ᠬᠦᠪᠡᠭᠡᠲᠦ ᠰᠢᠷ᠎ᠠ ᠬᠤᠰᠢᠭᠤᠨ ᠤ ᠤᠯᠤᠰ ᠤᠨ ᠬᠦᠭᠵᠢᠬᠦᠯᠦᠯᠲᠡ ᠶᠢᠨ ᠪᠠᠩᠭᠢ ᠶᠢᠨ ᠣᠷᠤᠨ ᠨᠤᠲᠤᠭ ᠤᠨ ᠰᠤᠷᠤᠯᠭ᠎ᠠ ᠶᠢᠨ ᠲᠡᠳᠬᠦᠮᠵᠢ ᠶᠢᠨ ᠢᠳᠡᠭᠡᠮᠵᠢᠲᠦ ᠵᠢᠭᠡᠯᠡᠯᠭᠡ ᠶᠢᠨ 2020 ᠣᠨ ᠤ ᠦᠪᠡᠷᠲᠡᠭᠡᠨ ᠬᠦᠦ ᠮᠦᠩᠭᠦ ᠲᠥᠯᠦᠭᠦ ᠠᠵᠢᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2020/12/13
ᠶᠡᠭᠡ ᠰᠤᠷᠭᠠᠭᠤᠯᠢ ᠲᠡᠭᠦᠰᠦᠭᠰᠡᠨ ᠤᠶᠤᠳᠠᠳ ᠪᠠ ᠭᠡᠷ ᠤᠨ ᠠᠬᠠᠮᠠᠳ ᠲᠤ᠄       ᠦᠪᠡᠷᠲᠡᠭᠡᠨ ᠵᠠᠰᠠᠬᠤ ᠣᠷᠤᠨ ᠤ ᠰᠤᠷᠤᠯᠭ᠎ᠠ ᠶᠢᠨ ᠳᠡᠳᠬᠦᠮᠵᠢ ᠶᠢᠨ ᠲᠥᠪ ᠤᠨ ︽2020 ᠣᠨ ᠤ ᠤᠯᠤᠰ ᠤᠨ ᠬᠦᠭᠵᠢᠬᠦᠯᠦᠯᠲᠡ ᠶᠢᠨ ᠪᠠᠩᠭᠢ ᠶᠢᠨ ᠣᠷᠤᠨ ᠨᠤᠲᠤᠭ ᠤᠨ ᠰᠤᠷᠤᠯᠭ᠎ᠠ ᠶᠢᠨ ᠳᠡᠳᠬᠦᠮᠵᠢ ᠶᠢᠨ ᠢᠳᠡᠭᠡᠮᠵᠢᠲᠦ ᠵᠢᠭᠡᠯᠡᠯᠭᠡ ᠪᠠᠷ ᠲᠡᠭᠦᠰᠦᠭᠰᠡᠨ ᠰᠤᠷᠤᠭᠴᠢᠳ ᠤᠨ ᠡᠬᠡ ᠪᠡᠯᠡ᠂ ᠬᠦᠦ ᠮᠦᠩᠭᠦ ᠲᠦᠯᠦᠭᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠰᠤᠷᠤᠯᠭ᠎ᠠ ᠶᠢᠨ ᠳᠡᠳᠬᠦᠮᠵᠢ ᠶᠢᠨ ᠢᠳᠡᠭᠡᠮᠵᠢᠲᠦ ᠵᠢᠭᠡᠯᠡᠯᠭᠡ ᠶᠢᠨ ᠡᠬᠡ ᠪᠡᠯᠡ᠂ ᠬᠦᠦ ᠮᠦᠩᠭᠦ ᠲᠥᠯᠦᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠯᠠᠳᠠ᠂ ᠲᠤᠤᠷᠠᠬᠢ ᠮᠡᠲᠦ ᠬᠡᠳᠦᠨ ᠵᠦᠢᠯ ᠢ ᠤᠨᠴᠠᠭᠠᠶᠢᠯᠠᠨ ᠮᠡᠳᠡᠭᠳᠡᠶ᠎ᠡ᠄       ᠨᠢᠭᠡ᠂ ᠤᠯᠤᠰ ᠤᠨ ᠬᠦᠭᠵᠢᠬᠦᠯᠦᠯᠲᠡ ᠶᠢᠨ ᠪᠠᠩᠭᠢ ᠶᠢᠨ ᠤᠷᠤᠨ ᠨᠤᠲᠤᠭ ᠤᠨ ᠰᠤᠷᠤᠯᠭ᠎ᠠ ᠶᠢᠨ ᠲᠡᠳᠬᠦᠮᠵᠢ ᠶᠢᠨ ᠢᠳᠡᠭᠡᠮᠵᠢᠲᠦ ᠵᠢᠭᠡᠯᠡᠯᠭᠡ ᠶᠢᠨ ᠬᠦᠦ ᠮᠦᠩᠭᠦ ᠶᠢ ᠵᠢᠯ ᠳᠤ ᠨᠢᠭᠡ ᠤᠳᠠᠭ᠎ᠠ ᠪᠤᠳᠤᠵᠤ᠂ ᠰᠤᠷᠤᠭᠴᠢ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠤ ᠬᠦᠦ ᠮᠦᠩᠭᠦ ᠶᠢ ᠡᠳ᠋ ᠤᠨ ᠵᠠᠰᠠᠭ ᠠᠴᠠ ᠲᠥᠯᠦᠵᠦ᠂ ᠰᠤᠷᠤᠭᠴᠢ ᠰᠤᠷᠭᠠᠭᠤᠯᠢ ᠲᠡᠭᠦᠰᠦᠭᠰᠡᠨ ᠵᠢᠯ ᠤᠨ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠦᠦ ᠮᠦᠩᠭᠦ ᠪᠠᠨ ᠦᠪᠡᠷᠲᠡᠭᠡᠨ ᠲᠦᠯᠦᠨ᠎ᠡ᠃ ᠲᠡᠭᠦᠰᠦᠭᠡᠳ ᠬᠤᠶᠠᠷ ᠵᠢᠯ ᠪᠤᠯᠵᠤ ᠪᠠᠶᠢᠭ᠎ᠠ ᠰᠤᠷᠤᠭᠴᠢ ᠭᠡᠷ᠎ᠡ ᠶᠤᠰᠤᠭᠠᠷ ᠬᠡᠰᠡᠭ ᠡᠬᠡ ᠪᠡᠯᠡ ᠪᠠᠨ ᠡᠬᠢᠯᠡᠨ ᠪᠤᠴᠠᠭᠠᠨ᠎ᠠ᠃ ᠬᠡᠷᠪᠡ ᠲᠤᠭᠳᠠᠭᠰᠠᠨ ᠴᠠᠭ ᠲᠤ ᠡᠬᠡ ᠪᠡᠯᠡ ᠪᠠ ᠬᠦᠦ ᠮᠦᠩᠭᠦ ᠪᠠᠨ ᠪᠤᠴᠠᠭᠠᠬᠤ ᠦᠭᠡᠢ ᠪᠣᠯ ᠦᠷ᠎ᠡ ᠳ᠋ᠦᠩ ᠢᠶᠠᠨ ᠥᠪᠡᠷᠲᠡᠭᠡᠨ ᠬᠠᠷᠢᠭᠤᠴᠠᠨ᠎ᠠ᠃       ᠬᠤᠶᠠᠷ᠂ ᠨᠢᠭᠡᠨᠲᠡ ᠰᠤᠷᠭᠠᠭᠤᠯᠢ ᠲᠡᠬᠦᠰᠦᠭᠰᠡᠨ ᠰᠤᠷᠤᠭᠴᠢ 11 ᠰᠠᠷ᠎ᠠ ᠶᠢᠨ 5 ᠤ ᠡᠳᠦᠷ ᠠᠴᠠ 12 ᠰᠠᠷ᠎ᠠ ᠶᠢᠨ 18 ᠤ ᠡᠳᠦᠷ ᠤᠨ ᠬᠤᠭᠤᠷᠤᠨᠳᠤ᠂ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠲᠠ ᠶᠢᠨ ᠲᠥᠪ ︵ᠬᠤᠰᠢᠭᠤ ᠰᠤᠷᠭᠠᠨ ᠬᠦᠮᠦᠵᠢᠯ ᠤᠨ ᠲᠤᠪᠴᠢᠶᠠᠨ ᠤ ᠠᠯᠪᠠᠯᠠᠬᠤ ᠠᠰᠠᠷ ᠤᠨ ᠨᠢᠭᠡᠳᠦᠭᠡᠷ ᠲᠠᠪᠬᠤᠷ ᠤᠨ109 ᠭᠡᠷ︶ ᠲᠤ ᠢᠷᠡᠵᠦ ᠬᠦᠦ ᠮᠦᠩᠭᠦ ᠪᠤᠳᠤᠬᠤ ᠭᠠᠷ ᠬᠦᠢᠴᠡᠳᠭᠡᠯ ᠬᠢᠭᠡᠷᠡᠢ᠂ ᠬᠦᠦ ᠮᠦᠩᠭᠦ ᠪᠠᠨ ᠪᠤᠳᠤᠬᠤ ᠳᠤ  POS ᠮᠠᠰᠢᠨ ᠢᠶᠠᠷ ᠲᠤᠭᠠᠴᠢᠭ᠎ᠠ ᠬᠢᠨ᠎ᠡ᠃ ᠬᠠᠷᠢᠯᠴᠠᠬᠤ ᠤᠳᠠᠰᠤ᠄ 0479-6225936         ᠬᠦᠪᠡᠭᠡᠲᠦ ᠰᠢᠷ᠎ᠠ ᠬᠤᠰᠢᠭᠤᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ                                 2020 ᠣᠨ ᠤ 11 ᠰᠠᠷ᠎ᠠ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号