ᠬᠦᠪᠡᠭᠡᠲᠦ ᠰᠢᠷ᠎ᠠ ᠬᠤᠰᠢᠭᠤ ︽ᠴᠠᠬᠠᠷ ᠬᠤᠨᠢᠨ︾ ᠤ ᠠᠵᠤ ᠦᠢᠯᠡᠰ ᠢ ᠣᠳᠤ ᠦᠶ᠎ᠡ ᠶᠢᠨ ᠮᠠᠯ ᠠᠵᠤ ᠠᠬᠤᠢ ᠶᠢ ᠬᠦᠭᠵᠢᠬᠦᠯᠬᠦ ︽ᠲᠠᠭᠠᠭᠤᠯᠤᠭᠴᠢ︾ ᠪᠤᠯᠭᠠᠬᠤ ᠪᠠᠷ ᠴᠢᠷᠮᠠᠶᠢᠵᠤ ᠪᠤᠢ
ᠨᠡᠶᠢᠲᠡᠯᠡᠭᠰᠡᠨ ᠴᠠᠭ᠄
2020/11/9
     ᠬᠦᠪᠡᠭᠡᠲᠦ ᠰᠢᠷ᠎ᠠ ᠬᠤᠰᠢᠭᠤ ︽ᠴᠠᠬᠠᠷ ᠬᠤᠨᠢ︾ ᠶᠢᠨ ᠨᠡᠷᠡᠲᠦ ᠳᠡᠮᠳᠡᠭᠳᠦ ᠶᠢᠨ ᠣᠷᠤᠨ ᠨᠤᠲᠤᠭ ᠤᠨ ᠲᠠᠪᠠᠭᠤᠯᠢᠭ ᠲᠠᠭᠠᠨ ᠲᠥᠰᠢᠭᠯᠡᠵᠦ᠂ ᠴᠠᠬᠠᠷ ᠬᠤᠨᠢᠨ ᠤ ᠰᠠᠶᠢᠨ ᠡᠬᠦᠯᠳᠡᠷ ᠢ ᠦᠷᠡᠵᠢᠬᠦᠯᠦᠨ ᠪᠣᠶᠢᠵᠢᠭᠤᠯᠬᠤ ᠢᠨᠵᠧᠨᠧᠷᠢᠩ ᠢ ᠢᠳᠡᠪᠬᠢᠳᠡᠢ ᠬᠡᠷᠡᠭᠵᠢᠬᠦᠯᠦᠨ᠂ ᠭᠠᠳᠠᠨ᠎ᠠ ᠠᠴᠠ ᠰᠢᠯᠢᠳᠡᠭ ᠡᠬᠦᠯᠳᠡᠷ ᠤᠨ ᠮᠢᠬ᠎ᠠ ᠨᠤᠤᠰᠤᠨ ᠤ ᠬᠤᠣᠰ ᠬᠡᠷᠡᠭᠴᠡᠭᠡᠲᠦ ᠬᠤᠨᠢ ᠤᠷᠤᠭᠤᠯᠵᠤ ᠠᠪᠴᠢᠷᠠᠬᠤ ᠪᠠ ᠬᠦᠮᠦᠨ ᠤ ᠬᠦᠴᠦᠨ ᠤ ᠬᠦᠪᠦᠷᠡᠯ ᠰᠢᠯᠵᠢᠬᠦᠯᠵᠦ ᠡᠷᠯᠢᠰᠵᠢᠬᠦᠯᠦᠨ ᠡᠬᠦᠯᠳᠡᠷ ᠰᠠᠶᠢᠵᠢᠷᠠᠭᠤᠯᠬᠤ ᠮᠡᠷᠭᠡᠵᠢᠯ ᠢ ᠠᠰᠢᠭᠯᠠᠵᠤ᠂ ᠴᠠᠬᠠᠷ ᠬᠤᠨᠢ ᠲᠡᠵᠢᠭᠡᠨ ᠦᠷᠡᠵᠢᠬᠦᠯᠬᠦ ᠠᠵᠤ ᠠᠬᠤᠢ ᠶᠢᠨ ᠦᠷ᠎ᠡ ᠠᠰᠢᠭ ᠢ ᠦᠷᠬᠦᠯᠵᠢᠯᠡᠨ ᠴᠢᠷᠮᠠᠶᠢᠨ ᠨᠡᠮᠡᠭᠳᠡᠬᠦᠯᠵᠦ ᠪᠠᠶᠢᠨ᠎ᠠ᠃      ᠣᠶᠢᠷ᠎ᠠ ᠶᠢᠨ ᠡᠳᠦᠷ᠂ ᠰᠣᠷᠪᠤᠯᠵᠢᠯᠠᠭᠴᠢ ᠬᠦᠪᠡᠭᠡᠲᠦ ᠰᠢᠷ᠎ᠠ ᠬᠤᠰᠢᠭᠤᠨ ᠤ ᠴᠠᠬᠠᠷ ᠬᠤᠨᠢᠨ ᠤ ᠦᠷ᠎ᠡ ᠶᠢᠨ ᠮᠠᠯ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠲᠤ ᠬᠦᠷᠬᠦ ᠳᠤ᠂ ᠬᠦᠪᠦᠷᠡᠯ ᠰᠢᠯᠵᠢᠬᠦᠯᠬᠦ ᠮᠡᠰᠡ ᠵᠠᠰᠠᠯ ᠤᠨ ᠲᠠᠰᠤᠭ ᠲᠤ᠂ ᠮᠠᠯ ᠠᠵᠤ ᠠᠬᠤᠢ ᠶᠢᠨ ᠠᠵᠢᠯᠯᠠᠬᠤ ᠥᠷᠳᠡᠭᠡᠨ ᠤ ᠮᠡᠷᠭᠡᠵᠢᠯ ᠤᠨ ᠠᠵᠢᠯᠲᠠᠳ ᠶᠠᠭ ᠡᠬᠡ ᠮᠠᠯ ᠳᠤ ᠬᠦᠪᠦᠷᠡᠯ ᠰᠢᠯᠵᠢᠬᠦᠯᠬᠦ ᠪᠠᠷ ᠶᠠᠭᠠᠷᠠᠯᠲᠠᠢ ᠠᠵᠢᠯᠯᠠᠵᠤ ᠪᠠᠶᠢᠯ᠎ᠠ᠃
         ᠲᠣᠰ ᠤᠳᠠᠭᠠᠨ ᠤ ᠬᠦᠪᠦᠷᠡᠯ ᠰᠢᠯᠵᠢᠬᠦᠯᠵᠦ ᠡᠬᠦᠯᠳᠡᠷ ᠰᠣᠩᠭᠤᠨ ᠪᠣᠶᠢᠵᠢᠭᠤᠯᠬᠤ ᠠᠵᠢᠯ ᠢ ᠬᠦᠪᠡᠭᠡᠲᠦ ᠰᠢᠷ᠎ᠠ ᠬᠤᠰᠢᠭᠤᠨ ᠤ ᠮᠠᠯ ᠠᠵᠤ ᠠᠬᠤᠢ ᠶᠢᠨ ᠠᠵᠢᠯᠯᠠᠬᠤ ᠥᠷᠲᠡᠭᠡ ᠪᠠ ᠰᠢᠯᠢ ᠶᠢᠨ ᠭᠤᠣᠯ ᠠᠶᠢᠮᠠᠭ ᠤᠨ ᠮᠠᠯ ᠠᠵᠤ ᠠᠬᠤᠢ ᠶᠢᠨ ᠠᠵᠢᠯᠯᠠᠬᠤ ᠦᠷᠳᠡᠭᠡᠨ ᠤ ᠮᠡᠷᠭᠡᠵᠢᠯᠲᠡᠳ ᠬᠠᠮᠳᠤᠷᠠᠨ ᠶᠠᠪᠤᠭᠳᠠᠭᠤᠯᠵᠤ᠂ 2019 ᠣᠨ ᠳᠤ ᠰᠣᠩᠭᠤᠨ ᠤᠷᠤᠭᠤᠯᠤᠭᠰᠠᠨ ᠴᠡᠪᠡᠷ ᠡᠬᠦᠯᠳᠡᠷ ᠤᠨ ᠭᠧᠷᠮᠡᠨ ᠤ ᠮᠢᠬ᠎ᠠ ᠨᠤᠤᠰᠤᠨ ᠤ ᠬᠤᠣᠰ ᠬᠡᠷᠡᠭᠴᠡᠭᠡᠲᠦ ᠦᠷ᠎ᠡ ᠶᠢᠨ ᠮᠠᠯ ᠪᠣᠯᠣᠨ ᠡᠬᠡ ᠮᠠᠯ ᠢ ᠰᠣᠩᠭᠤᠨ ᠬᠡᠷᠡᠭᠯᠡᠵᠦ᠂ ᠲᠥᠪᠯᠡᠷᠡᠬᠦᠯᠦᠨ ᠲᠡᠵᠢᠭᠡᠯ ᠨᠦᠭᠦᠪᠦᠷᠢᠯᠡᠬᠦ᠂ ᠨᠠᠷᠢᠯᠢᠭ ᠪᠤᠷᠳᠤᠬᠤ᠂ ᠴᠢᠰᠤᠨ ᠴᠡᠶᠢᠪᠡᠩ ᠲᠠᠷᠢᠬᠤ ᠵᠡᠷᠭᠡ ᠡᠮᠦᠨᠡᠬᠢ ᠬᠤᠭᠤᠴᠭᠠᠠᠨ ᠤ ᠪᠡᠯᠡᠳᠭᠡᠯ ᠠᠵᠢᠯ ᠢ ᠲᠣᠶᠢᠯᠪᠦᠷᠢᠲᠠᠢ ᠬᠦᠢᠴᠡᠳᠭᠡᠭᠰᠡᠨ ᠰᠠᠭᠤᠷᠢᠨ ᠲᠡᠭᠡᠷ᠎ᠡ᠂ ᠣᠶᠢᠷ᠎ᠠ ᠶᠢᠨ ᠡᠳᠦᠷ ᠶᠠᠭ ᠡᠬᠡ ᠮᠠᠯ ᠳᠤ ᠮᠡᠰᠡ ᠵᠠᠰᠠᠯ ᠢᠶᠠᠷ ᠳᠠᠮᠵᠢᠨ ᠬᠦᠪᠦᠷᠡᠯ ᠰᠢᠯᠵᠢᠬᠦᠯᠬᠦ ᠠᠵᠢᠯ ᠢ ᠶᠠᠪᠤᠭᠳᠠᠭᠤᠯᠵᠤ᠂ ᠢᠷᠡᠬᠦ‍ ᠨᠢᠭᠡ ᠭᠠᠷᠠᠭ ᠤᠨ ᠬᠤᠭᠤᠴᠠᠭᠠᠨ ᠳᠤ 300 ᠭᠠᠷᠤᠢ ᠡᠬᠡ ᠮᠠᠯ ᠳᠤ ᠬᠦᠪᠦᠷᠡᠯ ᠰᠢᠯᠵᠢᠬᠦᠯᠬᠦ ᠠᠵᠢᠯ ᠢ ᠬᠦᠢᠴᠡᠳᠭᠡᠬᠦ ᠪᠤᠯᠤᠨ᠎ᠠ᠃
         ᠣᠶᠢᠷ᠎ᠠ ᠶᠢᠨ ᠵᠢᠯ᠂ ᠬᠦᠪᠡᠭᠡᠲᠦ ᠰᠢᠷ᠎ᠠ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠶᠢᠨ ᠲᠦᠯᠦᠭᠡ᠂ ︽ᠴᠠᠬᠠᠷ ᠬᠤᠨᠢ︾ ᠶᠢᠨ ᠨᠡᠷᠡᠲᠦ ᠲᠡᠮᠳᠡᠭᠳᠦ ᠶᠢᠨ ᠲᠠᠪᠠᠭᠤᠯᠢᠭ ᠲᠤ ᠲᠦᠰᠢᠭᠯᠡᠨ᠂ ᠴᠠᠬᠠᠷ ᠬᠤᠨᠢᠨ ᠤ ᠶᠠᠰᠤ ᠴᠢᠨᠠᠷ ᠢ ᠲᠡᠭᠡᠭᠰᠢᠯᠡᠬᠦᠯᠵᠦ᠂ ᠡᠬᠦᠯᠳᠡᠷ ᠰᠠᠶᠢᠵᠢᠷᠠᠭᠤᠯᠬᠤ ᠠᠵᠢᠯ ᠢ ᠲᠦᠷᠭᠡᠳᠬᠡᠵᠦ᠂ ᠵᠠᠰᠠᠭ ᠤᠨ ᠣᠷᠳᠤᠨ ᠠᠴᠠ ᠪᠡᠯᠡ ᠤᠷᠤᠭᠤᠯᠤᠨ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠶᠢᠨ ᠰᠢᠯᠢᠳᠡᠭ ᠡᠬᠦᠯᠳᠡᠷ ᠤᠨ ᠬᠤᠨᠢ ᠤᠷᠤᠭᠤᠯᠤᠨ ᠠᠪᠴᠢᠷᠠᠵᠤ ᠡᠬᠦᠯᠳᠡᠷ ᠰᠠᠶᠢᠵᠢᠷᠠᠭᠤᠯᠤᠨ᠂ ᠨᠦᠭᠦᠪᠦᠷᠢ ᠥᠭᠬᠦ ᠬᠡᠯᠪᠡᠷᠢ ᠪᠠᠷ ᠮᠠᠯᠴᠢᠳ ᠲᠤ ᠰᠢᠯᠢᠳᠡᠭ ᠴᠢᠨᠠᠷ ᠲᠠᠢ ︽ᠴᠠᠬᠠᠷ︾ ᠦᠷ᠎ᠡ ᠶᠢᠨ ᠮᠠᠯ ᠪᠣᠯᠣᠨ ᠡᠬᠡ ᠮᠠᠯ ᠬᠠᠩᠭᠠᠵᠤ᠂ ᠮᠠᠯᠴᠢᠳ ᠤᠨ ᠮᠠᠯ ᠰᠦᠷᠦᠭ ᠤᠨ ᠪᠦᠳᠦᠴᠡ ᠢᠶᠠᠨ ᠰᠢᠯᠢᠳᠡᠭᠵᠢᠬᠦᠯᠬᠦ ᠢᠳᠡᠪᠬᠢᠵᠢᠯ ᠢ ᠨᠢ ᠳᠠᠶᠢᠴᠢᠯᠠᠵᠤ᠂ ᠣᠷᠤᠯᠭ᠎ᠠ ᠪᠠᠨ ᠨᠡᠮᠡᠭᠳᠡᠬᠦᠯᠬᠦ ᠰᠢᠨ᠎ᠡ ᠵᠠᠮ ᠮᠥᠷ ᠢ ᠲᠠᠰᠤᠷᠠᠯᠲᠠ ᠦᠬᠡᠢ ᠨᠡᠭᠡᠭᠡᠵᠦ ᠪᠠᠶᠢᠨ᠎ᠠ᠃      ᠣᠶᠢᠯᠠᠭᠠᠭᠰᠠᠨ ᠢᠶᠠᠷ᠂ ᠬᠦᠪᠡᠭᠡᠲᠦ ᠰᠢᠷ᠎ᠠ ᠬᠤᠰᠢᠭᠤᠨ ᠤ ᠴᠠᠬᠠᠷ ᠬᠤᠨᠢᠨ ᠤ ᠦᠷ᠎ᠡ ᠶᠢᠨ ᠬᠤᠴᠠ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠨᠢ 2010 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠵᠢᠯ ᠪᠦᠷᠢ ᠪᠦᠬᠦ ᠬᠤᠰᠢᠭᠤᠨ ᠤ ᠴᠠᠬᠠᠷ ᠬᠤᠨᠢ ᠲᠡᠵᠢᠭᠡᠨ ᠦᠷᠡᠵᠢᠬᠦᠯᠬᠦ ᠡᠷᠦᠬᠡ ᠳᠤ 200 ᠭᠠᠷᠤᠢ ᠰᠢᠯᠢᠳᠡᠭ ᠡᠬᠦᠯᠳᠡᠷ ᠤᠨ ᠦᠷ᠎ᠡ ᠶᠢᠨ ᠬᠤᠴᠠ ᠪᠤᠯᠤᠨ 300 ᠭᠠᠷᠤᠢ ᠡᠬᠡ ᠮᠠᠯ ᠬᠠᠩᠭᠠᠨ ᠥᠭᠴᠦ ᠪᠣᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号