠳᠠᠪᠦᠷᠢᠵᠢᠭᠤᠯᠵᠤ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠢ ᠠᠷᠠᠳ ᠢ ᠴᠢᠨᠡᠭᠡᠯᠢᠭᠵᠢᠬᠦᠯᠬᠦ ᠪᠠ ᠶᠠᠳᠠᠭᠤ ᠶᠢ ᠲᠡᠳᠬᠦᠬᠦ ᠴᠢᠬᠤᠯᠠ ᠠᠵᠤ ᠦᠢᠯᠡᠰ ᠪᠣᠯᠭᠠᠨ ᠠᠳᠬᠤᠵᠤ᠂ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠶᠢ ᠲᠤᠭᠳᠠᠭᠠᠨ ᠬᠡᠷᠡᠭᠵᠢᠬᠦᠯᠵᠦ᠂ ᠴᠠᠭᠠᠨ ᠢᠳᠡᠭᠡᠨ ᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠠᠢ᠃ ᠠᠵᠤ ᠦᠢᠡᠯᠰ ᠤᠨ ᠬᠦᠭᠵᠢᠯᠲᠡ ᠶᠢ ᠠᠬᠢᠭᠤᠯᠤᠭᠰᠠᠨ ᠰᠠᠭᠤᠷᠢᠨ ᠲᠡᠭᠡᠷ᠎ᠡ ᠮᠠᠨ ᠤ ᠬᠤᠰᠢᠭᠤ ᠨᠢ ᠲᠠᠯ᠎ᠠ ᠨᠤᠲᠤᠭ ᠤᠨ ᠰᠤᠶᠤᠯ ᠤᠨ ᠠᠮᠢ ᠠᠬᠤᠢ ᠢ ᠬᠠᠮᠠᠭᠠᠯᠠᠬᠤ ᠶᠢ ᠲᠡᠭᠡᠳᠦ ᠬᠡᠮᠵᠢᠶ᠎ᠡ ᠪᠠᠷ ᠬᠦᠨᠳᠦᠳᠬᠡᠨ᠂ ᠴᠠᠭᠠᠨ ᠢᠳᠡᠭᠡᠨ ᠤ ᠰᠤᠶᠤᠯ ᠤᠨ ᠣᠯᠠᠨ ᠲᠠᠯᠠᠳᠤ ᠴᠢᠨᠠᠷ ᠪᠠ ᠪᠠᠶᠠᠯᠢᠭ ᠴᠢᠨᠠᠷ ᠢ ᠤᠯᠠᠮ ᠠᠭᠤᠳᠠᠯᠯᠠᠵᠤ᠂ ᠣᠬᠢ ᠰᠠᠶᠢᠨ ᠦᠷ᠎ᠡ ᠠᠰᠢᠭ ᠤᠯᠤᠭᠰᠠᠨ ᠪᠠᠶᠢᠨ᠎ᠠ᠃       ᠣᠯᠠᠨ ᠵᠢᠯ ᠤᠨ ᠴᠢᠷᠮᠠᠶᠢᠯᠭ᠎ᠠ ᠪᠠᠷ ᠲᠠᠮᠵᠢᠨ᠂ ᠬᠦᠪᠡᠭᠡᠲᠦ ᠰᠢᠷ᠎ᠠ ᠬᠤᠰᠢᠭᠤᠨ ᠤ ᠤᠯᠠᠮᠵᠢᠯᠠᠯᠲᠤ ᠴᠭᠠᠠᠨ ᠢᠳᠡᠭᠡᠨ ᠤ ᠦᠢᠡᠯᠰ ᠲᠦᠷᠭᠡᠨ ᠬᠦᠭᠵᠢᠯᠲᠡ ᠶᠢᠨ ᠱᠠᠳᠤᠨ ᠳᠤ ᠤᠷᠤᠵᠤ᠂ ᠪᠦᠬᠦ ᠬᠤᠰᠢᠭᠤᠨ ᠳᠤ ᠲᠣᠮᠣ ᠳᠤᠮᠳᠠ ᠬᠡᠪᠴᠢᠶᠡᠨ ᠤ ᠴᠠᠭᠠᠨ ᠢᠳᠡᠭᠡᠨ ᠤ ᠠᠵᠤ ᠠᠬᠤᠶᠢᠯᠠᠯ 2᠂ ᠭᠠᠷ ᠦᠢᠯᠡᠳᠭᠡᠯ ᠤᠨ ᠭᠠᠵᠠᠷ 200 ᠰᠢᠬᠠᠮ ᠪᠣᠯᠵᠤ᠂ ᠡᠳᠦᠷ ᠲᠤ 40 ᠲᠦᠮᠡᠨ ᠲᠣᠨ ᠰᠦ ᠪᠤᠯᠪᠠᠰᠤᠷᠠᠭᠤᠯᠤᠨ᠂ 40 ᠭᠠᠷᠤᠢ ᠲᠥᠷᠦᠯ ᠤᠨ ᠴᠠᠭᠠᠨ ᠢᠳᠡᠭᠡᠨ ᠦᠢᠯᠡᠳᠪᠦᠷᠢᠯᠡᠨ ᠪᠤᠯᠪᠠᠰᠤᠷᠠᠭᠤᠯᠵᠤ᠂ ᠵᠢᠯ ᠤᠨ ᠦᠢᠯᠡᠳᠪᠦᠷᠢᠯᠡᠯ ᠤᠨ ᠦᠷᠳᠡᠭ ᠨᠢ 8000 ᠲᠦᠮᠡᠨ ᠲᠦᠭᠦᠷᠢᠭ ᠲᠤ ᠬᠦᠷᠴᠦ᠂ ᠴᠠᠭᠠᠨ ᠢᠳᠡᠭᠡᠨ ᠤ ᠦᠢᠯᠡᠰ ᠨᠢ ᠮᠠᠯᠴᠢᠳ ᠤᠨ ᠤᠷᠤᠭᠯᠠᠭ᠎ᠠ ᠶᠢ ᠨᠡᠮᠡᠭᠳᠡᠬᠦᠯᠬᠦ ᠴᠢᠬᠤᠯᠠ ᠠᠵᠤ ᠦᠢᠯᠡᠰ ᠪᠤᠯᠤᠨ ᠪᠤᠵᠠᠭᠠᠶᠢᠷᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号