ᠶᠡᠭᠡ ᠰᠤᠷᠭᠠᠭᠤᠯᠢ ᠲᠡᠭᠦᠰᠦᠭᠰᠡᠨ ᠤᠶᠤᠳᠠᠳ ᠪᠠ ᠭᠡᠷ ᠤᠨ ᠠᠬᠠᠮᠠᠳ ᠲᠤ᠄ | ᠦᠪᠡᠷᠲᠡᠭᠡᠨ ᠵᠠᠰᠠᠬᠤ ᠣᠷᠤᠨ ᠤ ᠰᠤᠷᠤᠯᠭ᠎ᠠ ᠶᠢᠨ ᠳᠡᠳᠬᠦᠮᠵᠢ ᠶᠢᠨ ᠲᠥᠪ ᠤᠨ ︽2020 ᠣᠨ ᠤ | ᠤᠯᠤᠰ ᠤᠨ ᠬᠦᠭᠵᠢᠬᠦᠯᠦᠯᠲᠡ ᠶᠢᠨ ᠪᠠᠩᠭᠢ ᠶᠢᠨ ᠣᠷᠤᠨ ᠨᠤᠲᠤᠭ ᠤᠨ ᠰᠤᠷᠤᠯᠭ᠎ᠠ ᠶᠢᠨ ᠳᠡᠳᠬᠦᠮᠵᠢ ᠶᠢᠨ | ᠢᠳᠡᠭᠡᠮᠵᠢᠲᠦ ᠵᠢᠭᠡᠯᠡᠯᠭᠡ ᠪᠠᠷ ᠲᠡᠭᠦᠰᠦᠭᠰᠡᠨ ᠰᠤᠷᠤᠭᠴᠢᠳ ᠤᠨ ᠡᠬᠡ ᠪᠡᠯᠡ᠂ ᠬᠦᠦ ᠮᠦᠩᠭᠦ ᠲᠦᠯᠦᠭᠦ ᠠᠵᠢᠯ ᠢ | ᠰᠠᠶᠢᠲᠤᠷ ᠬᠢᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ | ᠰᠤᠷᠤᠯᠭ᠎ᠠ ᠶᠢᠨ ᠳᠡᠳᠬᠦᠮᠵᠢ ᠶᠢᠨ ᠢᠳᠡᠭᠡᠮᠵᠢᠲᠦ ᠵᠢᠭᠡᠯᠡᠯᠭᠡ ᠶᠢᠨ ᠡᠬᠡ ᠪᠡᠯᠡ᠂ ᠬᠦᠦ ᠮᠦᠩᠭᠦ ᠲᠥᠯᠦᠬᠦ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠯᠠᠳᠠ᠂ ᠲᠤᠤᠷᠠᠬᠢ ᠮᠡᠲᠦ ᠬᠡᠳᠦᠨ ᠵᠦᠢᠯ ᠢ ᠤᠨᠴᠠᠭᠠᠶᠢᠯᠠᠨ | ᠮᠡᠳᠡᠭᠳᠡᠶ᠎ᠡ᠄ | ᠨᠢᠭᠡ᠂ ᠤᠯᠤᠰ ᠤᠨ ᠬᠦᠭᠵᠢᠬᠦᠯᠦᠯᠲᠡ ᠶᠢᠨ ᠪᠠᠩᠭᠢ ᠶᠢᠨ ᠤᠷᠤᠨ ᠨᠤᠲᠤᠭ ᠤᠨ ᠰᠤᠷᠤᠯᠭ᠎ᠠ ᠶᠢᠨ | ᠲᠡᠳᠬᠦᠮᠵᠢ ᠶᠢᠨ ᠢᠳᠡᠭᠡᠮᠵᠢᠲᠦ ᠵᠢᠭᠡᠯᠡᠯᠭᠡ ᠶᠢᠨ ᠬᠦᠦ ᠮᠦᠩᠭᠦ ᠶᠢ ᠵᠢᠯ ᠳᠤ ᠨᠢᠭᠡ ᠤᠳᠠᠭ᠎ᠠ ᠪᠤᠳᠤᠵᠤ᠂ ᠰᠤᠷᠤᠭᠴᠢ | ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠤ ᠬᠦᠦ ᠮᠦᠩᠭᠦ ᠶᠢ ᠡᠳ᠋ ᠤᠨ ᠵᠠᠰᠠᠭ ᠠᠴᠠ ᠲᠥᠯᠦᠵᠦ᠂ | ᠰᠤᠷᠤᠭᠴᠢ ᠰᠤᠷᠭᠠᠭᠤᠯᠢ ᠲᠡᠭᠦᠰᠦᠭᠰᠡᠨ ᠵᠢᠯ ᠤᠨ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠦᠦ ᠮᠦᠩᠭᠦ ᠪᠠᠨ | ᠦᠪᠡᠷᠲᠡᠭᠡᠨ ᠲᠦᠯᠦᠨ᠎ᠡ᠃ ᠲᠡᠭᠦᠰᠦᠭᠡᠳ ᠬᠤᠶᠠᠷ ᠵᠢᠯ ᠪᠤᠯᠵᠤ ᠪᠠᠶᠢᠭ᠎ᠠ ᠰᠤᠷᠤᠭᠴᠢ ᠭᠡᠷ᠎ᠡ ᠶᠤᠰᠤᠭᠠᠷ ᠬᠡᠰᠡᠭ ᠡᠬᠡ | ᠪᠡᠯᠡ ᠪᠠᠨ ᠡᠬᠢᠯᠡᠨ ᠪᠤᠴᠠᠭᠠᠨ᠎ᠠ᠃ ᠬᠡᠷᠪᠡ ᠲᠤᠭᠳᠠᠭᠰᠠᠨ ᠴᠠᠭ ᠲᠤ ᠡᠬᠡ ᠪᠡᠯᠡ ᠪᠠ ᠬᠦᠦ ᠮᠦᠩᠭᠦ ᠪᠠᠨ ᠪᠤᠴᠠᠭᠠᠬᠤ | ᠦᠭᠡᠢ ᠪᠣᠯ ᠦᠷ᠎ᠡ ᠳ᠋ᠦᠩ ᠢᠶᠠᠨ ᠥᠪᠡᠷᠲᠡᠭᠡᠨ ᠬᠠᠷᠢᠭᠤᠴᠠᠨ᠎ᠠ᠃ | ᠬᠤᠶᠠᠷ᠂ ᠨᠢᠭᠡᠨᠲᠡ ᠰᠤᠷᠭᠠᠭᠤᠯᠢ ᠲᠡᠬᠦᠰᠦᠭᠰᠡᠨ ᠰᠤᠷᠤᠭᠴᠢ 11 ᠰᠠᠷ᠎ᠠ ᠶᠢᠨ 5 ᠤ ᠡᠳᠦᠷ ᠠᠴᠠ 12 | ᠰᠠᠷ᠎ᠠ ᠶᠢᠨ 18 ᠤ ᠡᠳᠦᠷ ᠤᠨ ᠬᠤᠭᠤᠷᠤᠨᠳᠤ᠂ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠲᠠ ᠶᠢᠨ ᠲᠥᠪ ︵ | ᠬᠤᠰᠢᠭᠤ ᠰᠤᠷᠭᠠᠨ ᠬᠦᠮᠦᠵᠢᠯ ᠤᠨ ᠲᠤᠪᠴᠢᠶᠠᠨ ᠤ ᠠᠯᠪᠠᠯᠠᠬᠤ ᠠᠰᠠᠷ ᠤᠨ ᠨᠢᠭᠡᠳᠦᠭᠡᠷ ᠲᠠᠪᠬᠤᠷ ᠤᠨ109 ᠭᠡᠷ︶ | ᠲᠤ ᠢᠷᠡᠵᠦ ᠬᠦᠦ ᠮᠦᠩᠭᠦ ᠪᠤᠳᠤᠬᠤ ᠭᠠᠷ ᠬᠦᠢᠴᠡᠳᠭᠡᠯ ᠬᠢᠭᠡᠷᠡᠢ᠂ ᠬᠦᠦ ᠮᠦᠩᠭᠦ ᠪᠠᠨ ᠪᠤᠳᠤᠬᠤ ᠳᠤ POS | ᠮᠠᠰᠢᠨ ᠢᠶᠠᠷ ᠲᠤᠭᠠᠴᠢᠭ᠎ᠠ ᠬᠢᠨ᠎ᠡ᠃ ᠬᠠᠷᠢᠯᠴᠠᠬᠤ ᠤᠳᠠᠰᠤ᠄ 0479-6225936 | | | | ᠬᠦᠪᠡᠭᠡᠲᠦ ᠰᠢᠷ᠎ᠠ ᠬᠤᠰᠢᠭᠤᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ | 2020 ᠣᠨ ᠤ 11 ᠰᠠᠷ᠎ᠠ |