ᠬᠦᠪᠡᠭᠡᠲᠦ ᠰᠢᠷ᠎ᠠ ᠬᠤᠰᠢᠭᠤ ᠲᠤᠮᠳᠠᠳᠤ ᠤᠯᠤᠰ ᠤᠨ ᠬᠠᠮᠤᠭ ᠤᠨ ᠲᠤᠮᠤ ︽ᠴᠠᠭᠠᠨ ᠢᠳᠡᠭᠡᠨ ᠤ ᠶᠤᠰᠤᠯᠠᠯ ᠤᠨ ᠲᠠᠪᠠᠭ︾ ᠢ ᠬᠢᠵᠤ ᠪᠦᠳᠦᠭᠡᠪᠡ
ᠨᠡᠶᠢᠲᠡᠯᠡᠭᠰᠡᠨ ᠴᠠᠭ᠄
2020/11/6
    10 ᠳ᠋ᠤᠭᠠᠷ ᠰᠠᠷ᠎ᠠ ᠶᠢᠨ 17 ᠤ ᠡᠳᠦᠷ᠂ ᠲᠤᠮᠳᠠᠳᠤ ᠤᠯᠤᠰ ᠤᠨ ᠬᠠᠮᠤᠭ ᠤᠨ ᠲᠤᠮᠤ ︽ᠴᠠᠭᠠᠨ ᠢᠳᠡᠭᠡᠨ ᠤ ᠶᠤᠰᠤᠯᠠᠯ ᠤᠨ ᠲᠠᠪᠠᠭ︾ ᠢ ᠬᠦᠪᠡᠭᠡᠲᠦ ᠰᠢᠷ᠎ᠠ ᠬᠤᠰᠢᠭᠤᠨ ᠳᠤ ᠬᠢᠵᠤ ᠪᠦᠳᠦᠭᠡᠪᠡ᠃ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠤᠨ ᠤ ᠳᠡᠳ᠋ ᠲᠡᠷᠢᠬᠦᠯᠡᠭᠴᠢ ᠡᠸᠦ ᠶᠠᠩ ᠰᠢᠶᠤᠤ ᠡᠾᠦ᠋ᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠡᠾᠦ᠋ᠸᠧ ᠵᠤᠤ ᠯᠢᠶᠠᠩ ᠵᠡᠷᠭᠡ ᠤᠳᠤᠷᠢᠳᠤᠯᠭ᠎ᠠ ᠱᠠᠩᠨᠠᠯ ᠣᠯᠭᠤᠬᠤ ᠶᠤᠰᠤᠯᠠᠯ ᠳᠤ ᠤᠷᠤᠯᠴᠠᠵᠠᠢ᠃     ᠲᠤᠮᠳᠠᠳᠤ ᠤᠯᠤᠰ ᠤᠨ ᠬᠠᠮᠤᠭ ᠤᠨ ᠲᠤᠮᠤ ︽ᠴᠠᠭᠠᠨ ᠢᠳᠡᠭᠡᠨ ᠤ ᠶᠤᠰᠤᠯᠠᠯ ᠤᠨ ᠲᠠᠪᠠᠭ︾ ᠢ ᠬᠦᠪᠡᠭᠡᠲᠦ ᠰᠢᠷ᠎ᠠ ᠬᠤᠰᠢᠭᠤᠨ ᠤ ︽ᠲᠠᠯ᠎ᠠ ᠨᠤᠲᠤᠭ ᠤᠨ ᠦᠨᠦᠷ ᠠᠮᠳᠠᠳᠤ ᠴᠠᠭᠠᠨ ᠢᠳᠡᠭᠡᠨ ᠤ ᠳᠡᠯᠭᠡᠬᠦᠷ︾ ᠬᠢᠵᠤ᠂ ᠰᠠᠭᠤᠷᠢ ᠬᠡᠰᠡᠭ ᠤᠨ ᠳ᠋ᠢᠶᠠᠮᠧᠲᠷ ᠨᠢ 1.6 ᠮᠧᠲᠷ᠂ ᠤᠷᠤᠢ ᠶᠢᠨ ᠳ᠋ᠢᠶᠠᠮᠧᠲᠷ ᠨᠢ 0.2 ᠮᠧᠲᠷ᠂ ᠦᠨᠳᠦᠷ ᠨᠢ 0.99 ᠮᠧᠲᠷ ᠪᠠᠶᠢᠵᠤ᠂ ᠨᠠᠶᠢᠲᠡ 211 ᠬᠡᠰᠡᠭ ᠬᠡᠪ ᠤᠨ ᠬᠤᠷᠤᠳ ᠢᠶᠠᠷ ᠪᠦᠷᠢᠯᠳᠦᠵᠡᠢ᠃ ᠲᠤᠰ ︽ᠴᠠᠭᠠᠨ ᠢᠳᠡᠭᠡᠨ ᠤ ᠶᠤᠰᠤᠯᠠᠯ ᠤᠨ ᠲᠠᠪᠠᠭ︾ ᠢ ᠬᠢᠬᠦ ᠳᠤ 2 ᠲᠥᠮᠡ ᠪᠦᠭᠡᠳ 499 ᠺᠢᠯᠤᠭ᠍ᠷᠡᠮ ᠰᠢᠨ᠎ᠡ ᠰᠦ ᠬᠡᠷᠡᠭᠯᠡᠵᠦ᠂ ᠪᠦᠳᠦᠭᠡᠭᠳᠡᠬᠦᠨ ᠤ ᠶᠡᠷᠦᠩᠭᠡᠢ ᠬᠦᠨᠳᠦ ᠶᠢᠨ ᠬᠡᠮᠵᠢᠶ᠎ᠡ ᠨᠢ 1366.6 ᠺᠢᠯᠤᠭ᠍ᠷᠡᠮ ᠲᠤ ᠬᠦᠷᠴᠦ᠂ ᠬᠠᠮᠤᠭ ᠰᠢᠨ᠎ᠡ ︽ᠬᠢᠨᠢᠰ ᠤᠨ ᠳᠡᠮᠳᠡᠭᠯᠡᠯ︾ ᠲᠤ ᠵᠢᠭᠰᠠᠭᠠᠭᠳᠠᠵᠠᠢ᠃
 
ᠢᠷᠡᠯᠲᠡ᠄ ᠬᠦᠪᠡᠭᠡᠲᠦ ᠰᠢᠷ᠎ᠠ ᠬᠣᠢᠰᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号