︽ᠬᠦᠪᠡᠭᠡᠲᠦ ᠰᠢᠷ᠎ᠠ ᠬᠤᠰᠢᠭᠤᠨ ᠤ ᠲᠡᠤᠬᠡ ᠦᠢᠯᠠᠪᠤᠷᠢ︾ ᠶᠢ ᠨᠠᠶᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/9
    11 ᠰᠠᠷ᠎ᠠ ᠶᠢᠨ 4 ᠤ ᠡᠳᠦᠷ᠂ ︽ᠬᠦᠪᠡᠭᠡᠲᠦ ᠰᠢᠷ᠎ᠠ ᠬᠤᠰᠢᠭᠤᠨ ᠤ ᠲᠡᠤᠬᠡ ᠦᠢᠯᠠᠪᠤᠷᠢ︾ ᠶᠢ ᠨᠠᠶᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠭᠡᠯᠲᠡᠰ ᠤᠨ ᠳᠠᠷᠤᠭ᠎ᠠ ᠰᠠᠷᠠᠨᠳᠤᠶᠠᠭ᠎ᠠ ᠬᠤᠷᠠᠯ ᠢ ᠡᠷᠬᠢᠯᠡᠪᠠ᠃     ᠬᠤᠷᠠᠯ ᠳᠤ᠂ ᠬᠡᠰᠡᠭ ᠪᠦᠯᠦᠭ ᠠᠬᠠᠮᠠᠳ ᠺᠠᠳ᠋ᠷ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠵᠢᠴᠢ ᠤᠬᠠᠭᠤᠯᠬᠤ ᠭᠡᠯᠲᠡᠰ ᠤᠨ ᠺᠠᠳ᠋ᠷ ᠠᠵᠢᠯᠲᠠᠨ ᠢ ᠪᠠᠭᠳᠠᠭᠠᠭᠰᠠᠨ ︽ᠬᠦᠪᠡᠭᠡᠲᠦ ᠰᠢᠷ᠎ᠠ ᠬᠤᠰᠢᠭᠤᠨ ᠤ ᠲᠡᠤᠬᠡ ᠦᠢᠯᠠᠪᠤᠷᠢ︾ ᠶᠢ ᠨᠠᠶᠢᠷᠠᠭᠤᠯᠬᠤ ᠳᠤᠭᠤᠶᠢᠯᠠᠩ ᠤᠨ ᠬᠡᠰᠡᠭ ᠬᠡᠰᠢᠬᠦᠳ ᠤᠷᠤᠯᠴᠠᠵᠤ᠂ ᠲᠤᠰ ᠨᠤᠮ ᠢ ᠨᠠᠶᠢᠷᠠᠭᠤᠯᠬᠤ ᠠᠵᠢᠯ ᠤᠨ ᠳᠤᠬᠠᠢ ᠦᠵᠡᠯ ᠪᠤᠳᠤᠯ ᠢᠶᠠᠨ ᠶᠠᠷᠢᠵᠤ᠂ ᠰᠠᠨᠠᠯ ᠵᠦᠪᠯᠡᠯᠭᠡ ᠪᠠᠨ ᠰᠤᠯᠢᠯᠴᠠᠵᠠᠢ᠃     ᠬᠤᠷᠠᠯ ᠠᠴᠠ᠂ ︽ᠬᠦᠪᠡᠭᠡᠲᠦ ᠰᠢᠷ᠎ᠠ ᠬᠤᠰᠢᠭᠤᠨ ᠤ ᠲᠡᠤᠬᠡ ᠦᠢᠯᠠᠪᠤᠷᠢ︾ ᠶᠢ ᠨᠠᠶᠢᠷᠠᠭᠤᠯᠬᠤ ᠠᠵᠢᠯ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠤᠶᠤᠯ ᠤᠨ ᠢᠳᠡᠬᠡᠯ ᠢᠶᠠᠨ ᠪᠠᠳᠤᠳᠬᠠᠨ᠂ ᠬᠦᠪᠡᠭᠡᠲᠦ ᠰᠢᠷ᠎ᠠ ᠬᠤᠰᠢᠭᠤᠨ  ᠤ ᠪᠠᠨ ᠲᠡᠤᠬᠡ ᠰᠤᠶᠤᠯ ᠢ ᠲᠤᠯᠢᠳᠠᠵᠤ᠂ ᠦᠷ᠎ᠡ ᠬᠤᠶᠢᠴᠢᠰ ᠲᠠᠭᠠᠨ ᠲᠡᠬᠦᠪᠦᠷᠢᠯᠡᠨ ᠦᠯᠡᠳᠡᠭᠡᠬᠦ ᠴᠢᠬᠤᠯᠠ ᠶᠡᠭᠡ ᠠᠴᠢ ᠬᠤᠯᠪᠤᠭᠳᠠᠯ ᠲᠠᠢ ᠠᠵᠢᠯ ᠪᠤᠯᠬᠤ ᠲᠤᠯᠠ ᠪᠢᠳᠡ ᠬᠠᠮᠲᠦ ᠪᠠᠷ ᠮᠡᠷᠡᠶᠢᠨ ᠴᠢᠷᠮᠠᠶᠢᠵᠤ᠂ ᠡᠨᠡᠬᠦ ᠲᠤᠮᠤᠬᠠᠨ ᠠᠵᠢᠯ  ᠳᠤ ᠬᠦᠯᠦᠰᠦ ᠬᠦᠴᠦ ᠪᠠᠨ ᠬᠠᠷᠠᠮ ᠦᠭᠡᠢ ᠡᠷᠬᠦᠨ᠂ ᠳᠦᠰᠦᠪ ᠲᠦᠯᠦᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠵᠤ᠂ ᠪᠤᠷᠤ ᠮᠠᠲ᠋ᠧᠷᠢᠶᠠᠯ ᠴᠤᠭᠯᠠᠭᠤᠯᠬᠤ᠂ ᠪᠢᠴᠢᠵᠤ ᠡᠮᠬᠢᠳᠬᠡᠬᠦ ᠮᠡᠲᠦ ᠶᠢᠨ ᠤᠯᠠᠨ ᠠᠵᠢᠯ ᠲᠦᠷᠦᠯ ᠢ ᠠᠯᠬᠤᠮ ᠳᠠᠷᠠᠭ᠎ᠠ ᠲᠠᠢ᠂ ᠨᠠᠷᠢᠨ ᠬᠢᠨᠠᠮᠠᠭᠠᠢ ᠦᠷᠨᠢᠬᠦᠯᠵᠤ᠂ ᠬᠦᠪᠡᠭᠡᠲᠦ ᠰᠢᠷ᠎ᠠ ᠬᠤᠰᠢᠭᠤᠨ ᠤ ᠪᠠᠨ ᠦᠨᠡᠲᠦ ᠲᠡᠤᠬᠡ  ᠪᠠᠨ ᠡᠷᠲᠡ ᠡᠳᠦᠷ ᠳᠡᠪᠳᠡᠷᠯᠡᠨ ᠳᠢᠭᠯᠡᠵᠤ᠂ ᠠᠷᠠᠳ ᠤᠯᠠᠨ ᠳᠠᠭᠠᠨ ᠲᠤᠯᠢᠯᠠᠭᠤᠯᠤᠨ᠂ ᠨᠤᠳᠤᠭ ᠤᠰᠤᠨ ᠤ ᠪᠠᠨ ᠰᠤᠶᠤᠯ ᠤᠨ ᠬᠦᠭᠵᠢᠯᠳᠡ ᠳᠤ ᠬᠤᠪᠢ ᠨᠡᠮᠡᠷᠢ ᠪᠠᠨ ᠡᠷᠬᠦᠬᠦ ᠪᠠᠷ ᠴᠢᠷᠮᠠᠶᠢᠬᠤ ᠬᠡᠷᠡᠭᠲᠠᠢ ᠭᠡᠵᠤ ᠴᠢᠬᠤᠯᠠᠴᠢᠯᠠᠵᠠᠢ᠃     ᠲᠤᠰ ᠨᠤᠮ ᠢ ᠨᠠᠶᠢᠷᠠᠭᠤᠯᠤᠨ ᠲᠤᠭᠤᠷᠪᠢᠵᠤ ᠪᠠᠶᠢᠭ᠎ᠠ ᠶᠠᠪᠤᠳᠠᠯ ᠪᠤᠯ᠂ ᠬᠡᠳᠦᠨ ᠵᠠᠭᠤᠨ ᠢ ᠰᠤᠨᠳᠠᠯᠠᠭᠰᠠᠨ ᠲᠡᠤᠬᠡ ᠰᠤᠶᠤᠯ ᠤᠨ ᠬᠦᠨ ᠴᠡᠬᠡᠯ ᠠᠴᠠ ᠬᠤᠰᠢᠭᠤ ᠨᠤᠳᠤᠭ᠂ ᠬᠦᠮᠦᠨ ᠠᠷᠠᠳ ᠤᠨ ᠢᠶᠠᠨ ᠰᠡᠳᠬᠢᠯ ᠵᠢᠳᠬᠦᠯ ᠢᠶᠠᠷ ᠪᠦᠳᠦᠬᠡᠭᠳᠡᠭᠰᠡᠨ ᠬᠡᠬᠡᠨ ᠰᠤᠪᠤᠳ᠂ ᠬᠡᠷᠡᠯᠳᠦ ᠡᠷᠳᠡᠨᠢᠰ ᠢ ᠠᠭᠤᠳᠠᠯᠯᠠᠨ ᠡᠮᠬᠢᠯᠡᠵᠤ᠂ ᠰᠢᠷᠭᠠᠭᠠᠵᠤ ᠲᠤᠩᠭᠠᠭᠠᠨ᠂ ᠰᠤᠨᠳᠤᠷᠯᠠᠨ ᠬᠡᠯᠬᠢᠵᠤ᠂ ᠲᠡᠤᠬᠡ ᠶᠢᠨ ᠬᠤᠭᠤᠰᠤᠨ ᠢ ᠨᠦᠬᠦᠪᠦᠷᠢᠯᠡᠨ᠂ ᠴᠠᠭ ᠦᠶ᠎ᠡ ᠶᠢ ᠵᠠᠭᠠᠭᠯᠠᠭᠰᠠᠨ ᠨᠢᠬᠡᠨ ᠲᠤᠮᠤ ᠢᠨᠵᠧᠷᠨᠢᠩ ᠪᠤᠯᠬᠤ ᠶᠤᠮ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号