ᠬᠤᠰᠢᠭᠤ ᠬᠠᠮ ᠵᠠᠭᠤᠴᠢᠯᠠᠭᠤᠷ ᠤᠨ ᠲᠦᠪ ᠨᠢ ᠰᠤᠷᠪᠤᠯᠵᠢᠯᠠᠭᠴᠢᠳ ᠤᠨ ᠪᠠᠶᠠᠷ ᠢᠶᠠᠨ ᠤᠳᠬ᠎ᠠ ᠠᠭᠤᠯᠭ᠎ᠠ  ᠲᠠᠢ ᠲᠡᠮᠳᠡᠭᠯᠡᠪᠡ
ᠨᠡᠶᠢᠲᠡᠯᠡᠭᠰᠡᠨ ᠴᠠᠭ᠄
2020/11/9
     ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠨᠢ 21 ᠳ᠋ᠣᠭᠡᠷ ᠤᠳᠠᠭᠠᠨ ᠤ ᠰᠤᠷᠪᠤᠯᠵᠢᠯᠠᠭᠴᠢᠳ ᠤᠨ ᠪᠠᠶᠠᠷ ᠤᠨ ᠡᠳᠦᠷ ᠢ ᠲᠤᠬᠢᠶᠠᠯᠳᠤᠭᠤᠯᠤᠨ᠂ ᠭᠡᠷ ᠤᠨ ᠠᠮᠢᠳᠣᠷᠠᠯ ᠢ ᠭᠦᠴᠢᠷᠳᠡᠢ ᠰᠣᠷᠣᠬᠴᠢ ᠶᠢ ᠲᠣᠰᠯᠠᠨ ᠳᠡᠮᠵᠢᠭᠦ᠂ ᠶᠠᠳᠠᠭᠤ ᠭᠦᠴᠢᠷᠳᠡᠢ ᠭᠦᠮᠦᠰ ᠢ ᠲᠣᠰᠠᠯᠠᠬᠤ ᠵᠡᠷᠭᠡ ᠠᠵᠢᠯᠯᠠᠭ᠎ᠠ ᠦᠷᠨᠢᠭᠦᠯᠵᠦ᠂ ᠰᠤᠷᠪᠤᠯᠵᠢᠯᠠᠭᠴᠢᠳ ᠤᠨ ᠪᠠᠶᠠᠷ ᠢᠶᠠᠨ ᠣᠳᠬ᠎ᠠ ᠠᠭᠤᠯᠭ᠎ᠠ ᠲᠠᠢ ᠲᠣᠷᠰᠬᠠᠨ ᠳᠡᠮᠳᠡᠭᠯᠡᠵᠡᠢ᠃      11 ᠰᠠᠷ᠎ᠠ ᠶᠢᠨ 5 ᠤ ᠡᠳᠦᠷ᠂ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠬᠢᠨ᠂ ᠬᠤᠰᠢᠭᠤᠨ ᠤ  ᠪᠠᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠭᠡᠷ ᠤᠨ ᠠᠮᠢᠳᠤᠷᠠᠯ ᠨᠢ ᠬᠦᠴᠢᠷᠳᠡᠯᠳᠠᠢ 4 ᠰᠤᠷᠤᠭᠴᠢ ᠶᠢ ᠲᠣᠰᠠᠯᠠᠨ ᠳᠡᠮᠵᠢᠭᠦ ᠠᠵᠢᠯᠯᠠᠭ᠎ᠠ ᠦᠷᠨᠢᠭᠦᠯᠵᠦ᠂ ᠠᠵᠢᠯᠳᠠᠳ ᠤᠨ ᠢᠶᠠᠨ ᠰᠠᠶᠢᠨ ᠲᠤᠷ᠎ᠠ ᠠᠴᠠ ᠬᠠᠨᠳᠢᠪᠯᠠᠭᠰᠠᠨ 2000 ᠲᠦᠭᠦᠷᠢᠭ ᠢ ᠭᠡᠷ ᠤᠨ ᠠᠮᠢᠳᠣᠷᠠᠯ ᠨᠢ ᠭᠦᠴᠢᠷᠳᠡᠯᠳᠡᠢ ᠭᠡᠭᠡᠭᠡᠨ᠂ ᠰᠤᠳᠤᠨ᠂ ᠮᠦᠢᠯ᠂ ᠬᠤᠷ᠎ᠠ ᠵᠡᠷᠭᠡ ᠲᠦᠷᠪᠡᠨ ᠰᠤᠷᠤᠭᠴᠢ ᠳᠤ ᠬᠠᠨᠳᠢᠪᠯᠠᠵᠦ᠂ ᠳᠡᠳᠡᠨ ᠤ ᠰᠤᠷᠤᠯᠭ᠎ᠠ ᠬᠢᠴᠢᠶᠡᠯ ᠳᠤ ᠪᠠᠨ ᠦᠷᠭᠦᠯᠵᠢᠯᠡᠨ ᠴᠢᠷᠮᠠᠶᠢᠬᠤ ᠶᠢ ᠵᠣᠷᠢᠬᠵᠢᠭᠤᠯᠵᠠᠢ᠃        ᠮᠠᠨ ᠤ ᠬᠤᠰᠢᠭᠤᠨ ᠤ ᠪᠢᠶᠤᠤ ᠪᠠᠩ ᠦᠰᠦ ᠵᠠᠰᠠᠬᠤ ᠭᠠᠵᠠᠷ ᠨᠢ ᠬᠠᠮ ᠵᠠᠭᠤᠴᠢᠯᠠᠭᠤᠷ ᠤᠨ ᠲᠦᠪ ᠤᠨ ᠡᠨᠡᠬᠦ ᠰᠠᠶᠢᠬᠠᠨ ᠠᠵᠢᠯᠯᠠᠭ᠎ᠠ ᠶᠢ ᠢᠪᠡᠭᠡᠨ ᠲᠡᠳᠬᠦᠵᠤ᠂ ᠮᠦᠨ ᠡᠳᠡᠭᠡᠷ ᠲᠦᠷᠪᠡᠨ ᠰᠤᠷᠤᠭᠴᠢ ᠳᠤ ᠦᠪᠦᠷ ᠮᠤᠩᠭᠤᠯ  ᠤᠨ ︽ᠠᠨᠤ︾ ᠰᠤᠶᠤᠯ ᠰᠢᠨᠵᠢᠯᠡᠭᠡ ᠮᠡᠷᠭᠡᠵᠢᠯ ᠤᠨ ᠺᠤᠮᠫᠠᠨᠢ ᠶᠢᠨ ᠦᠢᠯᠡᠳᠪᠦᠷᠢᠯᠡᠭᠰᠡᠨ ᠠᠷᠪᠠᠨ ᠶᠡᠭᠡ ᠠᠩᠭᠢᠯᠠᠯ  ᠲᠠᠢ᠂ ᠬᠤᠷᠢ ᠭᠠᠷᠦᠢ ᠲᠦᠷᠦᠯ ᠵᠦᠢᠯ ᠤᠨ ᠲᠤᠯᠤᠭᠠᠨ ᠵᠠᠭᠤ ᠭᠠᠷᠦᠢ ᠠᠭᠤᠯᠭ᠎ᠠ ᠲᠠᠢ ᠠᠨᠤ ᠲᠧᠯᠸᠢᠰ ᠬᠠᠶᠢᠷᠴᠠᠭ ᠢ ᠬᠡᠤᠬᠡᠳ ᠪᠦᠷᠢ ᠳᠤ ᠪᠡᠯᠡᠭᠯᠡᠵᠤ᠂ ᠡᠬᠡ ᠬᠡᠯᠡ ᠪᠠᠨ ᠬᠠᠶᠢᠷᠠᠯᠠᠵᠤ ᠤᠯᠠᠮ ᠰᠠᠶᠢᠨ ᠰᠤᠷᠬᠤ ᠶᠢ ᠭᠦᠰᠡᠵᠡᠢ᠃      ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠨᠢ ᠪᠠᠰᠠ 21ᠳ᠋ᠣᠭᠡᠷ ᠤᠳᠠᠭᠠᠨ ᠤ ᠰᠤᠷᠪᠤᠯᠵᠢᠯᠠᠭᠴᠢᠳ ᠤᠨ ᠪᠠᠶᠠᠷ ᠤᠨ ᠡᠳᠦᠷ ᠢᠶᠠᠨ ᠲᠤᠬᠢᠶᠠᠯᠳᠤᠭᠤᠯᠤᠨ᠂ ᠳᠠᠭᠠᠭᠠᠴᠢᠯᠠᠨ ᠲᠡᠳᠬᠦᠵᠤ ᠪᠠᠶᠢᠭ᠎ᠠ ᠪᠠᠶᠠᠨᠳᠠᠯ᠎ᠠ ᠪᠠᠯᠭᠠᠰᠣᠨ ᠤ ᠤᠪᠤᠭᠠᠨ ᠭᠤᠤᠯ ᠭᠠᠴᠠᠭᠠᠨ ᠤ ᠤᠯᠤᠰ ᠤᠨ ᠲᠡᠰ ᠤᠨ ᠶᠠᠳᠠᠭᠤ ᠡᠷᠦᠬᠡ ᠰᠡᠴᠡᠨᠴᠢᠮᠡᠭ  ᠤᠨ ᠰᠢᠨ᠎ᠡ ᠤᠷᠤᠨ ᠰᠠᠭᠤᠴᠠᠨ ᠳᠤ ᠪᠠᠨ ᠲᠦᠭᠡᠭᠡᠯ ᠤᠰᠤ ᠨᠡᠪᠳᠡᠷᠡᠭᠦᠯᠭᠦ ᠳᠤ ᠭᠦᠴᠢᠷᠳᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ ᠦᠭᠴᠡᠢ᠃        
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号