ᠪᠦᠬᠦ ᠬᠤᠰᠢᠭᠤᠨ ᠤ ᠰᠢᠨ᠎ᠡ ᠳᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠣᠬᠰᠠᠨ
ᠨᠡᠶᠢᠲᠡᠯᠡᠭᠰᠡᠨ ᠴᠠᠭ᠄
2020/11/9
     11ᠰᠠᠷ᠎ᠠ ᠶᠢᠨ 2᠎ ᠤ ᠡᠳᠦᠷ᠂ ᠪᠦᠬᠦ ᠬᠤᠰᠢᠭᠤᠨ ᠤ ᠰᠢᠨ᠎ᠡ ᠳᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠣᠵᠦ᠂ ᠬᠠᠮᠢᠶᠠᠳᠠᠢ ᠠᠵᠢᠯ ᠢ ᠪᠠᠶᠢᠷᠢᠯᠠᠭᠤᠯᠵᠠᠢ᠃      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠲᠤ  ᠬᠤᠷᠠᠯ ᠢ  ᠡᠷᠭᠢᠯᠢᠡᠵᠦ᠂ ᠬᠤᠰᠢᠭᠤᠨ ᠤ ᠤᠳᠤᠷᠢᠳᠤᠯᠭ᠎ᠠ ᠯᠢ ᠭᠤᠸᠠᠩ ᠵᠢᠶᠦ᠋ᠨ᠂ ᠲᠤᠯᠭᠠᠭᠤᠷᠢ᠂ ᠪᠠᠭᠠᠲᠤᠷ᠂ ᠤᠷᠠᠩᠭᠤᠸ᠎ᠠ ᠵᠢᠴᠢ ᠬᠠᠮᠢᠶᠠᠳᠠᠢ ᠨᠢᠭᠡᠴᠡ ᠶᠢᠨ ᠬᠢᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ ᠬᠤᠪᠢᠰᠬᠠᠯᠳᠣ ᠶᠠᠷᠢᠶ᠎ᠠ ᠭᠢᠵᠦ᠂ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠡᠯ᠎ᠡ ᠵᠦᠢᠯ ᠤᠨ ᠠᠵᠢᠯ ᠢ ᠪᠦᠬᠦ ᠬᠦᠴᠥᠨ ᠢᠶᠠᠷ ᠢᠶᠠᠨ ᠰᠠᠶᠢᠳᠤᠷ ᠬᠢᠵᠥ᠂ ᠶᠡᠷᠥᠩᠬᠡᠢ ᠱᠦᠵᠢ ᠰᠢ ᠶᠢᠨ ᠫᠢᠩ ᠤᠨ ᠰᠢᠨ᠎ᠡ ᠳᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠠᠢ ᠴᠢᠬᠤᠯᠠ ᠵᠢᠭᠠᠪᠤᠷᠢ᠂ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠤ᠂ ᠦᠪᠡᠷᠳᠡᠭᠡᠨ ᠵᠠᠰᠠᠬᠤ ᠤᠷᠤᠨ᠂ ᠠᠶᠢᠮᠠᠭ᠂ ᠬᠤᠰᠢᠭᠤᠨ ᠤ ᠵᠢᠯᠤᠭᠤᠳᠬᠤ ᠭᠠᠵᠠᠷ ᠤᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠬᠦᠴᠥᠨ ᠢᠶᠠᠷ ᠢᠶᠠᠨ ᠨᠠᠶᠢᠳᠠᠪᠤᠷᠢᠵᠢᠭᠤᠯᠤᠨ᠂ ᠠᠷᠠᠳ ᠤᠯᠠᠨ ᠤ ᠡᠷᠡᠭᠦᠯ ᠮᠡᠨᠳᠦ ᠶᠢ ᠬᠠᠮᠠᠭᠠᠯᠠᠬᠤ ᠭᠡᠷᠡᠭᠳᠡᠢ ᠭᠡᠵᠦ ᠴᠢᠬᠤᠯᠠᠴᠢᠯᠠᠵᠠᠢ᠃      ᠬᠤᠪᠢᠰᠬᠠᠯᠳᠣ ᠠᠴᠠ᠂ ᠡᠯ᠎ᠡ ᠲᠠᠯ᠎ᠠ ᠶᠢᠨ ᠰᠡᠷᠭᠡᠶᠢᠯᠡᠨ ᠡᠵᠮᠡᠳᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠨᠢᠭᠡᠴᠡ ᠨᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠶᠢ ᠳᠠᠷᠤᠢ ᠲᠦᠷᠭᠡᠨ ᠲᠣᠮᠢᠯᠠᠵᠦ᠂ ᠡᠯ᠎ᠡ ᠰᠤᠮᠤ ᠪᠠᠯᠭᠠᠰᠤ ᠨᠢ ᠬᠠᠮᠢᠶᠠᠷᠤᠯᠲᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠤᠨ ᠬᠢᠵᠢᠭ ᠤᠨ ᠤᠷᠤᠨ ᠠᠴᠠ ᠢᠷᠡᠭᠰᠡᠨ ᠪᠤᠶᠤ ᠪᠤᠴᠠᠬᠤ ᠪᠠᠶᠢᠳᠠᠯ ᠢ ᠬᠢᠨᠠᠨ ᠡᠵᠡᠮᠳᠡᠬᠦ ᠳᠤᠭᠤᠶᠢᠯᠠᠩ ᠪᠠ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠳᠤ ᠳᠠᠷᠤᠢ ᠲᠦᠷᠭᠡᠨ ᠮᠡᠳᠡᠭᠦᠯᠬᠦ ᠬᠡᠷᠡᠭᠲᠡᠢ᠃ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︿︿ᠭᠠᠳᠠᠨ᠎ᠠ ᠠᠴᠠ ᠬᠠᠯᠳᠠᠪᠣᠷᠢᠯᠠᠬᠤ ᠶᠢ ᠰᠡᠷᠭᠡᠶᠢᠯᠭᠦ ᠪᠠ ᠳᠣᠲᠤᠭᠠᠳᠤ ᠶᠢᠨ ᠰᠡᠷᠭᠡᠶᠢᠯᠡᠨ ᠬᠠᠮᠠᠭᠠᠯᠠᠯᠳᠠ﹀﹀᠎ ᠶᠢ ᠪᠠᠳᠣᠯᠠᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠤᠷᠢᠬᠯᠠᠬᠤ ᠠᠵᠢᠯ ᠤᠨ ᠪᠦᠲᠦᠴᠡ ᠶᠢ ᠪᠤᠢ ᠪᠣᠯᠭᠠᠬᠤ ᠭᠡᠷᠡᠭᠳᠡᠢ ᠭᠡᠵᠦ ᠱᠠᠭᠠᠷᠳᠠᠵᠠᠢ᠃      ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠳᠠᠷᠤᠭ᠎ᠠ ᠤᠷᠠᠩᠭᠤᠸ᠎ᠠ ᠠᠴᠠ᠂ ᠦᠪᠡᠷᠳᠡᠭᠡᠨ ᠵᠠᠰᠠᠬᠤ ᠤᠷᠤᠨ ᠤ ︿︿1+8﹀﹀ ᠠᠵᠢᠯ ᠤᠨ ᠲᠦᠰᠦᠯ ᠢ ᠨᠠᠷᠢᠨ ᠨᠢᠮᠪᠠᠢ ᠤᠩᠰᠢᠨ ᠲᠠᠶᠢᠯᠪᠤᠷᠢᠯᠠᠭᠰᠠᠨ ᠪᠦᠭᠡᠳ᠂ ︿︿ᠪᠦᠬᠦ ᠤᠷᠤᠨ ᠤ ᠰᠢᠨ᠎ᠡ ᠳᠢᠲᠢᠮᠯᠢᠭ ᠠᠭᠤᠰᠬᠢᠨ ᠦᠷᠪᠢᠰᠦᠯ ᠪᠠ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ﹀﹀ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃  
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号