ᠨᠡᠶᠢᠭᠡᠮ ᠤᠨ ᠤᠬᠠᠭᠠᠨ ᠤ ᠳ᠋ᠣᠺᠲ᠋ᠣᠷ ᠬᠦᠷᠡᠯᠪᠠᠭᠠᠲᠤᠷ
ᠨᠡᠶᠢᠲᠡᠯᠡᠭᠰᠡᠨ ᠴᠠᠭ᠄
2020/11/9
    ᠨᠡᠶᠢᠭᠡᠮ ᠤᠨ ᠤᠬᠠᠭᠠᠨ ᠤ ᠳ᠋ᠣᠺᠲ᠋ᠣᠷ ᠬᠦᠷᠡᠯᠪᠠᠭᠠᠲᠤᠷ(1961.8 -︶ ᠥᠪᠦᠷ ᠮᠤᠩᠭᠤᠯ ᠤᠨ ᠬᠦᠪᠡᠭᠡᠲᠦ ᠰᠢᠷ᠎ᠠ ᠬᠤᠰᠢᠭᠤᠨ ᠤ ᠤᠤᠯ ᠤᠨ ᠪᠠᠶᠠᠨᠲᠠᠯ᠎ᠠ ᠰᠣᠮᠣᠨ ᠤ ᠬᠠᠭ᠋ᠠᠭᠤᠯᠠ ᠪᠠᠷᠢᠭᠠᠲᠠ ᠳᠤ ᠤᠷᠢᠶᠠᠩᠬᠠᠨ ᠣᠪᠣᠭ ᠲᠠᠢ ᠪᠠᠯᠳᠤᠷᠵᠢ ᠶᠢᠨ ᠬᠦᠪᠡᠭᠦᠨ ᠪᠤᠯᠤᠨ ᠵᠠᠶᠠᠭᠠᠵᠠᠢ᠃ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠪᠠᠨ ᠰᠣᠮᠣ ᠬᠤᠰᠢᠭᠤᠨ ᠳᠤ ᠪᠠᠨ ᠰᠤᠷᠤᠯᠴᠠᠵᠤ᠂ 1978 ᠣᠨ ᠳᠤ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠳᠤ ᠰᠢᠯᠭᠠᠭᠳᠠᠨ ᠤᠷᠤᠵᠤ ᠲᠥᠷᠪᠡᠨ ᠵᠢᠯ ᠤᠨ ᠶᠡᠭᠡ ᠰᠤᠷᠭᠠᠭᠤᠯᠢ ᠶᠢᠨ ᠰᠤᠷᠤᠯᠭ᠎ᠠ ᠪᠠᠨ ᠲᠡᠭᠦᠰᠭᠡᠪᠡ᠃ 1982 ᠣᠨ ᠳᠤ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡ ᠪᠢᠴᠢᠭ ᠰᠤᠳᠤᠯᠬᠤ ᠭᠠᠵᠠᠷ ᠠᠰᠫᠢᠷᠠᠨᠲ ᠢᠶᠠᠷ ᠰᠢᠯᠭᠠᠭᠳᠠᠨ ᠤᠷᠤᠵᠤ᠂ ᠬᠡᠯᠡᠨ ᠤ ᠮᠡᠷᠭᠡᠵᠢᠯ ᠢᠶᠠᠷ ᠰᠤᠳᠤᠯᠤᠨ ᠰᠤᠷᠬᠤ ᠠᠩᠬᠠᠨ ᠤ ᠵᠠᠮ ᠢᠶᠠᠨ ᠠᠯᠬᠤᠵᠠᠢ᠃ ᠲᠡᠷᠡ ᠠᠰᠫᠢᠷᠠᠨᠲ ᠢᠶᠠᠷ 3 ᠵᠢᠯ ᠰᠤᠷᠴᠤ᠂ 1985 ᠣᠨ ᠳᠤ ︽ᠳᠤᠮᠳᠠᠳᠤ ᠵᠠᠭᠤᠨ ᠤ ᠮᠤᠩᠭᠤᠯ ᠬᠡᠯᠡᠨ ᠤ ᠦᠢᠯᠡ ᠦᠭᠡ ᠶᠢᠨ ᠬᠡᠪ ᠤᠨ ᠤᠯᠠᠷᠢᠯ ᠬᠥᠭᠵᠢᠯ︾ ᠬᠡᠭᠦ ᠦᠬᠦᠯᠡᠯ ᠢᠶᠠᠷ ᠮᠠᠰᠲ᠋ᠧᠷ ᠴᠣᠯᠠ ᠬᠠᠮᠠᠭᠠᠯᠠᠪᠠ᠃ 1985 ᠣᠨ ᠠᠴᠠ 1994 ᠣᠨ ᠬᠦᠷᠲᠡᠯ᠎ᠡ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠳᠤ ᠪᠠᠭᠰᠢᠯᠠᠵᠤ᠂ 1994 ᠣᠨ ᠠᠴᠠ 2003 ᠣᠨ ᠤ ᠬᠤᠭᠤᠷᠤᠨᠳᠤ ᠶᠠᠫᠤᠨ ᠤ ᠬᠢᠲ᠋ᠣᠽᠦ᠋ᠪᠠᠰᠢ ᠶᠡᠭᠡ ᠰᠤᠷᠭᠠᠭᠤᠯᠢ᠂ ᠵᠡᠬᠦᠨ ᠬᠤᠶᠢᠲᠤ ᠶᠢᠨ ᠶᠡᠭᠡ ᠰᠤᠷᠭᠠᠭᠤᠯᠢ ᠵᠡᠷᠭᠡ ᠰᠤᠷᠭᠠᠭᠤᠯᠢ ᠨᠤᠭᠤᠳ ᠲᠤ ᠳ᠋ᠣᠺᠲ᠋ᠣᠷ ᠤᠨ ᠺᠦᠷᠰ᠂ ᠫᠣᠰᠲ ᠳ᠋ᠣᠺᠲ᠋ᠣᠷ ᠤᠨ ᠠᠵᠢᠯ ᠳᠤ ᠳᠠᠳᠠᠭᠳᠠᠵᠤ ᠶᠠᠪᠤᠯ᠎ᠠ᠃ 2000 ᠣᠨ ᠤ 3 ᠰᠠᠷ᠎ᠠ ᠳᠤ ︽ᠮᠤᠩᠭᠤᠯ ᠬᠡᠯᠡᠨ ᠤ ᠤᠷᠳᠤ ᠡᠭᠡᠰᠢᠭ ᠤᠨ ᠰᠤᠳᠤᠯᠤᠯ︾ ᠭᠡᠬᠦ ᠦᠬᠦᠯᠡᠯ ᠢᠶᠠᠷ ᠢᠶᠠᠨ ᠨᠡᠶᠢᠭᠡᠮ ᠤᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠵᠠᠢ᠃ 2003 ᠣᠨ ᠳᠤ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠳᠤ ᠪᠤᠴᠠᠨ ᠢᠷᠡᠵᠦ ᠪᠠᠭᠰᠢᠯᠠᠪᠠ᠃ ᠡᠷᠳᠡᠮ ᠰᠢᠨᠵᠢᠯᠡᠭᠡᠨ ᠤ ᠠᠵᠢᠯ ᠪᠠ ᠪᠦᠳᠦᠭᠡᠯ ᠤᠨ ᠲᠠᠯ᠎ᠠ ᠪᠠᠷ᠂ ︽ᠮᠤᠩᠭᠤᠯ ᠬᠡᠯᠡ ᠰᠤᠶᠤᠯ ᠤᠨ ᠰᠤᠳᠤᠯᠤᠯ︾ ︵1998 ᠣᠨ︶᠂ ︽ᠣᠷᠴᠢᠨ ᠴᠠᠭ ᠤᠨ ᠮᠤᠩᠭᠤᠯ ᠬᠡᠯᠡᠨ ᠤ ᠵᠢᠷᠤᠮᠯᠠᠬᠤ ᠠᠪᠢᠶ᠎ᠠ︾ ︵2007︶᠂ ︽ᠮᠤᠩᠭᠤᠯ ᠬᠡᠯᠡᠨ ᠤ ᠠᠮᠢ ᠠᠬᠤᠢ︾ ︵2009 ᠣᠨ︶ ᠵᠡᠷᠭᠡ ᠥᠪᠡᠷ ᠤᠨ ᠪᠦᠳᠦᠭᠡᠯ ᠢᠶᠠᠨ ᠨᠡᠶᠢᠳᠡᠯᠡᠬᠦᠯᠦᠭᠰᠡᠨ ᠠᠴᠠ ᠭᠠᠳᠠᠨ᠎ᠠ᠂ ᠶᠠᠫᠣᠨ ᠤ ᠺᠦᠷᠢᠪᠠᠶᠠᠰᠢ ᠬᠢᠲ᠋ᠣᠰᠢ ᠠᠪᠤᠭᠠᠢ ᠲᠠᠢ ᠬᠠᠮᠳᠤᠷᠠᠨ ︽﹇ᠬᠠᠭᠠᠨ ᠤ ᠪᠢᠴᠢᠭᠰᠡᠨ ᠮᠠᠨᠵᠤ ᠮᠤᠩᠭᠤᠯ ᠬᠢᠲᠠᠳ ᠦᠰᠦᠭ ᠭᠤᠷᠪᠠᠨ ᠵᠢᠯ ᠤᠨ ᠠᠶᠠᠯᠭᠤ ᠨᠡᠶᠢᠯᠡᠭᠰᠡᠨ ᠲᠣᠯᠢ ᠪᠢᠴᠢᠭ﹈ ᠲᠠᠬᠢ ᠮᠤᠩᠭᠤᠯ ᠬᠡᠯᠡᠨ ᠤ TEXT ᠪᠤᠯᠤᠨ ᠬᠡᠯᠬᠢᠶᠡᠰᠦ︾ ︵2006︶᠂ ︽﹇ᠬᠠᠭᠠᠨ ᠤ ᠪᠢᠴᠢᠭᠰᠡᠨ ᠮᠠᠨᠵᠤ ᠮᠤᠩᠭᠤᠯ ᠬᠢᠲᠠᠳ ᠦᠰᠦᠭ ᠭᠤᠷᠪᠠᠨ ᠵᠦᠢᠯ ᠤᠨ ᠠᠶᠠᠯᠭᠤ ᠨᠡᠶᠢᠯᠡᠭᠰᠡᠨ ᠲᠣᠯᠢ ᠪᠢᠴᠢᠭ﹈ ᠲᠠᠬᠢ ᠮᠤᠩᠭᠤᠯ ᠬᠡᠯᠡ ᠶᠢ ᠵᠢᠱᠢᠶ᠎ᠡ ᠬᠠᠪᠰᠤᠷᠭᠠᠨ ᠬᠠᠷᠢᠴᠠᠭᠤᠯᠤᠭᠰᠠᠨ ᠦᠭᠡᠰ︾ ︵2008︶ ᠭᠡᠬᠦ ᠬᠤᠶᠠᠷ ᠲᠤᠮᠤᠬᠠᠨ ᠪᠦᠳᠦᠭᠡᠯ ᠢᠶᠠᠨ ᠶᠠᠫᠤᠨ ᠤᠯᠤᠰ ᠲᠤ ᠬᠡᠪᠯᠡᠬᠦᠯᠵᠡᠢ᠃ ᠡᠬᠦᠨ ᠠᠴᠠ ᠭᠠᠳᠠᠨ᠎ᠠ 80 ᠭᠠᠷᠤᠢ ᠡᠷᠳᠡᠮ ᠰᠢᠨᠵᠢᠯᠡᠭᠡᠨ ᠤ ᠦᠭᠦᠯᠡᠯ ᠢᠶᠠᠨ ᠮᠤᠩᠭᠤᠯ᠂ ᠬᠢᠲᠠᠳ᠂ ᠶᠠᠫᠤᠨ ᠬᠡᠯᠡ ᠪᠠᠷ ᠨᠡᠶᠢᠳᠡᠯᠡᠬᠦᠯᠪᠡ᠃ ᠰᠤᠳᠤᠯᠭᠠᠨ ᠤ ᠰᠡᠳᠦᠪ ᠤᠨ ᠬᠤᠪᠢ ᠳᠤ ︽ᠠᠷᠪᠠᠨ ᠨᠠᠢᠮᠠᠳᠤᠭᠠᠷ ᠵᠠᠭᠤᠨ ᠤ ᠮᠠᠨᠵᠤ ᠦᠰᠦᠭ ᠤᠨ ᠮᠤᠩᠭᠤᠯ ᠬᠡᠯᠡᠨ ᠤ ᠮᠠᠲ᠋ᠧᠷᠢᠶᠠᠯ ᠤᠨ ᠲᠢᠭᠯᠡᠯ ᠪᠠ ᠰᠤᠳᠤᠯᠭ᠎ᠠ︾ ᠵᠡᠷᠭᠡ ᠰᠤᠷᠭᠠᠨ ᠬᠦᠮᠦᠵᠢᠯ ᠤᠨ ᠶᠠᠮᠤᠨ ᠤ ᠰᠡᠳᠦᠪ ᠢ ᠳᠠᠭᠠᠭᠠᠴᠢᠯᠠᠨ ᠬᠢᠬᠦ ᠠᠴᠠ ᠭᠠᠳᠠᠨ᠎ᠠ᠂ ᠪᠠᠰᠠ ︽ᠮᠤᠩᠭᠤᠯ ᠬᠡᠯᠡᠨ ᠤ ᠲᠤᠯᠭᠤᠷ ᠪᠢᠴᠢᠭ ᠮᠡᠲ᠋ᠧᠷᠢᠶᠠᠯ ᠢ ᠺᠤᠮᠫᠢᠦᠲ᠋ᠧᠷᠴᠢᠯᠡᠨ ᠠᠰᠢᠭᠯᠠᠬᠤ ᠲᠤᠬᠠᠢ ᠰᠤᠳᠤᠯᠤᠯ︾ ︵2006 - 2008︶᠂ ︽ᠮᠤᠩᠭᠤᠯ ᠬᠡᠯᠡᠨ ᠤ ᠰᠣᠷᠠᠭ ᠵᠠᠩᠭᠢ ᠶᠢᠨ ᠬᠡᠯᠬᠢᠶᠡᠰᠦ ᠶᠢᠨ ᠵᠠᠩᠭᠢᠯᠠᠭ᠎ᠠ ᠶᠢᠨ ᠠᠰᠠᠭᠤᠳᠠᠯ ᠤᠨ ᠲᠣᠬᠠᠢ ᠰᠤᠳᠤᠯᠤᠯ︾ ᠵᠡᠷᠭᠡ ᠪᠤᠰᠤᠳ ᠬᠦᠮᠦᠨ ᠤ ᠲᠠᠭᠠᠭᠠᠴᠢᠯᠠᠭᠰᠠᠨ ᠣᠯᠠᠨ ᠰᠤᠳᠤᠯᠭᠠᠨ ᠳᠤ ᠤᠷᠤᠯᠴᠠᠭᠰᠠᠨ ᠪᠠᠶᠢᠨ᠎ᠠ᠃ ᠰᠡᠳᠬᠢᠯ ᠤᠨ ᠵᠠᠬᠢᠶᠠᠰᠤ᠄ ᠪᠢ ᠮᠤᠩᠭᠤᠯ ᠬᠡᠯᠡ ᠲᠠᠢ ᠪᠠᠨ ᠠᠮᠢ ᠨᠠᠰᠤ ᠪᠠᠷ ᠢᠶᠠᠨ ᠬᠤᠯᠪᠤᠭᠠᠲᠠᠢ᠃
 
ᠢᠷᠡᠯᠲᠡ᠄ ︽ᠳ᠋ᠣᠺᠲ᠋ᠣᠷ ᠤᠨ ᠥᠯᠦᠭᠡᠢ- ᠬᠦᠪᠡᠭᠡᠲᠦ ᠰᠢᠷ᠎ᠠ ᠬᠤᠰᠢᠭᠤ︾ ᠠᠴᠠ ᠰᠡᠶᠢᠷᠡᠬᠦᠯᠪᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号