︽ᠴᠡᠷᠢᠭ ᠱᠥᠵᠢ︾ ᠶᠢᠨ ᠵᠢᠳᠬᠦᠯ
ᠨᠡᠶᠢᠲᠡᠯᠡᠭᠰᠡᠨ ᠴᠠᠭ᠄
2020/12/13
                            ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠪᠠᠶᠠᠷᠳᠥ      ᠬᠥᠪᠡᠭᠡᠳᠥ ᠰᠢᠷ᠎ᠠ ᠬᠤᠰᠢᠭᠤᠨ ᠤ ᠪᠤᠭᠳᠠ ᠶᠢᠨ ᠭᠤᠤᠯ ᠰᠤᠮᠤ ᠶᠢᠨ ᠬᠤᠨᠢᠴᠢᠨ ᠬᠠᠰᠢᠶᠠᠳᠥ ᠭᠠᠴᠠᠭᠠᠨ ᠤ ᠨᠠᠮ ᠤᠨ ᠡᠭᠦᠷ ᠤᠨ ᠱᠥᠵᠢ᠂ ᠭᠠᠴᠠᠭᠠᠨ ᠳᠠᠷᠤᠭ᠎ᠠ ᠰᠢᠨᠡᠪᠠᠭᠠᠳᠤᠷ ᠢ ᠲᠤᠷᠠᠳᠬᠤ ᠳᠤ ︽ᠮᠠᠨ ᠤ ᠰᠢ᠊ ᠱᠥᠵᠢ ᠮᠠᠯᠴᠢᠳ ᠢᠶᠠᠨ ᠪᠤᠳᠤᠳᠠᠭ ᠰᠠᠶᠢᠨ ᠳᠠᠷᠤᠭ᠎ᠠ︾ ᠭᠡᠵᠥ ᠡᠷᠡᠬᠡᠢ ᠭᠤᠵᠦ᠋ᠢᠯᠭᠠᠨ ᠮᠠᠭᠲᠠᠬᠤ ᠬᠥᠮᠥᠰ ᠵᠥᠩᠳᠡᠭᠡᠨ᠃      ᠰᠢᠨᠡᠪᠠᠭᠠᠳᠤᠷ 1989 ᠤᠨ ᠳᠤ ᠴᠡᠷᠢᠭ ᠲᠤ ᠮᠤᠷᠳᠠᠵᠥ᠂ 1992 ᠤᠨ ᠳᠤ ᠴᠡᠷᠢᠭ ᠠᠴᠠ ᠬᠠᠯᠠᠭᠳᠠᠨ᠂ ᠨᠤᠳᠤᠭ ᠲᠤ ᠪᠠᠨ ᠬᠠᠷᠢᠵᠥ ᠮᠠᠯ ᠢᠶᠠᠨ ᠮᠠᠯᠵᠢᠵᠠᠢ᠃ ᠲᠠᠷᠢᠬᠢ ᠬᠥᠩᠭᠡᠨ᠂ ᠶᠠᠭᠤᠮᠠᠨ ᠳᠤ ᠡᠪᠳᠡᠢ ᠪᠥᠭᠡᠳ ᠴᠡᠷᠢᠭ ᠲᠤ ᠶᠠᠪᠤᠵᠤ ᠲᠠᠪᠲᠠᠭᠳᠠᠨ ᠪᠤᠯᠪᠠᠰᠤᠷᠠᠭᠰᠠᠨ ᠢᠶᠠᠷ ᠢᠶᠠᠨ ᠨᠤᠳᠤᠭ ᠤᠨ ᠢᠶᠠᠨ ᠮᠠᠯᠴᠢᠳ ᠲᠤ ᠲᠤᠭᠤᠬᠳᠠᠵᠥ᠂ 1996 ᠤᠨ ᠳᠤ ᠭᠠᠴᠠᠭᠠᠨ ᠳᠠᠷᠤᠭ᠎ᠠ ᠪᠠᠷ ᠰᠤᠩᠭᠤᠭᠳᠠᠭᠰᠠᠨ ᠠᠴᠠ ᠨᠠᠭᠠᠰᠢ ᠭᠠᠴᠠᠭᠠᠨ ᠤ ᠠᠵᠢᠯ ᠳᠤ ᠬᠤᠷᠢ ᠭᠠᠷᠤᠢ ᠵᠢᠯ ᠬᠤᠶᠢᠰᠢ ᠥᠭᠡᠢ ᠵᠢᠳᠬᠦᠵᠥ᠂ ᠮᠠᠯᠴᠢᠳ ᠢᠶᠠᠨ ᠳᠠᠭᠠᠭᠤᠯᠤᠨ ᠨᠤᠳᠤᠭ ᠤᠰᠤᠨ ᠤ ᠪᠠᠨ ᠬᠥᠭᠵᠢᠯᠳᠡ ᠳᠤ ᠤᠶᠤᠨ ᠴᠢᠳᠠᠯ ᠢᠶᠠᠨ ᠰᠢᠪᠬᠠᠭᠰᠠᠭᠠᠷ ᠢᠷᠡᠭᠰᠡᠨ ᠶᠤᠮ᠃      ᠭᠠᠴᠠᠭᠠᠨ ᠤ ᠪᠠᠨ ᠪᠠᠶᠢᠭᠠᠯᠢ ᠶᠢᠨ ᠨᠥᠬᠦᠴᠡᠯ ᠠᠨᠠᠢ᠂ ᠰᠠᠭᠤᠷᠢ ᠲᠥᠬᠦᠭᠡᠷᠥᠮᠵᠢ ᠬᠤᠴᠤᠷᠤᠩᠭᠤᠢ ᠪᠥᠭᠡᠳ ᠠᠵᠥ ᠦᠢᠯᠡᠰ ᠳᠠᠩ ᠴᠤᠯᠭᠤᠢ ᠪᠤᠳᠠᠳᠥ ᠪᠠᠶᠢᠳᠠᠯ ᠳᠤ ᠴᠢᠭᠯᠡᠬᠦᠯᠥᠨ᠂ ᠰᠢᠨᠡᠪᠠᠭᠠᠳᠤᠷ ᠤᠯᠠᠨ ᠡᠰᠢᠵᠢᠭᠰᠡᠨ ᠬᠥᠭᠵᠢᠯᠳᠡ ᠶᠢ ᠰᠠᠨᠠᠭᠠᠴᠢᠯᠠᠵᠥ᠂ ᠭᠠᠴᠠᠭᠠᠨ ᠤ ᠬᠠᠮᠳᠥ ᠶᠢᠨ ᠠᠵᠥ ᠠᠬᠤᠢ ᠶᠢ ᠬᠥᠭᠵᠢᠬᠦᠯᠬᠦ ᠳᠡᠭᠡᠷ᠎ᠡ ᠬᠥᠴᠥ ᠲᠠᠯᠪᠢᠵᠠᠢ᠃ ᠲᠡᠷᠡ ᠭᠠᠴᠠᠭᠠᠨ ᠤ ᠪᠠᠨ ᠬᠠᠷᠢᠶᠠᠨ ᠳᠤ ᠪᠠᠶᠢᠳᠠᠭ ᠤᠯᠠᠭᠠᠨ ᠨᠠᠭᠤᠷ ᠢ ᠠᠰᠢᠭᠯᠠᠨ ᠵᠢᠭᠠᠰᠥ᠂ ᠨᠠᠢᠮᠠᠯᠵᠢ ᠵᠡᠷᠭᠡ ᠤᠰᠤᠨ ᠭᠠᠷᠤᠯᠳᠠ ᠶᠢᠨ ᠦᠢᠯᠡᠰ᠂ ᠵᠢᠭᠤᠯᠴᠢᠯᠠᠯ ᠤᠨ ᠦᠢᠯᠡᠰ ᠢ ᠬᠥᠭᠵᠢᠬᠦᠯᠬᠦ ᠶᠢᠨ ᠬᠠᠮᠳᠥ ᠠᠮᠢ ᠠᠬᠤᠢ ᠶᠢᠨ ᠪᠥᠳᠥᠭᠡᠨ ᠪᠠᠶᠢᠭᠤᠯᠤᠯᠳᠠ᠂ ᠥᠨᠳᠥᠰᠥᠳᠡᠨ ᠤ ᠬᠥᠭᠵᠢᠯᠳᠡ ᠶᠢᠨ ᠪᠡᠯᠡ ᠮᠦᠡᠭᠬᠦ ᠵᠡᠷᠭᠡ ᠬᠠᠮᠳᠥ ᠶᠢᠨ ᠠᠵᠥ ᠠᠬᠤᠢ ᠶᠢᠨ ᠬᠥᠭᠵᠢᠯᠳᠡ ᠶᠢᠨ ᠲᠥᠷᠥᠯ ᠵᠦᠢᠯ ᠢ ᠡᠷᠡᠮᠡᠯᠵᠡᠨ ᠤᠯᠵᠥ᠂ ᠴᠠᠬᠠᠷ ᠬᠤᠨᠢ ᠮᠠᠯᠵᠢᠬᠤ᠂ ᠮᠠᠰᠢᠨ ᠲᠥᠬᠦᠭᠡᠷᠥᠮᠵᠢ ᠶᠢᠨ ᠦᠢᠯᠡᠴᠢᠯᠡᠭᠡ ᠬᠠᠨᠭ᠍ᠭᠠᠬᠤ᠂ ᠡᠪᠡᠰᠥ ᠲᠠᠷᠢᠬᠤ᠂ ᠡᠳ᠋ ᠬᠥᠷᠥᠩᠭᠡ ᠪᠠᠨ ᠳᠥᠷᠢᠶᠡᠰᠥᠯᠡᠬᠦᠯᠬᠦ ᠵᠡᠷᠭᠡ ᠠᠷᠭ᠎ᠠ ᠪᠠᠷ ᠠᠵᠥ ᠦᠢᠯᠡᠰ ᠢ ᠬᠥᠭᠵᠢᠬᠦᠯᠥᠨ᠂ ᠬᠠᠮᠳᠥ ᠶᠢᠨ ᠠᠵᠥ ᠠᠬᠤᠢ ᠶᠢᠨ ᠬᠥᠭᠵᠢᠯᠳᠡ ᠶᠢᠨ ᠠᠷᠭ᠎ᠠ ᠵᠠᠮ ᠢ ᠥᠷᠭᠡᠳᠬᠡᠵᠥ᠂ 2019 ᠤᠨ ᠳᠤ ᠭᠠᠴᠠᠭᠠᠨ ᠤ ᠬᠠᠮᠳᠥ ᠶᠢᠨ ᠠᠵᠥ ᠠᠬᠤᠢ ᠶᠢᠨ ᠤᠷᠤᠯᠭ᠎ᠠ ᠨᠢ 7.3 ᠲᠥᠮᠡᠨ ᠲᠥᠭᠦᠷᠢᠭ ᠲᠤ ᠬᠥᠷᠥᠭᠰᠡᠨ ᠪᠠᠶᠢᠨ᠎ᠠ      ᠬᠠᠮᠳᠥ ᠶᠢᠨ ᠠᠵᠥ ᠠᠬᠤᠢ ᠶᠢᠨ ᠪᠤᠵᠠᠭᠠᠶᠢᠷᠠᠬᠤ ᠶᠢ ᠳᠠᠭᠠᠯᠳᠤᠨ᠂ ᠨᠠᠰᠤᠳᠠᠶᠢᠴᠤᠳ ᠲᠤ ᠨᠠᠰᠤᠵᠢᠯ ᠤᠨ ᠨᠥᠬᠦᠪᠥᠷᠢ ᠤᠯᠭᠤᠬᠤ᠂ ᠰᠤᠷᠤᠭᠴᠢᠳ ᠲᠤ ᠰᠤᠷᠤᠯᠭ᠎ᠠ ᠶᠢᠨ ᠳᠡᠳᠬᠦᠮᠵᠢ ᠶᠢᠨ ᠮᠥᠩᠭᠦ ᠥᠭᠬᠦ᠂ ᠡᠮᠡᠭᠳᠡᠶᠢᠴᠥᠳ ᠲᠤ ᠪᠡᠶ᠎ᠡ ᠶᠢᠨ ᠪᠠᠶᠢᠴᠠᠭᠠᠯᠳᠠ ᠬᠢᠵᠥ ᠥᠭᠬᠦ᠂ ᠮᠠᠯᠴᠢᠳ ᠤᠨ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠤᠷᠤᠯᠠᠨ ᠲᠥᠯᠥᠬᠦ᠂ ᠬᠥᠴᠢᠷᠳᠡᠢ ᠤᠯᠠᠨ ᠲᠥᠮᠡᠨ ᠢ ᠲᠤᠰᠠᠯᠠᠬᠤ ᠵᠡᠷᠭᠡ ᠠᠵᠢᠯ ᠢ ᠡᠷᠴᠢᠮᠳᠠᠢ ᠥᠷᠨᠢᠬᠦᠯᠵᠥ᠂ ᠥᠨᠳᠥᠰᠥᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠵᠤᠬᠢᠶᠠᠨ ᠪᠠᠶᠢᠭᠤᠯᠬᠤ ᠬᠥᠴᠥᠨ ᠪᠠ ᠨᠢᠬᠳᠠᠷᠠᠯ ᠤᠨ ᠬᠥᠴᠥᠨ ᠢ ᠳᠡᠭᠡᠭᠰᠢᠯᠡᠬᠦᠯᠥᠨ᠂ ᠮᠠᠯᠴᠢᠨ ᠲᠥᠮᠡᠨ ᠳᠤ ᠪᠤᠳᠠᠳᠦ ᠠᠰᠢᠬ ᠬᠦᠷᠳᠡᠭᠡᠪᠡ᠃      ᠭᠠᠴᠠᠭᠠᠨ ᠤ ᠨᠠᠮ ᠤᠨ ᠡᠬᠦᠷ᠂ ᠠᠷᠠᠳ ᠤᠨ ᠵᠦᠪᠯᠡᠯ ᠠᠴᠠ ᠰᠠᠭᠤᠷᠢ ᠲᠥᠬᠦᠭᠡᠷᠥᠮᠵᠢ ᠶᠢᠨ ᠪᠥᠳᠥᠭᠡᠨ ᠪᠠᠶᠢᠭᠤᠯᠤᠯᠳᠠ ᠶᠢ ᠮᠠᠯᠵᠢᠬᠤ ᠤᠷᠤᠨ ᠤ ᠬᠥᠭᠵᠢᠯᠳᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠭᠠᠨ ᠠᠳᠬᠤᠵᠥ᠂ ᠤᠷᠢᠳ ᠬᠤᠵᠢᠳ 44 ᠡᠷᠥᠬᠡ ᠶᠢᠨ ᠨᠤᠷᠠᠬᠤ ᠠᠶᠤᠯᠳᠠᠢ ᠪᠠᠶᠢᠰᠢᠩ ᠢ ᠵᠠᠰᠠᠨ ᠰᠢᠨᠡᠳᠬᠡᠵᠥ᠂ 91 ᠰᠠᠭᠤᠷᠢ ᠮᠠᠯ ᠤᠨ ᠫᠸᠡᠭ ᠬᠤᠷᠢᠶ᠎ᠠ ᠶᠢ ᠰᠢᠨ᠎ᠡ ᠪᠠᠷ ᠪᠠᠶᠢᠭᠤᠯᠵᠥ᠂ 9  ᠺᠢᠯᠤᠮᠧᠲᠷ ᠤᠨ ᠱᠦᠢᠨᠢ ᠵᠠᠮ ᠢ ᠰᠢᠨ᠎ᠡ ᠪᠠᠷ ᠲᠡᠪᠢᠰᠥᠭᠰᠡᠨ ᠪᠤᠶᠤ ᠵᠠᠰᠠᠨ ᠰᠢᠨᠡᠳᠬᠡᠵᠥ᠂ 34 ᠡᠷᠥᠬᠡ ᠳᠤ ᠲᠥᠭᠡᠭᠡᠯ ᠤᠰᠤ ᠤᠷᠤᠭᠤᠯᠤᠨ ᠥᠭᠴᠥ᠂ ᠮᠠᠯᠴᠢᠳ ᠤᠨ ᠦᠢᠯᠡᠳᠪᠥᠷᠢᠯᠡᠯ ᠠᠮᠢᠳᠤᠷᠠᠯ ᠤᠨ ᠨᠥᠬᠦᠴᠡᠯ ᠢ ᠥᠨᠡᠨ ᠬᠦ ᠰᠠᠶᠢᠵᠢᠷᠠᠭᠤᠯᠪᠠ᠃ 2016 ᠤᠨ ᠳᠤ ᠰᠢᠨᠡᠪᠠᠭᠠᠳᠤᠷ ᠤᠨ ᠴᠢᠷᠮᠠᠶᠢᠯᠭ᠎ᠠ ᠳᠤᠤᠷ᠎ᠠ ᠬᠤᠨᠢᠴᠢᠨ ᠬᠠᠰᠢᠶᠠᠳᠥ ᠭᠠᠴᠠᠭ᠎ᠠ 100 ᠲᠥᠮᠡᠨ ᠲᠥᠬᠦᠷᠢᠭ ᠤᠨ ︽ᠤᠶᠤᠨᠳᠥ ᠭᠠᠴᠠᠭ᠎ᠠ︾ ᠶᠢᠨ ᠲᠥᠷᠥᠯ ᠵᠦᠢᠯ ᠢ ᠡᠷᠡᠮᠡᠯᠵᠡᠨ ᠤᠯᠵᠥ᠂ ᠮᠠᠰᠢᠨ ᠢᠶᠠᠷ ᠤᠰᠤᠯᠠᠬᠤ᠂ ᠠᠯᠤᠰ ᠠᠴᠠ ᠬᠢᠨᠠᠨ ᠡᠵᠡᠮᠳᠡᠬᠦ᠂ ᠮᠠᠯ ᠲᠡᠵᠢᠭᠡᠬᠦ ᠵᠡᠷᠭᠡ ᠤᠶᠤᠨᠳᠥ ᠮᠠᠰᠢᠨ ᠲᠥᠬᠦᠭᠡᠷᠥᠮᠵᠢ ᠶᠢ ᠤᠷᠤᠭᠤᠯᠤᠨ ᠬᠡᠷᠡᠭᠯᠡᠵᠥ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠥᠷ᠎ᠡ ᠠᠰᠢᠭ ᠢ ᠮᠠᠯᠴᠢᠳ ᠲᠤ ᠪᠠᠨ ᠡᠳ᠋ᠯᠡᠬᠦᠯᠵᠡᠢ᠃      ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠡᠬᠢᠯᠡᠭᠰᠡᠨ ᠠᠴᠠ ᠨᠠᠭᠠᠰᠢ ᠬᠤᠨᠢᠴᠢᠨ ᠬᠠᠰᠢᠶᠠᠳᠥ ᠭᠠᠴᠠᠭᠠᠨ ᠤ 10 ᠡᠷᠥᠬᠡ ᠤᠷᠢᠳ ᠬᠤᠵᠢᠳ ᠠᠮᠢᠳᠤᠷᠠᠯ ᠬᠥᠴᠢᠷᠳᠡᠯᠳᠡᠢ ᠡᠷᠥᠬᠡ ᠪᠠᠷ ᠳᠠᠩᠰᠠᠯᠠᠭᠳᠠᠨ ᠳᠤᠬᠳᠠᠭᠠᠬᠳᠠᠵᠠᠢ᠃ ᠰᠢᠨᠡᠪᠠᠭᠠᠳᠤᠷ ᠭᠠᠴᠠᠭᠠᠨ ᠤ ᠨᠠᠮ ᠤᠨ ᠡᠬᠦᠷ ᠪᠠ ᠠᠷᠠᠳ ᠤᠨ ᠵᠦᠪᠯᠡᠯ ᠤᠨ ᠭᠡᠰᠢᠬᠦᠳ ᠵᠢᠴᠢ ᠭᠠᠴᠠᠭᠠᠨ ᠳᠤ ᠪᠠᠭᠤᠭᠰᠠᠨ ᠠᠵᠢᠯᠯᠠᠬᠤ ᠠᠩᠭᠢ ᠶᠢᠨ ᠭᠡᠰᠢᠬᠦᠳ ᠲᠠᠢ ᠬᠠᠮᠳᠤ ᠬᠥᠨᠵᠡᠭᠡᠢ ᠪᠠᠶᠢᠴᠠᠭᠠᠨ ᠰᠤᠳᠤᠯᠤᠯᠳᠠ ᠬᠢᠵᠥ᠂ ᠠᠮᠢᠳᠤᠷᠠᠯ ᠬᠥᠴᠢᠷᠳᠡᠯᠳᠡᠢ ᠡᠷᠥᠬᠡ ᠪᠥᠷᠢᠨ ᠤ ᠶᠠᠳᠠᠭᠤᠷᠠᠭᠰᠠᠨ ᠰᠢᠯᠳᠠᠭᠠᠨ ᠢ ᠪᠠᠶᠢᠴᠠᠭᠠᠨ ᠲᠤᠳᠤᠯᠠᠵᠥ᠂ ᠴᠢᠭᠯᠡᠬᠦᠯᠥᠯᠳᠥ ᠴᠢᠨᠠᠷ ᠲᠠᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠬᠦᠯᠥᠨ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠶᠠᠳᠠᠭᠤ ᠶᠢ ᠲᠡᠳᠬᠦᠬᠦ ᠠᠵᠢᠯ ᠢ ᠥᠷᠨᠢᠬᠦᠯᠬᠦ ᠶᠠᠪᠤᠴᠠ ᠳᠤ ᠰᠢᠨᠡᠪᠠᠭᠠᠳᠤᠷ ᠪᠤᠯᠤᠨ ᠭᠠᠴᠠᠭᠠᠨ ᠤ ᠨᠠᠮ ᠤᠨ ᠡᠬᠦᠷ ᠪᠠ ᠠᠷᠠᠳ ᠤᠨ ᠵᠦᠪᠯᠡᠯ ᠨᠢ ︽ᠵᠤᠷᠢᠭ ᠤᠬᠠᠭᠠᠨ ᠢ ᠲᠡᠳᠬᠦᠬᠦ︾ ᠶᠢ ᠲᠤᠪᠤᠶᠢᠯᠭᠠᠵᠥ᠂ ᠠᠮᠢᠳᠤᠷᠠᠯ ᠬᠥᠴᠢᠷᠳᠡᠯᠳᠡᠢ ᠡᠷᠥᠬᠡ ᠶᠢᠨ ᠡᠵᠡᠨ ᠬᠥᠮᠥᠨ ᠤ ᠤᠬᠠᠮᠰᠠᠷ ᠢ ᠳᠡᠭᠡᠭᠰᠢᠯᠡᠬᠦᠯᠦᠨ ᠂ ᠳᠠᠩᠰᠠ ᠪᠤᠳᠤᠨ ᠠᠳᠠᠯ ᠡᠷᠬᠢᠯᠡᠬᠦ ᠪᠤᠯᠪᠠᠰᠤᠷᠠᠯ ᠡᠷᠬᠢᠯᠡᠬᠦ᠂ ᠮᠠᠯᠴᠢᠳ ᠢᠶᠠᠨ ᠵᠤᠬᠢᠶᠠᠨ ᠪᠠᠶᠢᠭᠤᠯᠤᠨ ᠭᠠᠳᠠᠨ᠎ᠠ ᠭᠠᠵᠠᠷ ᠲᠤᠭᠤᠷᠢᠨ ᠰᠤᠷᠤᠯᠴᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠨ ᠮᠠᠯᠴᠢᠳ ᠤᠨ ᠳᠠᠨᠢᠯᠳᠠ ᠤᠬᠠᠮᠰᠠᠷ ᠢ ᠬᠤᠪᠢᠷᠠᠭᠤᠯᠤᠨ᠂ ᠠᠵᠢᠯᠴᠢ ᠠᠷᠪᠢᠴᠢ ᠰᠢᠨ᠎ᠡ ᠰᠤᠷᠳᠠᠯ ᠢ ᠰᠤᠷᠳᠠᠯᠴᠢᠯᠠᠵᠥ᠂ ᠠᠮᠢᠳᠤᠷᠠᠯ ᠬᠥᠴᠢᠷᠳᠡᠯᠳᠡᠢ ᠤᠯᠠᠨ ᠲᠥᠮᠡᠨ ᠤ ᠲᠤᠳᠤᠭᠠᠳᠥ ᠬᠦᠳᠡᠯᠭᠡᠬᠦ ᠬᠥᠴᠥᠨ ᠢ ᠬᠥᠭᠵᠢᠭᠡᠪᠡ᠃ ᠡᠪᠡᠳᠴᠢᠨ ᠠᠴᠠ ᠪᠤᠯᠵᠥ ᠶᠠᠳᠠᠭᠤᠷᠠᠭᠰᠠᠨ ᠡᠷᠳᠡᠮᠳᠥ ᠳᠡᠳᠬᠦᠮᠵᠢ ᠶᠢᠨ ᠮᠠᠯ ᠢᠶᠠᠨ ᠰᠠᠶᠢᠳᠤᠷ ᠮᠠᠯᠵᠢᠬᠤ ᠶᠢᠨ ᠬᠠᠮᠳᠥ ᠥᠭᠡᠷ᠎ᠡ ᠠᠷᠭ᠎ᠠ ᠰᠥᠪᠡᠭᠴᠢᠯᠡᠨ᠂ ᠬᠥᠬᠡᠨᠠᠭᠤᠷ ᠮᠤᠵᠢ ᠳᠤ ᠪᠢᠷᠠᠭᠤ ᠬᠤᠳᠠᠯᠳᠤᠭᠠᠳ᠂ 16 ᠲᠥᠮᠡᠨ ᠲᠥᠬᠦᠷᠢᠭ ᠤᠨ ᠤᠷᠤᠯᠭ᠎ᠠ ᠤᠯᠵᠥ᠂ ᠶᠠᠳᠠᠭᠤ ᠠᠴᠠ ᠠᠩᠬᠢᠵᠢᠷᠠᠵᠠᠢ᠃ ᠡᠷᠳᠡᠮᠳᠥ ᠶᠢᠨ ᠬᠢᠨ ᠲᠠᠢ ᠠᠳᠠᠯᠢ ᠪᠠᠷ ᠲᠤᠰ ᠭᠠᠴᠠᠭᠠᠨ ᠤ 10 ᠠᠮᠢᠳᠤᠷᠠᠯ ᠬᠥᠴᠢᠷᠳᠡᠯᠳᠡᠢ ᠡᠷᠥᠬᠡ ᠪᠥᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠠᠢ᠃      ᠬᠤᠷᠢ ᠭᠠᠷᠤᠢ ᠵᠢᠯ ᠤᠨ ᠲᠤᠷᠰᠢ ᠰᠢᠨᠡᠪᠠᠭᠠᠳᠤᠷ ᠪᠤᠳᠠᠳᠠᠢ ᠠᠵᠢᠯ ᠤᠨ ᠥᠷ᠎ᠡ ᠪᠥᠳᠥᠮᠵᠢ ᠪᠠᠷ ᠢᠶᠠᠨ ᠵᠤᠬᠢᠶᠠᠨ ᠪᠠᠶᠢᠭᠤᠯᠤᠯᠳᠠ ᠪᠤᠯᠤᠨ ᠮᠠᠯᠴᠢᠨ ᠲᠥᠮᠡᠨ ᠤ ᠬᠦᠢᠴᠡᠳ ᠨᠤᠲᠠᠯᠠᠯᠲᠠ ᠶᠢ ᠬᠥᠷᠳᠡᠭᠰᠡᠨ ᠶᠤᠮ᠃ ᠲᠡᠷᠡ ᠤᠷᠢᠳ ᠬᠤᠵᠢᠳ ᠪᠥᠬᠦ ᠠᠶᠢᠮᠠᠭ ᠤᠨ ᠰᠢᠯᠢᠳᠡᠭ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠥᠵᠢ᠂ ᠪᠥᠬᠦ ᠠᠶᠢᠮᠠᠭ ᠤᠨ ᠰᠢᠯᠢᠳᠡᠭ ᠨᠠᠮ ᠤᠨ ᠭᠡᠰᠢᠬᠦᠨ᠂ ᠪᠥᠬᠦ ᠤᠷᠤᠨ ᠤ ᠰᠢᠯᠢᠳᠡᠭ ᠨᠠᠮ ᠤᠨ ᠠᠵᠢᠯᠳᠠᠨ ᠵᠡᠷᠭᠡ ᠢᠷᠠᠭᠤ ᠠᠯᠳᠠᠷ ᠢ ᠬᠥᠷᠲᠡᠵᠥ᠂ ᠳᠠᠷᠠᠭᠠᠯᠠᠨ ᠳᠥᠷᠪᠡᠨ ᠬᠤᠭᠤᠴᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢ ᠪᠠᠷ ᠰᠤᠩᠭᠤᠬᠳᠠᠵᠥ᠂ ᠤᠶᠢᠷ᠎ᠠ ᠳᠤ ᠪᠠᠰᠠ ᠪᠥᠬᠦ ᠤᠷᠤᠨ ᠤ ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ ᠢᠶᠠᠷ ᠬᠥᠬᠢᠬᠦᠯᠥᠭᠳᠡᠵᠡᠢ᠃  ︽ᠪᠢ ᠴᠡᠷᠢᠭ ᠬᠥᠮᠥᠨ ᠤ ᠤᠪᠤᠷ ᠰᠤᠷᠳᠠᠯ ᠢᠶᠠᠨ ᠥᠷᠬᠦᠯᠵᠢᠯᠡᠨ ᠪᠠᠳᠤᠯᠠᠵᠥ᠂ ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠥ ᠴᠡᠭᠡᠵᠢᠯᠡᠵᠥ᠂ ᠬᠥᠳᠡᠭᠡ ᠲᠤᠰᠬᠤᠨ ᠢ ᠬᠥᠭᠵᠢᠬᠦᠯᠥᠨ ᠮᠠᠨᠳᠤᠭᠤᠯᠬᠤ ︿ᠲᠥᠷᠥᠭᠦᠴᠢ ᠬᠤᠨ﹀ ᠪᠤᠯᠵᠥ᠂ ᠮᠠᠯᠴᠢᠳ ᠢᠶᠠᠨ ᠳᠠᠭᠠᠭᠤᠯᠤᠨ ᠨᠡᠩ ᠵᠤᠯ ᠵᠢᠷᠭᠠᠯᠳᠥ᠂ ᠨᠡᠩ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠬᠤ ᠪᠠᠷ ᠴᠢᠷᠮᠠᠶᠢᠨ᠎ᠠ︾ ᠭᠡᠵᠥ ᠰᠢᠨᠡᠪᠠᠭᠠᠳᠤᠷ ᠶᠠᠷᠢᠯ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号