2020 ᠣᠨ ᠤ 11 ᠰᠠᠷ᠎ᠠ ᠶᠢᠨ 30 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ | ᠰᠣᠮᠣᠨ ᠤ ᠰᠢᠪᠡᠭᠡᠲᠦ ᠭᠠᠴᠠᠭᠠᠨ ᠤ ᠮᠠᠯᠴᠢᠨ ᠬᠠᠰᠪᠠᠭᠠᠲᠤᠷ ᠬᠤᠰᠢᠭᠤ ᠨᠣᠮ ᠤᠨ ᠰᠠᠩ ᠳᠤ ᠨᠣᠮ ᠬᠠᠨᠳᠢᠪᠯᠡᠪᠡ᠃ | ᠳᠠᠯ᠎ᠠ ᠶᠢᠨ ᠲᠠᠪᠠᠭ᠎ᠠ ᠶᠢ ᠳᠠᠪᠠᠭᠰᠠᠨ ᠬᠠᠰᠪᠠᠭᠠᠲᠤᠷ ᠨᠠᠰᠤᠳᠠᠨ ᠪᠣᠯ ᠬᠤᠰᠢᠭᠤ ᠨᠣᠮ ᠤᠨ ᠰᠠᠩ ᠤᠨ ᠦᠷᠬᠦᠯᠵᠢ ᠶᠢᠨ | ᠵᠣᠴᠢᠨ ᠪᠠᠶᠢᠵᠤ᠂ ᠬᠠᠬᠢᠷ ᠬᠦᠢᠲᠡᠨ ᠬᠠᠯᠠᠭᠤᠨ ᠵᠣᠨ ᠢ ᠬᠠᠶᠢᠬᠤᠷᠤᠯ ᠦᠭᠡᠢ ᠨᠣᠮ ᠤᠨ ᠰᠠᠩ ᠢ ᠪᠠᠶᠢᠩᠭᠤ ᠵᠣᠷᠢᠨ | ᠢᠷᠡᠵᠦ ᠦᠷᠬᠦᠯᠵᠢ ᠨᠣᠮ ᠵᠢᠭᠡᠯᠡᠨ ᠣᠩᠰᠢᠳᠠᠭ ᠪᠠᠶᠢᠪᠠ᠃ ᠬᠠᠰᠪᠠᠭᠠᠲᠤᠷ ᠨᠠᠰᠤᠳᠠᠨ ᠦᠪᠡᠷ ᠤᠨ ᠭᠡᠷ ᠲᠡᠭᠡᠨ ᠪᠠᠶᠢᠭ᠎ᠠ | ᠨᠣᠮ ᠢᠶᠠᠨ ᠬᠡᠳᠦ ᠤᠳᠠᠭ᠎ᠠ ᠨᠣᠮ ᠤᠨ ᠰᠠᠩ ᠳᠤ ᠠᠪᠴᠢᠷᠠᠨ ᠥᠭᠴᠦ ᠬᠤᠰᠢᠭᠤ ᠨᠣᠮ ᠤᠨ ᠰᠠᠩ ᠤᠨ ᠨᠣᠮ | ᠬᠠᠳᠠᠭᠠᠯᠠᠬᠤ ᠠᠵᠢᠯ ᠳᠤ ᠶᠡᠬᠡᠭᠡᠨ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ | ᠬᠤᠰᠢᠭᠤ ᠨᠣᠮ ᠤᠨ ᠰᠠᠩ ᠠᠴᠠ ᠨᠠᠰᠤᠳᠠᠨ ᠳᠤ ︽ᠨᠣᠮ ᠤᠨ ᠰᠠᠩ ᠤᠨ ᠬᠤᠷᠢᠶᠠᠨ ᠬᠠᠳᠠᠭᠠᠯᠠᠬᠤ | ᠦᠢᠯᠡᠰ ᠲᠤ ᠬᠤᠪᠢ ᠨᠡᠮᠡᠷᠢ ᠦᠵᠡᠬᠦᠯᠦᠭᠰᠡᠨ︾ ᠬᠦᠨᠳᠦᠳᠭᠡᠯ ᠤᠨ ᠦᠨᠡᠮᠯᠡᠯ ᠭᠠᠷᠳᠠᠭᠤᠯᠤᠭᠰᠠᠨ ᠪᠠᠶᠢᠨ᠎ᠠ᠃ |