︽ᠦᠨᠳᠦᠰᠦᠳᠡᠨ ᠤ ᠣᠨᠴᠠᠯᠢᠭᠲᠤ ᠰᠤᠶᠤᠯ ᠤᠨ ᠵᠡᠭᠡᠯᠢ︾ — ᠬᠤᠲᠠ ᠣᠷᠤᠭᠰᠠᠨ ᠮᠠᠯᠴᠢᠳ ᠤᠨ ᠳᠤᠯᠠᠭᠠᠨ ᠪᠠᠭᠤᠴᠠ
ᠨᠡᠶᠢᠲᠡᠯᠡᠭᠰᠡᠨ ᠴᠠᠭ᠄
2020/12/13
                                      ᠰᠣᠷᠪᠤᠯᠵᠢᠯᠠᠭᠴᠢ ᠵᠤᠨ᠎ᠠ ᠲᠡᠷᠭᠡᠯ      ᠬᠦᠪᠡᠭᠡᠲᠦ ᠰᠢᠷ᠎ᠠ ᠬᠤᠰᠢᠭᠤᠨ ᠤ ᠴᠡᠩᠭᠡᠯ ᠲᠤᠭᠤᠷᠢᠭ ᠤᠨ ︽ᠦᠨᠳᠦᠰᠦᠳᠡᠨ ᠤ ᠣᠨᠴᠠᠯᠢᠭᠲᠤ ᠰᠤᠶᠤᠯ ᠤᠨ ᠵᠡᠭᠡᠯᠢ︾ ᠪᠣᠯ ᠬᠤᠲᠠ ᠣᠷᠤᠭᠰᠠᠨ ᠮᠠᠯᠴᠢᠳ ᠤᠨ ᠠᠵᠢᠯ ᠣᠯᠭᠤᠬᠤ ᠠᠷᠭ᠎ᠠ ᠵᠠᠮ ᠢ ᠦᠷᠭᠡᠳᠬᠡᠬᠦ ᠶᠢᠨ ᠲᠥᠯᠦᠭᠡ ᠪᠠᠶᠢᠭᠤᠯᠤᠭᠰᠠᠨ ᠦᠨᠳᠦᠰᠦᠳᠡᠨ ᠤ ᠣᠨᠴᠠᠯᠢᠭᠲᠤ ᠬᠤᠳᠠᠯᠳᠤᠭᠠᠨ ᠤ ᠵᠡᠭᠡᠯᠢ ᠪᠠᠶᠢᠵᠤ᠂ ᠨᠡᠶᠢᠲᠡ 52 ᠬᠤᠳᠠᠯᠳᠤᠭᠠᠨ ᠤ ᠠᠰᠠᠷ ᠲᠠᠢ᠂ ᠠᠰᠠᠷ ᠢ ᠵᠠᠰᠠᠨ ᠴᠢᠮᠡᠭᠯᠡᠬᠦ ᠵᠢᠴᠢ ᠵᠡᠭᠡᠯᠢ ᠭᠤᠳᠤᠮᠵᠢ ᠶᠢᠨ ᠪᠤᠵᠠᠷ ᠤᠰᠤᠨ ᠤ ᠬᠤᠭᠤᠯᠠᠢ ᠶᠢᠨ ᠵᠠᠮ ᠢ ᠵᠠᠰᠠᠬᠤ ᠳᠤ ᠨᠡᠶᠢᠲᠡ 2356 ᠲᠥᠮᠡᠨ ᠲᠦᠭᠦᠷᠢᠭ ᠤᠨ ᠪᠡᠯᠡ ᠤᠷᠤᠭᠤᠯᠵᠤ᠂ ᠠᠰᠠᠷ ᠪᠦᠷᠢ ᠶᠢᠨ ᠳᠤᠮᠳᠠᠴᠢ ᠲᠠᠯᠠᠪᠠᠢ ᠨᠢ ᠪᠠᠷᠤᠭ140 ᠲᠡᠭᠰᠢ ᠲᠥᠷᠪᠡᠯᠵᠢᠨ ᠮᠧᠲᠷ ᠣᠷᠴᠢᠮ ᠬᠦᠷᠳᠡᠭ᠃      ᠸᠴᠢᠷᠪᠠᠲᠤ ᠪᠣᠯ ᠲᠤᠰ ᠵᠡᠭᠡᠯᠢ ᠳᠤ ︽ᠲᠠᠷᠬᠠᠨ ᠮᠦᠩᠭᠦᠨ ᠡᠳ᠋ᠯᠡᠯ︾ ᠶᠢᠨ ᠳᠡᠯᠭᠡᠬᠦᠷ ᠡᠷᠬᠢᠯᠡᠵᠦ ᠪᠠᠶᠢᠭ᠎ᠠ ᠮᠠᠯᠴᠢᠨ ᠵᠠᠯᠠᠭᠤ ᠶᠤᠮ᠃ ᠬᠠᠷᠠᠬᠠᠨ ᠪᠠᠭ᠎ᠠ ᠠᠴᠠ ᠪᠠᠨ ᠡᠮᠡᠭᠡ ᠶᠢᠨ ᠢᠶᠠᠨ ᠤᠶᠤᠳᠠᠯ ᠦᠢᠯᠡ᠂ ᠮᠣᠳᠣᠨ ᠡᠳ᠋ᠯᠡᠯ ᠬᠢᠬᠦ ᠶᠢ ᠦᠵᠡᠵᠦ ᠭᠠᠷ ᠤᠷᠠᠯᠠᠯ ᠳᠤ ᠪᠠᠬ᠎ᠠ ᠲᠠᠢ ᠪᠤᠯᠤᠭᠰᠠᠨ ᠲᠡᠷᠡ ᠥᠨᠳᠦᠷ ᠲᠤᠮᠳᠠᠳᠤ ᠪᠠᠨ ᠲᠡᠭᠦᠰᠦᠮᠡᠭᠴᠡ ᠥᠪᠦᠷ ᠮᠤᠩᠭᠤᠯ ᠤᠨ ᠵᠢᠷᠤᠭ ᠪᠢᠴᠢᠯᠭᠡ ᠶᠢᠨ ᠲᠡᠭᠡᠳᠦ ᠰᠤᠷᠭᠠᠭᠤᠯᠢ ᠳᠤ ᠰᠤᠷᠤᠯᠴᠠᠵᠤ᠂ ᠮᠦᠨ ᠴᠤ ᠡᠨᠡ ᠬᠤᠭᠤᠴᠠᠭᠠᠨ ᠳᠤ ᠡᠯ᠎ᠡ ᠲᠥᠷᠦᠯ ᠤᠨ ᠭᠠᠷ ᠤᠷᠠᠯᠠᠯ ᠤᠨ ᠤᠷᠤᠯᠳᠤᠭᠠᠨ ᠳᠤ ᠢᠳᠡᠪᠬᠢᠯᠡᠨ ᠤᠷᠤᠯᠴᠠᠵᠤ ᠥᠪᠡᠷ ᠢ ᠪᠠᠨ ᠪᠤᠯᠪᠠᠰᠤᠷᠠᠭᠤᠯᠳᠠᠭ ᠪᠠᠶᠢᠪᠠ᠃ ᠰᠤᠷᠭᠠᠭᠤᠯᠢ ᠪᠠᠨ ᠲᠡᠬᠦᠰᠦᠭᠰᠡᠨ ᠤ ᠲᠠᠷᠠᠭ᠎ᠠ ᠪᠠᠰᠠ ᠲᠠᠷᠬᠠᠨ ᠤᠷᠠᠯᠠᠯ ᠤᠨ ᠮᠡᠷᠭᠡᠵᠢᠯ ᠢ ᠰᠤᠷᠤᠯᠴᠠᠬᠤ ᠶᠢᠨ ᠲᠠᠭᠠᠤ ᠠᠷᠠᠰᠤᠨ ᠤᠷᠠᠯᠠᠯ ᠤᠨ ᠮᠡᠷᠭᠡᠵᠢᠯ ᠢᠶᠠᠷ ᠠᠵᠢᠯᠯᠠᠵᠤ ᠮᠠᠰᠢ ᠠᠷᠪᠢᠨ ᠨᠠᠨᠳᠢᠨ ᠲᠤᠷᠰᠢᠯᠠᠭ᠎ᠠ ᠬᠤᠷᠠᠮᠳᠤᠭᠤᠯᠤᠭᠰᠠᠨ ᠪᠠᠶᠢᠨ᠎ᠠ᠃ 2016 ᠣᠨ ᠳᠤ ᠨᠤᠲᠤᠭ ᠲᠠᠭᠠᠨ ᠪᠤᠴᠠᠵᠤ ︽ᠲᠠᠷᠬᠠᠨ ᠮᠦᠩᠭᠦᠨ ᠡᠳ᠋ᠯᠡᠯ︾ ᠤᠨ ᠲᠡᠯᠭᠡᠬᠦᠷ ᠨᠡᠭᠡᠭᠡᠵᠦ ᠲᠤᠷᠠᠲᠠᠢ ᠦᠢᠯᠡᠰ ᠢᠶᠠᠨ ᠬᠦᠭᠡᠭᠡᠴᠡᠯᠳᠦᠵᠡᠢ᠃ ︽ᠤᠤᠯ ᠨᠢ ᠲᠡᠯᠭᠡᠬᠦᠷ ᠢᠶᠠᠨ ᠵᠡᠭᠡᠯᠢ ᠶᠢᠨ ᠭᠡᠷ ᠲᠦᠷᠢᠶᠡᠰᠦᠯᠡᠵᠦ ᠡᠵᠡᠩᠨᠡᠳᠡᠭ ᠪᠠᠶᠢᠭᠰᠠᠨ ᠠᠴᠠ ᠤᠯᠤᠭᠰᠠᠨ ᠵᠢᠭᠠᠬᠠᠨ ᠢᠶᠠᠨ ᠬᠦᠮᠦᠨ ᠳᠤ ᠥᠭᠴᠢᠭᠡᠳᠡᠭ᠃ ᠦᠨᠳᠦᠰᠦᠳᠡᠨ ᠤ ᠤᠨᠴᠠᠯᠢᠭᠲᠤ ᠰᠤᠶᠤᠯ ᠤᠨ ᠵᠡᠭᠡᠯᠢ ᠶᠢᠨ ᠠᠰᠢᠭᠲᠠᠢ ᠲᠥᠷᠦ ᠶᠢᠨ ᠪᠣᠳᠣᠯᠭ᠎ᠠ ᠶᠢᠨ ᠰᠠᠶᠢᠨ ᠢᠶᠠᠷ ᠣᠳᠤ ᠦᠪᠡᠷ ᠤᠨ ᠬᠢᠮᠲᠠ ᠰᠠᠷᠠᠭᠤᠯᠬᠠᠨ ᠲᠡᠯᠭᠡᠬᠦᠷ ᠲᠠᠢ ᠪᠤᠯᠤᠯ᠎ᠠ᠃ ᠬᠤᠶᠢᠰᠢᠲᠠ ᠲᠠᠷᠬᠠᠨ ᠤ ᠠᠵᠢᠯ ᠢᠶᠠᠨ ᠪᠤᠰᠤᠳ ᠲᠤ ᠲᠤᠷᠠᠲᠠᠢ ᠵᠢᠭᠠᠵᠤ ᠦᠢᠯᠡᠰ ᠢᠶᠠᠨ ᠬᠦᠭᠵᠢᠬᠦᠯᠬᠦ ᠪᠠᠷ ᠴᠢᠷᠮᠠᠶᠢᠨ᠎ᠠ︾ ᠭᠡᠵᠦ ᠸᠴᠢᠷᠪᠠᠲᠤ ᠰᠤᠷᠪᠤᠯᠵᠢᠯᠠᠭᠴᠢ ᠳᠤ ᠶᠠᠷᠢᠯ᠎ᠠ᠃
     ᠤᠶᠤᠨᠴᠢᠮᠡᠭ ᠪᠣᠯ ᠬᠦᠪᠡᠭᠡᠲᠦ ᠰᠢᠷ᠎ᠠ ᠬᠤᠰᠢᠭᠤᠨ ᠤ ᠬᠤᠲᠠ ᠣᠷᠤᠭᠰᠠᠨ ᠮᠠᠯᠴᠢᠨ᠃ ᠬᠤᠲᠠ ᠤᠷᠤᠭᠰᠠᠨ ᠡᠬᠢᠨ ᠤ ᠬᠤᠭᠤᠴᠠᠭᠠᠨ ᠳᠤ ᠠᠳᠠᠯ ᠪᠤᠰᠬᠠᠬᠤ ᠪᠡᠯᠡ ᠮᠦᠩᠭᠦ ᠴᠦᠭᠡᠨ᠂ ᠭᠡᠷ ᠪᠦᠯᠢ ᠶᠢᠨ ᠬᠦᠳᠡᠯᠮᠦᠷᠢ ᠬᠦᠴᠦ ᠬᠦᠷᠦᠯᠴᠡᠬᠦ ᠦᠭᠡᠢ᠂ ᠬᠡᠦᠬᠡᠳ ᠤᠨ ᠰᠤᠷᠭᠠᠭᠤᠯᠢ ᠳᠤ ᠤᠷᠣᠬᠤ ᠵᠠᠷᠤᠳᠠᠯ ᠶᠡᠭᠡ ᠠᠴᠠ ᠪᠣᠯᠵᠤ ᠠᠵᠤ ᠠᠮᠢᠳᠤᠷᠠᠯ ᠨᠢ ᠲᠤᠩ ᠬᠦᠴᠢᠷᠲᠠᠢ ᠪᠠᠶᠢᠭᠰᠠᠨ ᠠᠴᠠ ᠳᠠᠩᠰᠠ ᠺᠠᠷᠲ ᠪᠠᠶᠢᠭᠤᠯᠤᠭᠰᠠᠨ ᠬᠦᠴᠢᠷᠲᠠᠢ ᠡᠷᠦᠬᠡ ᠶᠢᠨ ᠲᠣᠭᠠᠨ ᠳᠤ ᠤᠷᠤᠵᠣ ᠲᠤᠰᠠᠯᠠᠮᠵᠢ ᠬᠦᠷᠲᠡᠵᠡᠢ᠃ ᠣᠳᠤ ᠲᠡᠷᠡ ︽ᠦᠨᠳᠦᠰᠦᠳᠡᠨ ᠤ ᠣᠨᠴᠠᠯᠢᠭᠲᠤ ᠰᠤᠶᠤᠯ ᠤᠨ ᠵᠡᠭᠡᠯᠢ︾ ᠲᠤ ᠳᠡᠪᠡᠯ ᠤᠶᠤᠬᠤ ᠲᠡᠯᠭᠡᠬᠦᠷ ᠢᠶᠠᠨ ᠨᠡᠭᠡᠭᠡᠵᠦ ᠠᠷᠢᠭᠤᠨ ᠬᠦᠳᠡᠯᠮᠦᠷᠢ ᠪᠠᠷ ᠢᠷᠡᠭᠡᠳᠦᠢ ᠪᠠᠨ ᠴᠤᠭᠴᠠᠯᠠᠬᠤ ᠪᠠᠷ ᠡᠷᠳᠡᠯᠡᠵᠦ ᠤᠷᠤᠶᠢᠯᠠᠨ ᠶᠠᠭᠠᠷᠠᠨ᠎ᠠ᠃ ︽ᠨᠠᠮ ᠵᠠᠰᠠᠭ ᠠᠴᠠ ᠮᠢᠨᠤ ᠠᠮᠢᠳᠤᠷᠠᠯ ᠳᠤ ᠮᠠᠰᠢ ᠶᠡᠭᠡ ᠳᠤᠰᠠᠯᠠᠮᠵᠢ ᠦᠵᠡᠬᠦᠯᠦᠭᠰᠡᠨ᠃ ᠣᠳᠣ ᠲᠤᠬᠢᠯᠢᠭ ᠰᠠᠶᠢᠬᠠᠨ ᠠᠰᠠᠷ ᠲᠠᠢ ᠪᠤᠯᠤᠯ᠎ᠠ᠃ ᠡᠨᠡ ᠪᠦᠬᠦᠨ ᠤ ᠬᠠᠷᠢᠭᠤ ᠳᠤ ᠪᠢ ᠤᠯᠠᠮ ᠴᠢᠷᠮᠠᠶᠢᠨ ᠠᠵᠢᠯᠯᠠᠨ᠎ᠠ᠃ ᠣᠳᠣ ᠪᠢ ᠭᠤᠷᠪᠠᠨ ᠱᠠᠪᠢ ᠲᠠᠢ ᠪᠣᠯᠵᠤ᠂ ᠲᠡᠳᠡᠨ ᠳᠤ ᠤᠷᠤᠯᠭ᠎ᠠ ᠣᠯᠭᠤᠯᠬᠤ ᠶᠢᠨ ᠬᠠᠮᠲᠤ ᠳᠡᠪᠡᠯ ᠬᠤᠪᠴᠠᠰᠤ ᠣᠶᠣᠬᠤ ᠤᠯᠠᠮᠵᠢᠯᠯᠠᠲᠤ ᠰᠤᠶᠤᠯ ᠢᠶᠠᠨ ᠪᠠᠳᠠᠷᠠᠭᠤᠯᠬᠤ ᠪᠠᠷ ᠮᠡᠷᠡᠶᠢᠵᠤ ᠪᠠᠶᠢᠨ᠎ᠠ︾ ᠭᠡᠵᠦ ᠣᠶᠣᠨᠴᠢᠮᠡᠭ ᠪᠠᠶᠠᠷᠲᠠᠶᠢᠬᠠᠨ ᠶᠠᠷᠢᠵᠤ ᠪᠠᠶᠢᠯ᠎ᠠ᠃
      ︽ᠦᠨᠳᠦᠰᠦᠳᠡᠨ ᠤ ᠣᠨᠴᠠᠯᠢᠭᠲᠤ ᠰᠤᠶᠤᠯ ᠤᠨ ᠵᠡᠭᠡᠯᠢ︾ ᠶᠢᠨ ᠬᠤᠳᠠᠯᠳᠤᠭᠠᠨ ᠤ ᠠᠰᠠᠷ ᠢ ᠭᠤᠣᠯᠳᠠᠭᠤ ᠲᠣᠬᠠᠢ ᠶᠢᠨ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠲᠥᠷᠦᠯ ᠵᠦᠢᠯ ᠢᠶᠠᠷ ᠳᠠᠮᠵᠢᠭᠰᠠᠨ ᠮᠠᠯᠴᠢᠨ ᠡᠷᠦᠬᠡ ᠳᠤ ᠣᠯᠭᠤᠵᠣ᠂ ᠬᠤᠲᠠ ᠣᠷᠤᠭᠰᠠᠨ ᠮᠠᠯᠴᠢᠳ ᠤᠨ ᠡᠷᠬᠢᠯᠡᠵᠦ ᠪᠠᠶᠢᠭ᠎ᠠ ᠠᠵᠤ ᠦᠢᠯᠡᠰ ᠤᠨ ᠬᠦᠭᠵᠢᠯᠲᠡ ᠶᠢ ᠲᠡᠳᠬᠦᠵᠦ᠂ ᠬᠡᠪ ᠤᠨ ᠪᠠᠶᠢᠳᠠᠯ ᠢᠶᠠᠷ ᠶᠠᠳᠠᠭᠤ ᠠᠴᠠ ᠠᠩᠭᠢᠵᠢᠷᠠᠭᠰᠠᠨ ᠳᠠᠩᠰᠠ ᠺᠠᠷᠲ ᠪᠠᠶᠢᠭᠤᠯᠤᠭᠰᠠᠨ ᠶᠠᠳᠠᠭᠤ ᠡᠷᠦᠬᠡ ᠳᠤ ᠲᠦᠷᠦᠬᠦᠦ ᠵᠢᠯ ᠳᠤᠨᠢ ᠲᠦᠷᠢᠶᠡᠰᠦᠨ ᠮᠦᠩᠭᠦ ᠬᠤᠷᠢᠶᠠᠬᠤ ᠦᠭᠡᠢ᠂ ᠬᠤᠶᠠᠷ ᠭᠤᠷᠪᠠᠳᠤᠭᠠᠷ ᠵᠢᠯ ᠳᠤ ᠲᠡᠭᠰᠢ ᠳᠥᠷᠪᠡᠯᠵᠢᠨ ᠮᠧᠲᠷ ᠪᠦᠷᠢ ᠠᠴᠠ 10 ᠲᠦᠭᠦᠷᠢᠭ ᠤᠨ ᠲᠥᠷᠢᠶᠡᠰᠦᠨ ᠮᠦᠩᠭᠦ ᠬᠤᠷᠢᠶᠠᠵᠤ᠂ ᠭᠤᠷᠪᠠᠨ ᠵᠢᠯ ᠢᠶᠠᠷ ᠨᠢᠭᠡ ᠦᠶᠡᠯᠡᠯ ᠤᠨ ᠬᠤᠭᠤᠴᠠᠭ᠎ᠠ ᠪᠣᠯᠭᠠᠨ ᠲᠦᠷᠢᠶᠡᠰᠦᠯᠡᠬᠦᠯᠳᠡᠭ ᠪᠠᠶᠢᠨ᠎ᠠ᠃ ᠶᠡᠳᠡᠭᠤ ᠡᠷᠦᠬᠡ ᠳᠤ ᠲᠦᠷᠢᠶᠡᠰᠦᠯᠡᠬᠦᠯᠦᠭᠡᠳ ᠦᠯᠡᠳᠡᠭᠰᠡᠨ ᠠᠰᠠᠷ ᠢ ᠨᠢᠭᠡ ᠠᠴᠠ ᠳᠡᠭᠡᠭᠰᠢ ᠳᠠᠩᠰᠠ ᠺᠠᠷᠲ ᠪᠠᠶᠢᠭᠤᠯᠤᠭᠰᠠᠨ ᠶᠠᠳᠠᠭᠤ ᠡᠷᠦᠬᠡ ᠶᠢᠨ ᠬᠦᠮᠦᠨ ᠳᠤ ᠠᠵᠢᠯ ᠣᠯᠭᠤᠵᠤ ᠴᠢᠳᠠᠬᠤ ᠦᠨᠳᠦᠰᠦᠳᠡᠨ ᠤ ᠣᠨᠴᠠᠯᠢᠭᠲᠤ ᠠᠵᠤ ᠦᠢᠯᠡᠰ ᠡᠷᠬᠢᠯᠡᠵᠦ ᠪᠠᠶᠢᠭ᠎ᠠ ᠡᠩ ᠤᠨ ᠬᠤᠲᠠ ᠣᠷᠤᠭᠰᠠᠨ ᠡᠷᠦᠬᠡ ᠳᠤ ᠲᠡᠭᠰᠢ ᠲᠥᠷᠪᠡᠯᠵᠢᠨ ᠮᠧᠲᠷ ᠪᠦᠷᠢ 30 ᠲᠦᠭᠦᠷᠢᠭ ᠢᠶᠠᠷ ᠲᠦᠷᠢᠶᠡᠰᠦᠯᠡᠬᠦᠯᠵᠤ᠂ ᠦᠨᠳᠦᠰᠦᠳᠡᠨ ᠤ ᠤᠨᠴᠠᠯᠢᠭᠲᠤ ᠠᠵᠤ ᠦᠢᠯᠡᠰ ᠤᠨ ᠬᠦᠭᠵᠢᠯᠲᠡ ᠶᠢ ᠠᠬᠢᠭᠤᠯᠬᠤ ᠶᠢᠨ ᠲᠠᠭᠠᠤ ᠶᠠᠳᠠᠭᠤ ᠡᠷᠦᠬᠡ ᠳᠤ ᠠᠵᠢᠯ ᠣᠯᠭᠤᠨ ᠤᠷᠤᠯᠭ᠎ᠠ ᠶᠢ ᠨᠢ ᠨᠡᠮᠡᠭᠳᠡᠬᠦᠯᠵᠦ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号