ᠪᠠᠶᠢᠭᠠᠯᠢ ᠶᠢᠨ ᠤᠬᠠᠭᠠᠨ ᠤ ᠳ᠋ᠣᠺᠲ᠋ᠣᠷ ᠬᠠᠷᠠᠨᠤᠳ ᠴᠤᠭᠲᠤ
ᠨᠡᠶᠢᠲᠡᠯᠡᠭᠰᠡᠨ ᠴᠠᠭ᠄
2020/11/6
     ᠪᠠᠶᠢᠭᠠᠯᠢ ᠶᠢᠨ ᠤᠬᠠᠭᠠᠨ ᠤ ᠳ᠋ᠣᠺᠲ᠋ᠣᠷ ᠬᠠᠷᠠᠨᠤᠳ ᠣᠪᠣᠭᠲᠤ ᠴᠤᠭᠲᠤ ︵1959.1-︶ ᠥᠪᠦᠷ ᠮᠤᠩᠭᠤᠯ ᠤᠨ ᠤᠤᠯ ᠤᠨ ᠬᠦᠪᠡᠭᠡᠲᠦ ᠰᠢᠷ᠎ᠠ ᠬᠤᠰᠢᠭᠤᠨ ᠤ ᠵᠢᠷᠭᠤᠳᠤᠭᠠᠷ ᠰᠣᠮᠣ ᠶᠢᠨ ᠤᠤᠭᠠᠯ ᠬᠠᠷᠢᠶᠠᠲᠤ᠃ ᠬᠦᠪᠡᠭᠡᠲᠦ ᠰᠢᠷ᠎ᠠ ᠬᠤᠰᠢᠭᠤᠨ ᠤ ᠣᠣᠯ ᠤᠨ ᠬᠤᠰᠢᠭᠤ ᠠᠮᠪᠠᠨ᠂ ᠬᠠᠷᠠᠨᠤᠳ ᠣᠪᠤᠭᠲᠤ ᠢᠳᠡᠮᠵᠠᠪ ᠤᠨ ᠮᠥᠭᠳᠡᠨᠪᠦᠦ ᠭᠤᠸᠠᠢ ᠪᠣᠯ ᠲᠡᠭᠦᠨ ᠤ ᠡᠪᠦᠭᠡ ᠨᠢ ᠪᠠᠶᠢᠵᠤ᠂ ᠦᠪᠦᠷ ᠮᠤᠩᠭᠤᠯ ᠤᠨ ︽ᠮᠣᠩᠭᠤᠯ ᠡᠮ ᠡᠮᠨᠡᠯᠭᠡ︾ ᠰᠡᠳᠬᠦᠯ ᠢ ᠡᠬᠦᠰᠭᠡᠨ ᠪᠠᠶᠢᠭᠤᠯᠵᠤ᠂ ᠶᠡᠷᠦᠩᠭᠡᠢ ᠨᠠᠶᠢᠷᠠᠭᠤᠯᠤᠭᠴᠢ ᠪᠠᠷ ᠠᠵᠢᠯᠯᠠᠵᠤ ᠪᠠᠶᠢᠭᠰᠠᠨ ᠬᠠᠷᠠᠨᠤᠳ ᠤᠪᠤᠭᠲᠤ ᠮᠥᠭᠳᠡᠨᠪᠦᠦ ᠶᠢᠨ ᠰᠣᠳᠨᠠᠮᠳᠠᠷᠵᠠ ᠭᠤᠸᠠᠢ ᠪᠣᠯ ᠲᠡᠭᠦᠨ ᠤ ᠠᠪᠤ ᠨᠢ ᠪᠤᠯᠤᠨ᠎ᠠ᠃      ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠤᠶᠤᠳᠠᠨ ᠲᠡᠭᠦᠰᠴᠦ᠂ 1989 ᠣᠨ ᠳᠤ ᠶᠠᠫᠤᠨ ᠤᠯᠤᠰ ᠤᠨ ᠶᠠᠮᠠᠭᠠᠲ᠋ᠠ ᠲᠡᠭᠡ ᠰᠤᠷᠭᠠᠭᠤᠯᠢ ᠶᠢᠨ ᠲᠧᠭᠨᠢᠭ ᠤᠨ ᠤᠬᠠᠭᠠᠨ ᠤ ᠭᠡᠯᠳᠡᠰ ᠲᠤ ᠠᠨᠠᠯᠢᠰ ᠬᠢᠮᠢ ᠶᠢᠨ ᠮᠡᠷᠭᠡᠵᠢᠯ ᠢᠶᠠᠷ ᠠᠰᠫᠢᠷᠠᠨᠲ ᠰᠢᠯᠭᠠᠨ ᠤᠷᠤᠵᠠᠢ᠃ 1992 ᠣᠨ ᠳᠤ ᠶᠠᠫᠤᠨ ᠤ ᠲᠤᠤᠺᠢᠤ᠋ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠲᠧᠭᠨᠤᠯᠤᠭᠢ ᠶᠢᠨ ᠰᠠᠯᠠᠭᠠᠨ ᠳᠤ ᠡᠯᠧᠺᠲᠷᠤᠨ ᠬᠢᠮᠢ ᠶᠢᠨ ᠮᠡᠷᠭᠡᠵᠢᠯ ᠢᠶᠠᠷ ᠳ᠋ᠣᠺᠲ᠋ᠣᠷᠠᠨᠲ ᠰᠢᠯᠭᠠᠨ ᠤᠷᠤᠵᠤ᠂ 1995 ᠣᠨ ᠳᠤ ᠲᠤᠰ ᠰᠤᠷᠭᠠᠭᠤᠯᠢ ᠶᠢᠨ ᠪᠠᠶᠢᠭᠠᠯᠢ ᠶᠢᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠨ᠂ ᠰᠤᠷᠭᠠᠭᠤᠯᠢ ᠳᠠᠭᠠᠨ ᠦᠯᠡᠳᠡᠵᠦ᠂ ᠵᠤᠴᠢᠨ ᠰᠤᠳᠤᠯᠤᠭᠴᠢ ᠪᠠᠷ ᠫᠣᠰᠲ ᠳ᠋ᠣᠺᠲ᠋ᠣᠷ ᠤᠨ ᠰᠤᠳᠤᠯᠭᠠᠨ ᠢᠶᠠᠨ ᠬᠢᠵᠠᠢ᠃ 1996 ᠣᠨ ᠳᠤ ᠶᠠᠫᠤᠨ ᠤᠯᠤᠰ ᠤᠨ ᠰᠤᠳᠤᠯᠭᠠᠨ ᠤ ᠭᠠᠵᠠᠷ ᠲᠤ ᠰᠤᠳᠤᠯᠤᠭᠴᠢ ᠪᠠᠷ ᠠᠵᠢᠯᠯᠠᠵᠤ᠂ ᠲᠤᠰ ᠵᠢᠯ ᠳᠡᠭᠡᠨ ᠰᠤᠳᠤᠯᠬᠤ ᠭᠠᠵᠠᠷ ᠤᠨ ᠢᠶᠠᠨ ᠰᠢᠨ᠎ᠡ ᠪᠦᠳᠦᠭᠡᠭᠳᠡᠬᠦᠨ ᠢ ᠰᠤᠳᠤᠯᠤᠨ ᠦᠢᠯᠡᠳᠬᠦ ᠬᠡᠯᠲᠡᠰ ᠤᠨ ᠲᠠᠷᠤᠭ᠎ᠠ ᠪᠣᠯᠵᠤ ᠳᠠᠪᠰᠢᠨ᠂ 2003 ᠣᠨ ᠳᠤ ᠰᠢᠨ᠎ᠡ ᠪᠦᠳᠦᠭᠡᠭᠳᠡᠬᠦᠨ ᠰᠤᠳᠤᠯᠤᠨ ᠦᠢᠯᠡᠳᠬᠦ ᠬᠡᠯᠲᠡᠰ ᠤᠨ ᠡᠷᠬᠢᠯᠡᠭᠴᠢ᠂ ᠲᠡᠭᠡᠳᠦ ᠲᠡᠰ ᠤᠨ ᠰᠤᠳᠤᠯᠤᠭᠴᠢ ᠪᠤᠯᠤᠨ ᠲᠠᠪᠰᠢᠵᠠᠢ᠃ 2003 ᠣᠨ ᠳᠤ ︽ᠼᠤᠤ ᠬᠦᠴᠢᠯ ᠤᠨ ᠬᠡᠲᠦ ᠢᠰᠦᠯ ᠪᠠ ᠤᠰᠦᠳᠦ᠋ᠷᠦᠭᠴᠢ ᠶᠢᠨ ᠬᠡᠲᠦ ᠢᠰᠦᠯ ᠤᠨ ᠬᠡᠮᠵᠢᠬᠦᠷ ᠤᠨ ᠡᠬᠦᠳᠦᠯᠲᠡ︾ ᠪᠠᠷ ᠢᠶᠠᠨ ᠶᠠᠫᠤᠨ ᠤ ᠰᠤᠶᠤᠯ ᠤᠨ ᠶᠠᠮᠤᠨ ᠤ ᠣᠨ ᠤ ᠡᠬᠦᠳᠦᠯᠲᠡ ᠶᠢᠨ ᠬᠠᠮᠤᠭ ᠤᠨ ᠥᠨᠳᠦᠷ ᠱᠠᠩᠨᠠᠯ ᠪᠣᠯᠬᠤ ︽ᠲᠧᠵᠢᠮᠠ ᠠᠵᠤ ᠦᠢᠯᠡᠳᠪᠦᠷᠢ ᠶᠢᠨ ᠡᠬᠦᠳᠦᠯᠲᠡ ᠶᠢᠨ ᠱᠠᠩᠨᠠᠯ︾ ᠢ ᠬᠦᠷᠲᠡᠪᠡ ︵ᠲᠣᠰ ᠱᠠᠩᠨᠠᠯ ᠢ ᠬᠦᠷᠲᠡᠭᠰᠡᠨ ᠠᠩᠬᠠᠳᠠᠭᠴᠢ ᠭᠠᠳᠠᠭᠠᠳᠤ ᠶᠢᠨ ᠬᠦᠮᠦᠨ ᠪᠤᠯᠤᠨ᠎ᠠ︶᠃ 2008 ᠣᠨ ᠳᠤ ᠦᠪᠦᠷ ᠮᠣᠩᠭᠤᠯ ᠤᠨ ᠦᠨᠳᠦᠷ ᠲᠡᠰ ᠤᠨ ᠴᠢᠳᠠᠪᠦᠷᠢᠲᠠᠨ ᠢᠶᠠᠷ ᠤᠷᠢᠭᠲᠠᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠢᠷᠡᠵᠦ ᠳᠡᠳ᠋ ᠫᠷᠤᠹᠧᠰᠰᠤᠷ ᠢᠶᠠᠷ ᠠᠵᠢᠯᠯᠠᠪᠠ᠃ ᠲᠠᠷᠠᠭ᠎ᠠ ᠨᠢ᠂ ᠰᠤᠷᠭᠠᠨ ᠬᠦᠮᠦᠵᠢᠯ ᠤᠨ ᠶᠠᠮᠤᠨ ᠤ ᠨᠣᠲᠠᠯᠠᠯᠲᠠ ᠪᠠ ᠵᠥᠪᠰᠢᠶᠡᠷᠡᠯ ᠢᠶᠠᠷ ︽ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠴᠠᠭᠠᠨ ᠢᠳᠡᠭᠡᠨ ᠤ ᠴᠢᠨᠠᠷ ᠴᠢᠨᠰᠠᠭ᠎ᠠ ᠬᠤᠤᠷᠳᠠᠯ ᠦᠭᠡᠢ ᠶᠢ ᠪᠠᠳᠤᠯᠠᠬᠤ ᠮᠡᠷᠭᠡᠵᠢᠯ ᠤᠨ ᠰᠤᠷᠭᠠᠨ ᠬᠦᠮᠦᠵᠢᠯ ᠤᠨ ᠶᠠᠮᠤᠨ ᠤ ᠢᠵᠧᠨᠧᠷᠢᠩ ᠤᠨ ᠰᠤᠳᠤᠯᠭᠠᠨ ᠤ ᠲᠥᠪ︾ ᠢ ᠪᠠᠶᠢᠭᠤᠯᠵᠤ᠂ ᠰᠤᠳᠤᠯᠬᠤ ᠲᠥᠪ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃ ᠡᠨᠡ ᠬᠦ ᠲᠠᠪᠴᠠᠩ ᠢᠶᠠᠷ ᠳᠠᠮᠵᠢᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠰᠤᠳᠤᠯᠭᠠᠨ ᠤ ᠫᠷᠦᠵᠧᠺᠲ ᠭᠤᠷᠪᠠ ᠶᠢ᠂ ᠥᠪᠡᠷᠲᠡᠭᠡᠨ ᠵᠠᠰᠠᠬᠤ ᠣᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠫᠷᠦᠵᠧᠺᠲ ᠲᠥᠷᠪᠡ ᠶᠢ᠂ ᠣᠷᠤᠨ ᠨᠤᠲᠤᠭ ᠤᠨ ᠬᠦᠨᠳᠡᠯᠡᠨ ᠤ ᠰᠤᠳᠤᠯᠭᠠᠨ ᠤ ᠫᠷᠦᠵᠧᠺᠲ ᠵᠢᠷᠭᠤᠭ᠎ᠠ ᠶᠢ ᠲᠠᠭᠠᠭᠠᠴᠢᠯᠠᠨ᠂ ᠴᠠᠭᠠᠨ ᠢᠳᠡᠭᠡᠨ ᠤ ᠦᠢᠯᠡᠳᠪᠦᠷᠢ ᠳᠤ ᠴᠢᠭᠯᠡᠬᠦᠯᠦᠭᠰᠡᠨ ᠲᠤᠰᠬᠠᠢ ᠨᠠᠶᠢᠷᠠᠯᠭ᠎ᠠ ᠶᠢᠨ ᠤᠬᠢᠶᠠᠯᠭ᠎ᠠ ᠶᠢᠨ ᠪᠤᠳᠠᠰ 120 ᠲᠥᠷᠦᠯ ᠢ ᠰᠤᠳᠤᠯᠤᠨ ᠭᠠᠷᠭᠠᠵᠤ᠂ ᠨᠢᠭᠡ ᠭᠡᠰᠡᠭ ᠨᠢ ᠨᠢᠭᠡᠨᠲᠡ ᠠᠰᠢᠭᠯᠠᠯᠲᠠ ᠳᠤ ᠤᠷᠤᠵᠠᠢ᠃ ᠭᠤᠷᠪᠠᠳᠤᠭᠠᠷ ᠡᠷᠢᠨ Itaccpper ᠪᠠᠺᠲ᠋ᠧᠷᠢ ᠠᠯᠠᠬᠤ ᠮᠡᠷᠭᠡᠵᠢᠯ ᠪᠠ ᠬᠠᠮᠢᠶ᠎ᠠ ᠪᠦᠬᠦᠢ ᠲᠦᠭᠦᠭᠡᠷᠦᠮᠵᠢ ᠶᠢ ᠰᠤᠳᠤᠯᠤᠨ᠂ ᠠᠷᠢᠭᠤᠳᠬᠠᠭᠴᠢ ᠶᠢᠨ ᠢᠯᠵᠢᠷᠡᠬᠦᠯᠬᠦ ᠴᠢᠨᠠᠷ ᠤᠨ ᠬᠦᠴᠢᠷ ᠠᠰᠠᠭᠤᠳᠠᠯ ᠢ ᠰᠢᠢᠳᠪᠦᠷᠢᠯᠡᠵᠡᠢ᠃ ᠲᠡᠬᠦᠨ ᠤ ᠰᠤᠳᠤᠯᠭᠠᠨ ᠤ ᠦᠷ᠎ᠡ ᠪᠦᠳᠦᠭᠡᠯ ᠨᠢ ᠲᠤᠰ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠲᠡᠯᠡᠭᠡᠢ ᠶᠢᠨ ᠲᠡᠷᠢᠬᠦᠨ ᠪᠠᠶᠢᠷᠢᠨ ᠳᠤ ᠲᠤᠳᠤᠷᠠᠨ᠂ ᠡᠮ ᠡᠮᠨᠡᠯᠭᠡ᠂ ᠢᠳᠡᠭᠡᠨ ᠪᠤᠯᠪᠠᠰᠤᠷᠠᠭᠤᠯᠬᠤ᠂ ᠬᠥᠳᠡᠭᠡ ᠠᠵᠤ ᠠᠬᠤᠢ ᠵᠡᠷᠭᠡ ᠣᠷᠴᠢᠨ ᠳᠤ ᠪᠦᠳᠦᠭᠡᠭᠳᠡᠬᠦᠨ ᠢᠶᠠᠷ ᠬᠡᠷᠡᠭᠯᠡᠭᠳᠡᠵᠦ᠂ ᠠᠵᠤ ᠠᠬᠤᠢ ᠶᠢᠨ ᠠᠰᠢᠭ ᠢᠶᠠᠷ ᠥᠨᠳᠦᠷ ᠮᠦᠷᠲᠡᠭᠡᠨ ᠨᠡᠶᠢᠭᠡᠮ ᠤᠨ ᠲᠤᠰᠬᠠᠯ ᠮᠠᠰᠢ ᠰᠠᠶᠢᠨ ᠪᠠᠶᠢᠪᠠ᠃ 2013 ᠣᠨ ᠳᠤ ︽ᠥᠪᠦᠷ ᠮᠤᠩᠭᠤᠯ ᠤᠨ ᠢᠳᠡᠭᠡᠨ ᠤ ᠪᠤᠯᠪᠠᠰᠤᠷᠠᠭᠤᠯᠤᠯᠲᠠ ᠳᠠᠬᠢ ᠤᠬᠢᠶᠠᠨ ᠠᠷᠢᠭᠤᠳᠬᠠᠬᠤ ᠮᠡᠷᠭᠡᠵᠢᠯ ᠤᠨ ᠰᠤᠳᠤᠯᠭᠠᠨ ᠤ ᠲᠥᠪ︾ ᠶᠢ ᠪᠠᠶᠢᠭᠤᠯᠤᠨ ᠡᠷᠬᠢᠯᠡᠭᠴᠢ ᠪᠠᠷ ᠠᠵᠢᠯᠯᠠᠪᠠ᠃ 2016 ᠣᠨ ᠳᠤ ᠲᠤᠮᠳᠠᠳᠤ ᠤᠯᠤᠰ ᠤᠨ ᠰᠠᠨᠰᠠᠷ ᠤᠨ ᠲᠧᠭᠨᠢᠭ ᠤᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠲᠥᠪ ᠤᠨ ᠠᠬᠠᠯᠠᠭᠴᠢ ᠰᠤᠳᠤᠯᠤᠭᠴᠢ᠂ ᠪᠤᠬᠢᠷᠳᠤᠯ ᠦᠭᠡᠢ ᠴᠡᠪᠡᠷᠯᠡᠭᠡᠨ ᠤ ᠰᠤᠳᠤᠯᠭᠠᠨ ᠤ ᠴᠢᠭᠯᠡᠯ ᠤᠨ ᠰᠤᠳᠤᠯᠭᠠᠨ ᠤ ᠲᠠᠭᠠᠭᠤᠯᠤᠭᠴᠢ ᠪᠠᠷ ᠠᠵᠢᠯᠯᠠᠨ ᠲᠡᠷᠡ ᠰᠤᠳᠤᠯᠭᠠᠨ ᠤ ᠪᠠᠭ ᠤᠨ ᠬᠢᠨ ᠲᠠᠢ ᠬᠠᠮᠲᠤ ᠲᠡᠭᠡᠳᠦ ᠠᠰᠢᠭᠯᠠᠮᠵᠢᠲᠤ ᠴᠢᠩᠭ᠎ᠠ ᠱᠦᠯᠳᠦᠯᠢᠭ ᠬᠠᠲᠠᠭᠤ ᠪᠡᠶᠡᠳᠦ ᠤᠭᠢᠶᠠᠭᠴᠢ ᠡᠳ᠋᠂ ᠠᠽᠤᠲ ᠬᠦᠴᠢᠯ ᠤᠨ ᠬᠠᠲᠠᠭᠤ ᠪᠡᠶᠡᠲᠦ ᠤᠬᠢᠶᠠᠭᠴᠢ ᠡᠳ᠋᠂ ᠠᠽᠦᠲ ᠬᠦᠴᠢᠯ ᠤᠨ ᠬᠠᠲᠠᠭᠤ ᠪᠡᠶᠡᠲᠦ ᠬᠠᠮ ᠤᠬᠢᠶᠠᠭᠴᠢ ᠵᠡᠷᠭᠡ ᠲᠤᠯᠤᠭᠠᠨ ᠲᠥᠷᠦᠯ ᠤᠨ ᠨᠡᠷᠡᠲᠦ ᠪᠦᠳᠦᠭᠡᠭᠳᠡᠬᠦᠨ ᠢ ᠡᠬᠦᠳᠦᠨ᠂ ᠰᠤᠳᠤᠯᠭᠠᠨ ᠤ ᠬᠦᠴᠢᠷ ᠠᠰᠠᠭᠤᠳᠠᠯ ᠢ ᠰᠢᠢᠳᠪᠦᠷᠢᠯᠡᠨ ᠠᠰᠢᠭᠯᠠᠯᠲᠠ ᠳᠤ ᠤᠷᠤᠭᠤᠯᠵᠠᠢ᠃ ᠲᠡᠳᠬᠦᠨ ᠤ ᠪᠦᠳᠦᠭᠡᠭᠳᠡᠬᠦᠨ ᠭᠠᠳᠠᠭᠠᠲᠤ ᠶᠢᠨ ᠢᠵᠢᠯ ᠲᠥᠷᠦᠯ ᠤᠨ ᠪᠦᠳᠦᠭᠡᠭᠳᠡᠬᠦᠨ ᠢ ᠢᠯᠡᠳᠳᠡ ᠳᠠᠪᠠᠵᠤ᠂ ᠭᠠᠳᠠᠭᠠᠳᠤ ᠶᠢᠨ ᠠᠵᠤ ᠠᠬᠤᠶᠢᠯᠠᠯ ᠤᠨ ᠭᠠᠭᠴᠠᠭᠠᠷ ᠡᠵᠡᠮᠰᠢᠯ ᠤᠨ ᠪᠠᠶᠢᠳᠠᠯ ᠢ ᠡᠪᠳᠡᠵᠦ ᠡᠷᠢᠨ ᠵᠠᠭᠠᠭᠯᠠᠭᠰᠠᠨ ᠪᠦᠳᠦᠭᠡᠭᠳᠡᠬᠦᠨ ᠬᠡᠮᠡᠨ ᠦᠨᠡᠯᠡᠭᠳᠡᠵᠡᠢ᠃ ᠲᠡᠷᠡ 2016 ᠣᠨ ᠳᠤ ᠥᠪᠦᠷ ᠮᠤᠩᠭᠤᠯ ᠤᠨ ᠱᠢ ᠠᠨ ᠲᠧᠭᠨᠢᠭ ᠮᠡᠷᠭᠡᠵᠢᠯ ᠤᠨ ᠬᠤᠪᠢ ᠤᠷᠤᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢ ᠪᠠᠶᠢᠭᠤᠯᠤᠨ ᠬᠡᠷᠡᠭ ᠮᠡᠳᠡᠭᠴᠢ ᠶᠢᠨ ᠲᠠᠷᠤᠭ᠎ᠠ ᠪᠠ ᠶᠡᠷᠦᠩᠭᠡᠢ ᠵᠠᠬᠢᠷᠦᠯ ᠤᠨ ᠠᠵᠢᠯ ᠢ ᠬᠠᠷᠢᠭᠤᠴᠠᠪᠠ᠃ ᠲᠤᠰ ᠺᠤᠮᠫᠠᠨᠢ ᠨᠢ ᠢᠳᠡᠭᠡᠨ ᠤ ᠪᠤᠯᠪᠠᠰᠤᠷᠠᠭᠤᠯᠤᠯᠲᠠ ᠶᠢᠨ ᠠᠵᠤ ᠦᠢᠯᠡᠳᠪᠦᠷᠢ ᠳᠤ ᠬᠡᠷᠡᠭᠯᠡᠬᠦ ᠲᠤᠭ᠎ᠠ᠂ ᠴᠡᠪᠡᠷᠯᠡᠭᠴᠢ ᠡᠳ᠋᠂ ᠠᠷᠢᠭᠤᠳᠬᠠᠭᠴᠢ ᠵᠡᠷᠭᠡ ᠬᠠᠮᠢᠶ᠎ᠠ ᠪᠦᠬᠦᠢ ᠪᠠᠶᠢᠴᠠᠭᠠᠨ ᠬᠡᠮᠵᠢᠬᠦ ᠲᠦᠬᠦᠭᠡᠷᠦᠮᠵᠢ ᠶᠢ ᠰᠤᠳᠤᠯᠤᠨ ᠦᠢᠯᠡᠳᠪᠦᠷᠢᠯᠡᠵᠦ ᠪᠤᠷᠤᠯᠠᠭᠤᠯᠵᠤ ᠪᠤᠢ᠃ᠰᠡᠳᠬᠢᠯ ᠤᠨ ᠵᠠᠬᠢᠶᠠᠰᠤ᠄ ︽ᠭᠠᠵᠠᠷ ᠤᠨ ᠵᠢᠷᠤᠭ ᠲᠡᠭᠡᠷ᠎ᠡ ᠠᠴᠠ ᠡᠷᠢᠬᠦ ᠳᠤ ᠨᠤᠲᠤᠭ ᠭᠡᠵᠦ ᠭᠠᠭᠴᠠᠬᠠᠨ ᠲᠤᠰᠤᠯ ᠨᠢᠯᠪᠤᠰᠤ︾ ᠭᠡᠳᠡᠭ ᠦᠭᠡ ᠪᠣᠯ ᠮᠢᠨᠤ ᠬᠠᠮᠤᠭ ᠠᠴᠠ ᠪᠠᠭ᠋ᠠᠷᠬᠠᠳᠠᠭ ᠦᠭᠡ ᠪᠤᠯᠤᠨ᠎ᠠ᠃
 
ᠢᠷᠡᠯᠲᠡ᠄ ︽ᠳ᠋ᠣᠺᠲ᠋ᠣᠷ ᠤᠨ ᠦᠯᠦᠭᠡᠢ- ᠬᠦᠪᠡᠭᠡᠲᠦ ᠰᠢᠷ᠎ᠠ ᠬᠤᠰᠢᠭᠤ︾ ᠠᠴᠠ ᠰᠡᠶᠢᠷᠡᠬᠦᠯᠪᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号