ᠪᠦᠬᠦ ᠪᠥᠮᠪᠥᠷᠴᠡᠭ ᠤᠨ ᠠᠷᠪᠠᠨ ᠶᠡᠭᠡ ᠦᠬᠦᠯ ᠤᠨ ᠰᠢᠯᠲᠠᠭᠠᠨ ᠳᠤ ᠵᠢᠷᠦᠬᠡᠨ ᠡᠪᠡᠳᠴᠢᠨ ᠮᠥᠨ ᠯᠡ ︽ᠲᠡᠷᠢᠭᠦᠨ ᠶᠠᠷᠭᠠᠴᠢᠨ︾  ᠪᠣᠯᠵᠤ ᠪᠠᠶᠢᠨ᠎ᠠ
ᠨᠡᠶᠢᠲᠡᠯᠡᠭᠰᠡᠨ ᠴᠠᠭ᠄
2020/12/13
     ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ 9 ᠤ ᠡᠳᠦᠷ ᠨᠡᠶᠢᠲᠡᠯᠡᠭᠰᠡᠨ ᠮᠡᠳᠡᠭᠦᠯᠦᠯᠲᠡ ᠠᠴᠠ ᠦᠵᠡᠪᠡᠯ᠂ ᠥᠩᠭᠡᠷᠡᠭᠰᠡᠨ 20 ᠵᠢᠯ ᠤᠨ ᠪᠦᠬᠦ ᠪᠥᠮᠪᠥᠷᠴᠡᠭ ᠤᠨ ᠠᠷᠪᠠᠨ ᠶᠡᠭᠡ  ᠦᠬᠦᠯ ᠤᠨ ᠰᠢᠯᠲᠠᠭᠠᠨ ᠤ ᠳᠤᠮᠳᠠ᠂ ᠬᠠᠯᠳᠠᠪᠤᠷᠢᠲᠤ ᠪᠤᠰᠤ ᠡᠪᠡᠳᠴᠢᠨ 7 ᠶᠢ ᠡᠵᠡᠯᠡᠵᠦ᠂ ᠵᠢᠷᠦᠬᠡᠨ ᠡᠪᠡᠳᠴᠢᠨ ᠮᠥᠨ ᠯᠡ ︽ᠲᠡᠷᠢᠭᠦᠨ ᠶᠠᠷᠭᠠᠴᠢᠨ︾ ᠤ ᠪᠠᠶᠢᠷᠢ ᠳᠤ ᠪᠠᠶᠢᠷᠢᠯᠠᠨ᠂ ᠰᠢᠬᠢᠷ ᠰᠢᠵᠢᠩ ᠡᠪᠡᠳᠴᠢᠨ ᠪᠠ ᠮᠡᠨᠡᠭ ᠡᠪᠡᠳᠴᠢᠨ ᠡᠮᠦᠨ᠎ᠡ ᠠᠷᠪᠠ ᠳᠤ ᠣᠷᠣᠪᠠ᠃ ︽2019 ᠣᠨ ᠤ ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ ᠦᠨᠡᠯᠡᠯᠲᠡ︾ ᠭᠡᠬᠦ ᠡᠨᠡ ᠬᠦ ᠮᠡᠳᠡᠭᠦᠯᠦᠯᠲᠡ ᠨᠢ 2000 ᠣᠨ ᠠᠴᠠ 2019 ᠣᠨ ᠤ ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠬᠠᠮᠤᠷᠴᠠᠶ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠣᠳᠣᠬᠠᠨ ᠳᠤ ᠪᠥᠬᠦ ᠳᠡᠯᠡᠬᠡᠶ ᠶᠢᠨ ᠠᠷᠪᠠᠨ ᠶᠡᠭᠡ ᠦᠬᠦᠯ ᠤᠨ ᠰᠢᠯᠲᠠᠭᠠᠨ ᠤ ᠳᠣᠲᠣᠷ᠎ᠠ 7 ᠶᠢ ᠡᠵᠡᠯᠡᠵᠦ ᠪᠠᠶᠢᠨ᠎ᠠ᠂ ᠡᠭᠦᠨ ᠠᠴᠠ ᠡᠮᠦᠨ᠎ᠡ ᠵᠥᠪᠬᠡᠨ 4 ᠶᠢ ᠡᠵᠡᠯᠡᠵᠦ ᠪᠠᠶᠢᠵᠠᠢ᠃ ᠡᠭᠦᠨ ᠳᠤ᠂ ᠵᠢᠷᠦᠬᠡᠨ ᠡᠪᠡᠳᠴᠢᠨ ᠨᠢ ᠥᠩᠭᠡᠷᠡᠭᠰᠡᠨ 20 ᠵᠢᠯ ᠳᠤ ᠶᠡᠷᠦ ᠨᠢ  ︽ᠲᠡᠷᠢᠭᠦᠨ ᠶᠠᠷᠭᠠᠴᠢᠨ︾ ᠪᠣᠯᠣᠭᠰᠠᠭᠠᠷ ᠢᠷᠡᠵᠦ᠂ ᠣᠳᠣᠬᠠᠨ ᠳᠤ ᠵᠢᠷᠦᠬᠡᠨ ᠡᠪᠡᠳᠴᠢᠨ ᠢᠶᠠᠷ ᠥᠭᠦᠭᠰᠡᠨ ᠬᠥᠮᠦᠨ ᠤ ᠲᠤᠭ᠎ᠠ ᠨᠢ ᠪᠦᠬᠦ ᠥᠭᠦᠭᠰᠡᠨ ᠬᠥᠮᠦᠨ ᠤ ᠲᠣᠭᠠᠨ ᠤ 16% ᠶᠢ ᠡᠵᠡᠯᠡᠵᠦ ᠪᠠᠶᠢᠨ᠎ᠠ᠃ 2000 ᠣᠨ ᠠᠴᠠ ᠨᠠᠰᠢ᠂ ᠵᠢᠷᠦᠬᠡᠨ ᠡᠪᠡᠳᠴᠢᠨ ᠢᠶᠠᠷ ᠦᠬᠦᠭᠰᠡᠨ ᠬᠥᠮᠦᠨ ᠤ ᠲᠤᠭ᠎ᠠ 200 ᠭᠠᠷᠤᠶ ᠲᠦᠮᠡ ᠨᠡᠮᠡᠭᠳᠡᠨ᠂ ᠡᠭᠦᠨ ᠤ ᠳᠣᠲᠣᠷᠠᠬᠢ ᠬᠠᠭᠠᠰ ᠠᠴᠠ ᠳᠡᠭᠡᠭᠰᠢ ᠨᠢ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠷᠠᠭᠤᠨ ᠨᠣᠮᠣᠬᠠᠨ ᠳᠠᠯᠠᠶ ᠶᠢᠨ ᠣᠷᠣᠨ ᠳᠤ ᠡᠭᠦᠰᠴᠦ᠂ ᠧᠦ᠋ᠷᠣᠫᠠ  ᠲᠢᠪ ‍ᠤᠨ‌ᠣᠷᠣᠨ ᠪᠦᠰᠡ ᠶᠢᠨ ᠵᠢᠷᠦᠬᠡᠨ ᠡᠪᠡᠳᠴᠢᠨ ᠡᠭᠦᠰᠬᠦ ᠨᠣᠷᠮ᠎ᠠ ᠨᠢ ᠬᠠᠷᠢᠴᠠᠩᠭᠤᠶ ᠪᠠᠷ ᠳᠣᠷᠣᠭᠰᠢᠯᠠᠵᠠᠶ᠃ ᠠᠷᠽᠾᠠᠶᠢᠮᠤᠷ ᠡᠪᠡᠳᠴᠢᠨ ᠪᠣᠯᠤᠨ ᠪᠤᠰᠤᠳ ᠬᠡᠯᠪᠡᠷᠢ ᠶᠢᠨ ᠮᠡᠨᠡᠭ ᠡᠪᠡᠳᠴᠢᠨ ᠪᠦᠬᠦ ᠪᠥᠮᠪᠥᠷᠴᠡᠭ ᠤᠨ ᠠᠷᠪᠠᠨ ᠶᠡᠭᠡ ᠦᠬᠦᠯ ᠤᠨ ᠰᠢᠯᠲᠠᠭᠠᠨ ᠤ ᠡᠩᠨᠡᠭᠡᠨ ᠳᠤ ᠣᠷᠣᠵᠤ᠂ 2019  ᠣᠨ ᠳᠤ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠠᠮᠧᠷᠢᠺᠠ ᠲᠢᠪ ᠤᠨ ᠣᠷᠣᠨ ᠪᠦᠰᠡ ᠪᠠ ᠧᠦ᠋ᠷᠣᠫᠠ  ᠲᠢᠪ ᠤᠨ ᠣᠷᠣᠨ ᠪᠦᠰᠡ ᠳᠤ  ᠴᠥᠮ ᠭᠤᠷᠪᠠᠳᠤᠭᠠᠷ ᠲᠤ ᠵᠢᠭᠰᠠᠭᠠᠭᠳᠠᠪᠠ᠃ ᠪᠦᠬᠦ ᠳᠡᠯᠡᠬᠡᠶ ᠶᠢᠨ ᠬᠡᠪᠴᠢᠶᠡᠨ ᠳᠤ᠂ ᠡᠨᠡ ᠲᠥᠷᠥᠯ ᠤᠨ ᠡᠪᠡᠳᠴᠢᠨ ᠢᠶᠠᠷ ᠥᠭᠦᠭᠰᠡᠨ ᠬᠥᠮᠦᠰ ᠤᠨ ᠳᠣᠲᠣᠷ᠎ᠠ ᠡᠮᠡᠭᠲᠡᠶᠢᠴᠦᠳ 65% ᠶᠢ ᠡᠵᠡᠯᠡᠨ᠎ᠡ᠃ 2000 ᠣᠨ ᠠᠴᠠ 2019 ᠣᠨ ᠪᠣᠯᠲᠠᠯ᠎ᠠ᠂ ᠪᠦᠬᠦ ᠪᠥᠮᠪᠥᠷᠴᠡᠭ ᠤᠨ ᠰᠢᠬᠢᠷ ᠰᠢᠵᠢᠩ ᠡᠪᠡᠳᠴᠢᠨ ᠠᠴᠠ ᠪᠣᠯᠵᠤ ᠦᠬᠦᠭᠰᠡᠨ ᠬᠦᠮᠦᠨ ᠤ ᠲᠤᠭ᠎ᠠ 70% ᠪᠠᠷ ᠨᠡᠮᠡᠭᠳᠡᠵᠦ᠂ ᠡᠭᠦᠨ ᠤ ᠳᠣᠲᠣᠷ᠎ᠠ ᠰᠢᠬᠢᠷ ᠰᠢᠵᠢᠩ ᠡᠪᠡᠳᠴᠢᠨ ᠢᠶᠠᠷ ᠦᠬᠦᠭᠰᠡᠨ ᠡᠷᠡᠭᠲᠡᠶ ᠬᠥᠮᠦᠨ ᠤ ᠲᠤᠭ᠎ᠠ 80% ᠪᠠᠷ ᠨᠡᠮᠡᠭᠳᠡᠪᠡ᠃ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠵᠡᠭᠦᠨ ᠭᠠᠵᠠᠷ ᠤᠨ ᠳᠤᠮᠳᠠᠳᠤ ᠲᠠᠩᠭᠢᠰ ᠤᠨ ᠣᠷᠣᠨ ᠤ ᠰᠢᠬᠢᠷ ᠰᠢᠵᠢᠩ ᠡᠪᠡᠳᠴᠢᠨ ᠢᠶᠠᠷ ᠦᠬᠦᠭᠰᠡᠨ ᠬᠥᠮᠦᠨ ᠤ ᠲᠤᠭ᠎ᠠ ᠨᠢᠭᠡ ᠲᠠᠬᠢᠨ ᠠᠴᠠ ᠳᠡᠭᠡᠭᠰᠢ ᠨᠡᠮᠡᠭᠳᠡᠵᠦ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠤᠢ ᠪᠦᠬᠦᠢ ᠣᠷᠣᠨ ᠪᠦᠰᠡ ᠶᠢᠨ ᠳᠣᠲᠣᠷ᠎ᠠ ᠨᠡᠮᠡᠭᠳᠡᠯ ᠨᠢ ᠬᠠᠮᠤᠭ ᠤᠨ ᠶᠡᠭᠡ ᠭᠠᠵᠠᠷ ᠣᠷᠣᠨ ᠪᠣᠯᠣᠨ᠎ᠠ᠃               ᠮᠡᠳᠡᠭᠦᠯᠦᠯᠲᠡ ᠳᠤ ᠪᠠᠰᠠ ᠣᠯᠵᠤ ᠮᠡᠳᠡᠭᠰᠡᠨ ᠨᠢ᠂ ᠥᠩᠭᠡᠷᠡᠭᠰᠡᠨ 20 ᠵᠢᠯ ᠳᠤ ᠬᠥᠮᠦᠨ ᠲᠥᠷᠥᠯᠬᠢᠲᠡᠨ ᠤ ᠨᠠᠰᠤᠨ ᠬᠤᠲᠤᠭ ᠤᠷᠲᠤ ᠪᠣᠯᠵᠠᠢ᠃ 2019 ᠣᠨ ᠤ ᠬᠥᠮᠦᠨ ᠲᠥᠷᠥᠯᠬᠢᠲᠡᠨ ᠤ ᠵᠢᠱᠢᠭᠰᠡᠨ ᠨᠠᠰᠤᠨ ᠬᠤᠲᠤᠭ 2000 ᠣᠨ ᠤ ᠬᠢ ᠲᠠᠢ ᠬᠠᠷᠢᠴᠠᠭᠤᠯᠪᠠᠯ 6 ᠨᠠᠰᠤ ᠭᠠᠷᠤᠢ ᠤᠷᠲᠤᠳᠴᠤ᠂ ᠪᠦᠬᠦ ᠪᠥᠮᠪᠥᠷᠴᠡᠭ ᠤᠨ ᠳᠤᠮᠳᠠᠴᠢ ᠨᠠᠰᠤᠨ ᠬᠤᠲᠤᠭ 2000 ᠣᠨ ᠳᠤ 67 ᠨᠠᠰᠤ ᠪᠠᠶᠢᠭᠰᠠᠨ ᠠᠴᠠ 2019 ᠣᠨ ᠪᠣᠯᠬᠤ ᠳᠤ 73 ᠨᠠᠰᠤᠨ ᠠᠴᠠ ᠳᠡᠭᠡᠭᠰᠢ ᠪᠤᠯᠵᠤ ᠳᠡᠭᠡᠭᠰᠢᠯᠡᠵᠡᠢ᠃ ᠡᠭᠦᠨ ᠠᠴᠠ ᠭᠠᠳᠠᠨ᠎ᠠ᠂ ᠵᠡᠮᠳᠡᠭᠴᠦᠳ ᠤᠨ ᠲᠤᠭ᠎ᠠ ᠨᠡᠮᠡᠭᠳᠡᠬᠦ ᠬᠠᠨᠳᠤᠰᠢ ᠲᠠᠢ ᠪᠠᠶᠢᠨ᠎ᠠ᠃ 2000 ᠣᠨ ᠤ ᠬᠢ ᠲᠠᠢ ᠬᠠᠷᠢᠴᠠᠭᠤᠯᠪᠠᠯ᠂ 2019 ᠣᠨ ᠳᠤ ᠵᠢᠷᠦᠬᠡᠨ ᠡᠪᠡᠳᠴᠢᠨ᠂ ᠰᠢᠬᠢᠷ ᠰᠢᠵᠢᠩ ᠡᠪᠡᠳᠴᠢᠨ᠂ ᠰᠠ ᠡᠪᠡᠳᠴᠢᠨ᠂ ᠠᠭᠤᠰᠬᠢᠨ ᠥᠮᠡᠨ ᠪᠠ ᠤᠵᠢᠭ ᠴᠢᠨᠠᠷᠲᠠᠶ ᠲᠦᠭᠵᠢᠷᠡᠯ ᠤᠨ ᠴᠢᠨᠠᠷᠲᠠᠶ ᠠᠭᠤᠰᠬᠢᠨ ᠡᠪᠡᠳᠴᠢᠨ ᠵᠡᠷᠭᠡ ᠠᠴᠠ ᠪᠣᠯᠵᠣ ᠡᠷᠡᠭᠦᠯ ᠴᠢᠭᠢᠷᠠᠭ ᠠᠮᠢ ᠠᠮᠢᠳᠤᠷᠠᠯ ᠢᠶᠠᠨ ᠠᠯᠳᠠᠭᠰᠠᠨ ᠬᠥᠮᠦᠨ ᠤ ᠲᠤᠭ᠎ᠠ 1 ᠳ᠋ᠦᠩᠰᠢᠭᠤᠷ ᠰᠢᠬᠠᠮ ᠪᠣᠯᠵᠠᠢ᠃        ᠮᠡᠳᠡᠭᠦᠯᠦᠯᠲᠡ ᠳᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠥᠮᠡᠨ ᠡᠪᠡᠳᠴᠢᠨ᠂ ᠰᠢᠬᠢᠷ   ᠰᠢᠵᠢᠩ ᠡᠪᠡᠳᠴᠢᠨ ᠪᠠ ᠤᠵᠢᠭ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠬᠦ ᠪᠠ ᠡᠮᠨᠡᠨ ᠵᠠᠰᠠᠬᠤ ᠶᠢ ᠡᠷᠬᠡᠪᠰᠢ ᠪᠥᠬᠦ ᠳᠡᠯᠡᠬᠡᠶ ᠶᠢᠨ ᠬᠡᠪᠴᠢᠶᠡᠨ ᠳᠤ ᠴᠢᠩᠭᠠᠳᠬᠠᠬᠤ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠪᠠ᠃ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ ᠠᠵᠢᠯᠯᠠᠭᠴᠢ ᠲᠠᠨᠳᠧᠰᠠᠢ  ᠬᠡᠯᠡᠭᠰᠡᠨ ᠨᠢ᠂ ︽ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠬᠤ ᠪᠠ ᠡᠮᠨᠡᠨ ᠵᠠᠰᠠᠬᠤ ᠶᠢ ᠦᠳᠲᠡᠷ ᠲᠦᠷᠭᠡᠨ ᠴᠢᠩᠭᠠᠳᠬᠠᠬᠤ ᠴᠢᠬᠤᠯᠠᠲᠠᠶ᠂ ᠠᠩᠬ᠎ᠠ ᠵᠡᠷᠭᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠡᠷᠬᠡ ᠲᠡᠭᠰᠢ ᠪᠠᠷ ᠶᠡᠭᠡ ᠪᠠᠷ ᠰᠠᠶᠢᠵᠢᠷᠠᠭᠤᠯᠬᠤ ᠬᠡᠷᠡᠭᠲᠡᠶ︾ ᠭᠡᠯ᠎ᠡ᠃ ᠲᠡᠷᠡ᠄ ︽ᠬᠠᠯᠳᠠᠪᠤᠷᠢᠲᠤ ᠪᠤᠰᠤ  ᠴᠢᠨᠠᠷᠲᠠᠶ ᠡᠪᠡᠳᠴᠢᠨ ᠢ ᠡᠰᠡᠷᠭᠦᠴᠡᠬᠦ ᠠᠴᠠ ᠪᠥᠬᠦ ᠳᠡᠯᠡᠬᠡᠶ ᠶᠢᠨ ᠶᠡᠭᠡ ᠲᠠᠬᠤᠯ ᠡᠪᠡᠳᠴᠢᠨ ᠢ ᠬᠠᠮᠢᠶᠠᠷᠬᠤ ᠬᠦᠷᠲᠡᠯ᠎ᠡ᠂ ᠬᠦᠴᠦᠨ ᠲᠤᠷᠪᠢᠯᠢᠭ ᠠᠩᠬᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯᠵᠢᠯ ᠨᠢ ᠠᠯᠢᠪᠠ ᠪᠦᠬᠦᠨ ᠤ ᠰᠠᠭᠤᠷᠢ ᠪᠣᠯᠬᠤ ᠨᠢ ᠢᠯᠡᠷᠬᠡᠶ︾ ᠭᠡᠵᠡᠢ᠃                        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号