ᠪᠥᠬᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠭᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠤᠯ ᠴᠣᠭᠴᠠᠲᠤ ᠬᠠᠷᠢᠭᠤᠴᠠᠯᠭ᠎ᠠ ᠶᠢᠨ ᠠᠯᠪᠠᠨ ᠬᠡᠷ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠣᠬᠰᠠᠨ
ᠨᠡᠶᠢᠲᠡᠯᠡᠭᠰᠡᠨ ᠴᠠᠭ᠄
2020/12/14
                                     ᠥᠨᠢᠷ  ᠠᠯᠲᠠᠨᠴᠡᠴᠡᠭ ᠮᠡᠳᠡᠭᠡᠯᠡᠪᠡ       ᠣᠷᠴᠢᠮ ᠤᠨ ᠡᠳᠦᠷ᠂ ᠪᠦᠬᠦ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠭᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠣᠯ ᠴᠣᠭᠴᠠᠲᠤ ᠬᠠᠷᠢᠭᠤᠴᠠᠯᠭ᠎ᠠ ᠶᠢᠨ ᠠᠯᠪᠠᠨ ᠭᠡᠷ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠣᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠯᠢ ᠮᠧᠩ ᠶᠠᠨ ᠬᠤᠷᠠᠯ ᠢ ᠡᠷᠬᠢᠯᠡᠵᠦ᠂ ᠵᠠᠰᠠᠭ ᠤᠨ ᠣᠷᠳᠣᠨ ᠤ ᠳᠡᠳ᠋ ᠳᠠᠷᠤᠭ᠎ᠠ ᠲᠤᠯᠭᠠᠭᠤᠷᠢ᠂ ᠪᠠᠭᠠᠲᠤᠷ᠂ ᠰᠢᠤᠢ ᠴᠢᠶᠠᠩ᠂ ᠤᠷᠠᠩᠭᠤᠸ᠎ᠠ ᠵᠢᠴᠢ ᠬᠠᠮᠢᠶᠠᠳᠠᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠤᠯᠴᠠᠵᠠᠢ᠃       ᠬᠤᠷᠠᠯ ᠳᠡᠭᠡᠷ᠎ᠡ᠂ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠭᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷᠡᠭᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠲᠤᠰᠬᠠᠶ ᠲᠥᠷᠦᠯ ᠤᠨ ᠳᠤᠭᠤᠶᠢᠯᠠᠩ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠴᠤ᠂ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠵᠠᠢ᠃       ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠪᠠ ᠲᠤᠰᠬᠠᠶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠡᠭᠦᠷᠭᠡ ᠪᠠᠨ ᠴᠢᠨᠠᠷᠳᠠᠢ ᠪᠡᠶᠡᠯᠡᠭᠦᠯᠬᠦ ᠶᠢ ᠪᠠᠲᠤᠯᠠᠵᠤ᠂ ᠬᠠᠷᠢᠯᠴᠠᠨ ᠬᠠᠮᠲᠤᠷᠠᠯᠴᠠᠵᠤ᠂ ᠴᠡᠭᠴᠡᠯᠡᠨ  ᠰᠠᠶᠢᠵᠢᠷᠠᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠤ ᠶᠢᠨ ᠬᠦᠴᠦᠨ ᠢ ᠪᠥᠷᠢᠯᠳᠦᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠦ ᠴᠢᠩᠭᠠᠳᠬᠠᠵᠠᠢ᠃                                      
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号