ᠪᠦᠭᠦ ᠬᠤᠰᠢᠭᠤᠨ ᠤ 2020 ᠣᠨ ᠤ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/9
     11 ᠰᠠᠷᠠᠶᠢᠨ 2 ᠤ ᠡᠳᠦᠷ᠂ ᠪᠦᠭᠦ ᠬᠤᠰᠢᠭᠤᠨ ᠤ 2020 ᠣᠨ ᠤ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠣᠵᠦ᠂ ᠡᠯ᠎ᠡ ᠰᠤᠮᠤ ᠪᠠᠯᠭᠠᠰᠤ ᠪᠣᠯᠤᠨ ᠡᠯ᠎ᠡ ᠲᠤᠰᠬᠠᠶ ᠲᠥᠷᠥᠯ ᠤᠨ ᠠᠬᠢᠭᠤᠯᠬᠤ ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ  ᠰᠣᠨᠣᠰᠴᠣ᠂ ᠬᠠᠮᠢᠶᠠᠳᠠᠢ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠃      ᠬᠤᠰᠢᠭᠤᠨ ᠤ ᠣᠳᠣᠷᠢᠳᠣᠯᠭ᠎ᠠ ᠳᠠᠪᠰᠢᠯᠲᠤ᠂ ᠬᠤᠪᠢᠰᠬᠠᠯᠳᠣ᠂ ᠹᠦ᠋ ᡁᠢ ᠭᠠᠩ᠂ ᠯᠢ ᠮᠧᠩ ᠶᠠᠨ᠂ ᠯᠢ ᠭᠦᠸᠧ ᠵᠢᠶᠠᠨ ᠨᠠᠷ ᠬᠤᠷᠠᠯ ᠳᠤ ᠣᠷᠣᠯᠴᠠᠵᠦ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠳᠦ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠯᠢ ᠮᠤᠩ ᠶᠠᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠤᠩᠭᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠳᠤ ᠲᠣᠮᠢᠯᠠᠬᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠭᠢ ᠶᠢᠨ ᠳᠠᠷᠤᠭ᠎ᠠ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ ᠯᠢ ᠭᠦᠸᠧ ᠵᠢᠶᠠᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠷᠦᠩᠬᠡᠢ ᠠᠩᠭᠢ ᠶᠢᠨ ᠵᠣᠭᠰᠣᠴᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠃      ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ ᠪᠣᠯᠤᠨ ᠡᠯ᠎ᠡ ᠲᠤᠰᠬᠠᠶ ᠲᠥᠷᠥᠯ ᠤᠨ ᠠᠬᠢᠭᠤᠯᠬᠤ ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠲᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠳᠠᠪᠰᠢᠯᠲᠤ ᠶᠠᠷᠢᠶ᠎ᠠ ᠭᠢᠵᠦ᠂ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ᠃      ᠪᠦᠬᠦ ᠬᠤᠰᠢᠭᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠰᠠᠶᠢᠨ ᠢᠶᠠᠷ ᠡᠬᠢᠯᠡᠬᠦᠯᠵᠦ ᠰᠠᠶᠢᠨ ᠢᠶᠠᠷ ᠲᠡᠭᠦᠰᠭᠡᠵᠦ ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠦ᠂ ᠪᠦᠷᠢᠨ ᠢᠯᠠᠯᠲᠠ ᠣᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠲᠠᠳᠠᠵᠦ  ᠪᠤᠯᠬᠤ ᠦᠬᠡᠢ︾ ᠭᠡᠰᠡᠨ ᠴᠢᠬᠤᠯᠠ ᠵᠢᠭᠠᠪᠤᠷᠢ᠂ ᠨᠠᠮ ᠤᠨ ᠲᠥᠪ ᠬᠤᠷᠢᠶᠠᠨ ᠤ ᠰᠡᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ︽ᠴᠢᠨᠡᠭᠡᠯᠢᠭ ᠨᠡᠶᠢᠭᠡᠮ ᠳᠤ ᠣᠷᠣᠬᠤ ᠵᠠᠮ ᠳᠡᠭᠡᠷ᠎ᠡ ᠨᠢᠭᠡ ᠶᠢ ᠴᠦ ᠡᠩᠨᠡᠭᠡ ᠠᠴᠠ ᠪᠠᠨ ᠬᠤᠴᠤᠷᠤᠭᠳᠠᠭᠤᠯᠵᠦ ᠪᠤᠯᠬᠤ ᠦᠬᠡᠢ︾ ᠭᠡᠰᠡᠨ ᠲᠥᠪ ᠴᠢᠩᠭ᠎ᠠ ᠠᠮᠠᠯᠠᠯᠲᠠ ᠪᠠᠨ ᠡᠷᠡᠰ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠦᠬᠦ ᠲᠠᠯ᠎ᠠ ᠪᠠᠷ  ᠪᠡᠶᠡᠯᠡᠬᠦᠯᠬᠦ  ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂  ᠨᠠᠮ ᠳᠠᠭᠠᠨ ᠦᠨᠡᠨᠴᠢ ᠰᠢᠳᠤᠷᠭᠤ ᠶᠢ ᠢᠯᠡᠷᠡᠬᠦᠯᠬᠦ ᠭᠡᠷᠡᠭᠳᠡᠢ᠃  ᠶᠠᠳᠠᠭᠤ ᠶᠢ ᠲᠡᠳᠬᠦᠬᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ ᠠᠬᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠪᠠ ᠪᠠᠯᠠ ᠮᠥᠩᠭᠦ ᠶᠢᠨ ᠵᠠᠷᠤᠯᠭ᠎ᠠ ᠶᠢ ᠲᠦᠷᠭᠡᠳᠬᠡᠨ᠂ ᠲᠣᠳᠠᠬᠳᠠᠯ ᠢᠶᠠᠨ ᠨᠥᠬᠦᠪᠥᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠭᠢᠵᠦ᠂ ᠰᠡᠭᠦᠯ ᠬᠤᠷᠢᠶᠠᠬᠤ ᠱᠠᠲᠤᠨ ᠤ ᠡᠯ᠎ᠡ  ᠵᠦᠢᠯ ᠤᠨ ᠠᠵᠢᠯ ᠢ ᠨᠠᠷᠢᠯᠢᠭ ᠤᠨᠤᠪᠴᠢᠳᠠᠢ ᠰᠠᠶᠢᠲᠤᠷ ᠠᠳᠬᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠢᠨᠠᠨ ᠰᠢᠯᠭᠠᠬᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠨᠠᠮᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠠᠵᠢᠯ ᠢ ᠢᠳᠡᠪᠬᠢᠳᠡᠢ ᠥᠷᠨᠢᠭᠦᠯᠵᠦ᠂ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠭᠡᠷᠡᠭᠳᠡᠢ᠃ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ ᠭᠡᠵᠦ ᠱᠠᠭᠠᠷᠳᠠᠵᠠᠢ᠃       ᠳᠠᠪᠰᠢᠯᠳᠣ ᠠᠴᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ‌ᠨᠢᠭᠡᠨᠲᠡ ᠬᠠᠮᠤᠭ ᠡᠴᠦᠰ ᠤᠨ ᠰᠡᠢᠳᠪᠤᠷᠢᠳᠦ ᠪᠠᠶᠢᠯᠳᠤᠭᠠᠨ ᠤ ᠴᠠᠭ ᠮᠥᠴᠡ ᠳᠤ ᠣᠷᠣᠯ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠪᠠ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ  ᠲᠤᠤᠱᠯᠠᠭᠤᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠤᠴᠠᠯᠲᠠ ᠥᠬᠡᠶ ᠤᠷᠤᠭᠰᠢᠯᠠᠵᠤ᠂ ᠰᠢᠢᠳᠪᠦᠷᠢᠳᠣ ᠪᠠᠶᠢᠯᠳᠤᠭᠠᠨ ᠤ ᠡᠴᠤᠰ ᠤᠨ ᠢᠯᠠᠯᠲᠠ ᠶᠢ ᠤᠯᠬᠤ ᠪᠠᠷ ᠴᠢᠷᠮᠠᠶᠢᠨ ᠲᠡᠮᠡᠴᠡᠬᠦ ᠭᠡᠷᠡᠭᠳᠡᠢ ᠭᠡᠵᠦ ᠴᠢᠬᠤᠯᠠᠴᠢᠯᠠᠵᠠᠢ᠃                        
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号