ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠭᠧᠩ ᠮᠢᠨ | ︽ᠰᠢᠨ᠎ᠡ ᠶᠢ ᠡᠭᠦᠳᠬᠦ ᠶᠢᠨ ᠮᠠᠨ ᠤ ᠤᠯᠤᠰ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ | ᠲᠠᠯ᠎ᠠ ᠳᠠᠬᠢ ᠭᠤᠤᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠂ ᠁ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠠᠢ︾ ᠭᠡᠵᠤ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠴᠤ᠂ | ᠰᠢᠨ᠎ᠠ ᠶᠢ ᠡᠬᠦᠳᠬᠦ ᠶᠢ ᠴᠢᠬᠤᠯᠠ ᠪᠠᠶᠢᠷᠢᠨ ᠳᠤ ᠲᠠᠯᠪᠢᠵᠠᠢ᠃ ᠬᠦᠪᠡᠭᠡᠲᠦ ᠰᠢᠷ᠎ᠠ ᠬᠤᠰᠢᠭᠤᠨ ᠤ ᠤᠯᠠᠮᠵᠢᠯᠠᠯᠳᠤ ᠴᠠᠭᠠᠨ | ᠢᠳᠡᠭᠡᠨ ᠪᠤᠯᠪᠠᠰᠤᠷᠠᠭᠤᠯᠬᠤ ᠵᠢᠱᠢᠶ᠎ᠠ ᠦᠵᠡᠬᠦᠯᠬᠦ ᠡᠷᠦᠭᠡ ᠪᠤᠯᠤᠭᠰᠠᠨ ᠤ ᠬᠤᠪᠢ ᠳᠤ᠂ ᠶᠡᠷᠠᠨᠳᠤᠶᠠᠭᠠ ᠶᠢᠨ ᠡᠵᠡᠩᠨᠡᠵᠤ | ᠪᠠᠶᠢᠭ᠎ᠠ ︽ᠪᠠᠶᠠᠵᠢᠨ᠎ᠠ︾ ᠴᠠᠭᠠᠨ ᠢᠳᠡᠭᠡᠨ ᠤ ᠲᠡᠯᠭᠡᠬᠦᠷ ᠨᠢ ᠰᠢᠨ᠎ᠠ ᠶᠢ ᠡᠬᠦᠳᠬᠦ ᠪᠠᠷ ᠵᠢᠯᠤᠭᠤᠳᠤᠮᠵᠢ ᠪᠤᠯᠭᠠᠵᠤ᠂ | ᠦᠢᠯᠡᠳᠪᠤᠷᠢᠯᠡᠯ ᠤᠨ ᠮᠡᠷᠭᠡᠵᠢᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠵᠤ᠂ ᠲᠡᠷᠢᠬᠦᠨ ᠤ ᠲᠤᠨᠤᠭ ᠲᠦᠬᠦᠭᠡᠷᠦᠮᠵᠢ | ᠤᠷᠤᠭᠤᠯᠵᠤ᠂ ᠰᠢᠨ᠎ᠠ ᠪᠦᠲᠦᠭᠡᠭᠲᠡᠬᠦᠨ ᠰᠤᠳᠤᠯᠤᠨ ᠭᠠᠷᠭᠠᠵᠤ᠂ ᠵᠢᠷᠭᠤᠭᠠᠨ ᠵᠢᠯ ᠤᠨ ᠬᠤᠭᠤᠴᠠᠭᠠᠨ ᠳᠤ ᠪᠦᠬᠦ ᠬᠤᠰᠢᠭᠤᠨ ᠤ | ᠦᠨᠳᠤᠰᠤᠲᠡᠨ ᠤ ᠤᠯᠠᠮᠵᠢᠯᠠᠯᠳᠤ ᠴᠠᠭᠠᠨ ᠢᠳᠡᠭᠡᠨ ᠤ ᠠᠵᠢᠯ ᠲᠦᠷᠦᠯ ᠤᠨ ᠤᠷᠦ᠋ᠢᠯᠠᠭᠴᠢ ᠪᠤᠯᠵᠤ ᠴᠤᠯᠭᠤᠷᠠᠨ ᠭᠠᠷᠴᠤ | ᠢᠷᠡᠵᠡᠢ᠃ | 2014 ᠤᠨ ᠳᠤ᠂ ᠶᠡᠷᠡᠨᠲᠤᠶᠠᠭ᠎ᠠ ᠬᠤᠰᠢᠭᠤᠨ ᠲᠦᠪ ᠲᠤ ︽ᠪᠠᠶᠠᠵᠢᠨ᠎ᠠ︾ ᠴᠠᠭᠠᠨ ᠢᠳᠡᠭᠡᠨ ᠤ ᠲᠡᠯᠭᠡᠬᠦᠷ | ᠡᠷᠬᠢᠯᠡᠵᠤ᠂ ᠭᠤᠤᠯᠳᠠᠭᠤ ᠬᠤᠷᠤᠳ᠂ ᠦᠷᠦᠮ᠎ᠡ᠂ ᠰᠢᠷ᠎ᠡ ᠲᠤᠰᠤ ᠵᠡᠷᠭᠡ ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠨ | ᠪᠤᠷᠤᠯᠠᠭᠤᠯᠵᠦ ᠪᠠᠶᠢᠵᠠᠢ᠃ ᠵᠠᠬ᠎ᠠ ᠲᠡᠯᠬᠡᠬᠦᠷ ᠢᠶᠠᠨ ᠤᠯᠤᠭᠰᠠᠨ ᠤ ᠳᠠᠷᠠᠭ᠎ᠠ᠂ 2016 ᠤᠨ ᠠᠴᠠ ᠰᠢᠷᠠᠰᠤᠨ ᠰᠢᠬᠢᠷ | ᠦᠢᠯᠡᠳᠪᠦᠷᠢᠯᠡᠨ ᠪᠤᠷᠤᠯᠠᠭᠤᠯᠵᠦ᠂ ᠲᠦᠷᠪᠡᠨ ᠵᠢᠯ ᠤᠨ ᠲᠤᠷᠰᠢ ᠨᠡᠶᠢᠳᠡ 15 ᠲᠤᠨ ᠪᠤᠷᠤᠯᠠᠭᠤᠯᠵᠦ᠂ ᠴᠡᠪᠡᠷ ᠤᠷᠤᠯᠭ᠎ᠠ ᠨᠢ | 100 ᠲᠦᠮᠡᠨ ᠲᠦᠭᠦᠷᠢᠭ ᠬᠦᠷᠴᠠᠢ᠃ ᠤᠢᠢᠷ᠎ᠠ ᠳᠤ ᠲᠡᠳᠡᠨ ᠤ ᠬᠢᠭᠰᠡᠨ ᠰᠢᠷᠠᠰᠤᠨ ᠰᠢᠬᠢᠷ ᠨᠢ ᠤᠯᠠᠨ ᠬᠡᠷᠡᠭᠯᠡᠭᠴᠢᠳ ᠤᠨ | ᠲᠠᠭᠠᠰᠢᠶᠠᠯ ᠢ ᠤᠯᠵᠦ᠂ ᠵᠠᠬᠢᠶᠠᠯᠠᠭ᠎ᠠ ᠨᠢ ᠨᠡᠮᠡᠭᠳᠡᠵᠦ᠂ ᠲᠡᠳᠡᠨ ᠤ ᠪᠦᠲᠦᠭᠡᠭᠳᠡᠬᠦᠨ ᠨᠢ ᠪᠦᠬᠦ ᠤᠯᠤᠰ ᠤᠨ ᠡᠯ᠎ᠠ ᠭᠠᠵᠠᠷ ᠲᠤ | ᠲᠤᠭᠳᠠᠭᠤᠨ ᠬᠡᠷᠡᠭᠯᠡᠭᠴᠢ ᠲᠠᠢ ᠪᠤᠯᠤᠭᠰᠠᠨ ᠪᠠᠶᠢᠨ᠎ᠠ᠃ | ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠠᠯᠪᠠᠨ | ᠮᠡᠳᠡᠭᠡ ᠶᠢ ᠨᠡᠶᠢᠳᠡᠯᠡᠭᠰᠡᠨ ᠤ ᠳᠠᠷᠠᠭ᠎ᠠ᠂ ᠶᠡᠷᠡᠨᠲᠤᠶᠠᠭ᠎ᠠ ᠲᠠᠷᠤᠢ ᠲᠦᠷᠭᠡᠨ ᠤᠩᠰᠢᠨ ᠰᠤᠷᠤᠯᠴᠠᠵᠦ᠂ ᠠᠯᠪᠠᠨ ᠮᠡᠳᠡᠭᠡᠨ ᠳᠤ | ᠠᠷᠪᠠ ᠭᠠᠷᠤᠢ ᠤᠳᠠᠭ᠎ᠠ ᠲᠤᠷᠠᠳᠤᠭᠳᠠᠭᠰᠠᠨ ︽ᠰᠢᠨ᠎ᠡ ᠶᠢ ᠡᠬᠦᠳᠬᠦ︾ ᠬᠡᠰᠡᠨ ᠦᠬᠡ ᠨᠢ ᠨᠡᠩ ᠴᠤ ᠲᠡᠬᠦᠨ ᠤ ᠦᠢᠯᠡᠰ | ᠡᠷᠬᠢᠯᠡᠬᠦ ᠡᠷᠴᠢ ᠵᠤᠷᠢᠭ ᠢ ᠬᠦᠪᠴᠢᠯᠠᠵᠠᠢ᠃ ︽ᠴᠠᠭᠠᠨ ᠢᠳᠡᠭᠡᠨ ᠪᠤᠯᠪᠠᠰᠤᠷᠠᠭᠤᠯᠬᠤ ᠤᠯᠠᠮᠵᠢᠯᠠᠯᠳᠤ ᠮᠡᠷᠭᠡᠵᠢᠯ ᠤᠨ ᠰᠠᠭᠤᠷᠢᠨ | ᠲᠡᠭᠡᠷ᠎ᠡ ᠰᠢᠨ᠎ᠡ ᠶᠢ ᠡᠬᠦᠳᠬᠦ ᠶᠢ ᠪᠠᠷᠢᠮᠳᠠᠯᠠᠵᠤ᠂ ᠰᠢᠷᠠᠰᠤᠨ ᠰᠢᠬᠢᠷ ᠤᠨ ᠦᠢᠯᠡᠳᠪᠦᠷᠢᠯᠡᠯ ᠤᠨ ᠬᠡᠪᠴᠢᠶ᠎ᠡ ᠪᠠᠨ | ᠦᠷᠭᠡᠳᠭᠡᠬᠦ ᠶᠢᠨ ᠬᠠᠮᠲᠤ ᠰᠢᠷᠠᠰᠤᠨ ᠤ ᠤᠮᠳᠠᠭᠠᠨ᠂ ᠰᠠᠭᠠᠯᠢ ᠶᠢᠨ ᠠᠷᠢᠬᠢ ᠵᠡᠷᠭᠡ ᠰᠢᠨ᠎ᠡ ᠪᠦᠲᠦᠭᠡᠭᠳᠡᠬᠦᠨ ᠢ ᠦᠢᠯᠡᠳᠴᠦ᠂ | ᠪᠦᠲᠦᠭᠡᠭᠳᠡᠬᠦᠨ ᠤ ᠶᠠᠰᠤ ᠴᠢᠨᠠᠷ ᠪᠠ ᠦᠢᠯᠡᠳᠪᠦᠷᠢᠯᠡᠯ ᠤᠨ ᠬᠡᠮᠵᠢᠶ᠎ᠡ ᠶᠢ ᠲᠡᠭᠡᠭᠰᠢᠯᠡᠬᠦᠯᠵᠦ᠂ ᠲᠤᠨᠤᠭ ᠲᠦᠭᠦᠭᠡᠷᠦᠮᠵᠢ᠂ | ᠪᠤᠭᠤᠳᠠᠯ ᠪᠠᠭᠯᠠᠭ᠎ᠠ ᠶᠢᠨ ᠮᠠᠲᠧᠷᠢᠶᠠᠯ ᠢ ᠤᠯᠠᠮ ᠰᠠᠶᠢᠵᠢᠷᠠᠭᠤᠯᠵᠦ᠂ ︿ᠰᠢᠯᠢ ᠶᠢᠨ ᠭᠤᠤᠯ ᠤᠨ ᠬᠦᠪᠡᠭᠡᠲᠤ ᠰᠢᠷ᠎ᠡ | ᠬᠤᠰᠢᠭᠤᠨ ᠤ ᠬᠤᠷᠤᠳ﹀ ᠤᠨ ᠨᠡᠷᠡᠲᠤ ᠲᠡᠮᠳᠡᠭ ᠢ ᠠᠯᠳᠠᠷᠰᠢᠭᠤᠯᠤᠨ᠂ ᠬᠦᠪᠡᠭᠡᠲᠦ ᠰᠢᠷ᠎ᠡ ᠬᠤᠰᠢᠭᠤᠨ ᠤ ᠴᠠᠭᠠᠨ | ᠢᠳᠡᠭᠡᠨ ᠢ ᠨᠡᠩ ᠦᠷᠭᠡᠨ ᠵᠠᠬ᠎ᠠ ᠲᠡᠯᠬᠡᠬᠦᠷ ᠲᠤ ᠭᠠᠷᠭᠠᠬᠤ ᠪᠠᠷ ᠴᠢᠷᠮᠠᠶᠢᠨ᠎ᠠ︾ ᠬᠡᠵᠦ ᠴᠠᠭᠠᠨ ᠢᠳᠡᠭᠡᠨ ᠤ | ᠲᠡᠯᠭᠡᠬᠦᠷ ᠤᠨ ᠢᠶᠠᠨ ᠢᠷᠡᠭᠡᠲᠦᠢ ᠶᠢᠨ ᠬᠦᠭᠵᠢᠯᠲᠠ ᠶᠢᠨ ᠲᠤᠬᠠᠢ ᠲᠡᠷᠡ ᠶᠠᠷᠢᠵᠤ ᠪᠠᠶᠢᠯ᠎ᠠ᠃ |