ᠬᠦᠪᠡᠭᠡᠲᠦ ᠰᠢᠷ᠎ᠠ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠮᠵᠢᠯᠳᠠ
ᠨᠡᠶᠢᠲᠡᠯᠡᠭᠰᠡᠨ ᠴᠠᠭ᠄
2020/12/14
     ᠠᠷᠪᠠᠨ ᠭᠤᠷᠪᠠᠳᠤᠭᠠᠷ ᠳᠠᠪᠤᠨ ᠵᠢᠯ ᠤᠨ ᠬᠤᠭᠤᠴᠠᠭᠠᠨ ᠳᠤ᠂ ᠬᠥᠪᠡᠭᠡᠲᠦ ᠰᠢᠷ᠎ᠠ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠠᠷᠠᠳ ᠎ ᠤᠨ ᠠᠮᠢᠳᠤᠷᠠᠯ ᠤᠨ ᠢᠨᠵᠧᠨᠧᠷᠢᠩ ᠪᠤᠯᠭᠠᠨ ᠠᠳᠬᠤᠵᠤ᠂ ᠭᠠᠵᠠᠷ ᠤᠷᠤᠨ ᠤ ᠪᠤᠳᠠᠳᠢ ᠪᠠᠶᠢᠳᠠᠯ ᠲᠠᠢ ᠤᠶᠠᠯᠳᠤᠭᠤᠯᠤᠨ᠂ ᠨᠠᠷᠢᠯᠢᠭ ᠤᠨᠤᠪᠴᠢᠲᠠᠢ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢ ᠪᠥᠬᠦ ᠳᠠᠯ᠎ᠠ ᠪᠠᠷ ᠬᠡᠷᠡᠭᠵᠢᠭᠦᠯᠦᠭᠰᠡᠨ ᠠᠴᠠ 2018 ᠤᠨ ᠳᠤ ᠥᠪᠡᠷᠲᠡᠭᠡᠨ ᠵᠠᠰᠠᠬᠤ ᠤᠷᠤᠨ ᠤ ᠳᠡᠰ ᠤᠨ ᠶᠠᠳᠠᠭᠤ ᠬᠤᠰᠢᠭᠤᠨ ᠤ ᠡᠩᠨᠡᠭᠡᠨ ᠠᠴᠠ ᠤᠬᠤᠷᠢᠨ ᠭᠠᠷᠴᠤ᠂ 603 ᠡᠷᠦᠬᠡ ᠶᠢᠨ1539 ᠬᠦᠮᠦᠨ ᠪᠥᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠭᠰᠠᠨ ᠪᠠᠶᠢᠨ᠎ᠠ᠃      ᠪᠠᠶᠠᠨᠳᠠᠯ᠎ᠠ ᠪᠠᠯᠭᠠᠰᠤᠨ ᠤ ᠢᠩᠳᠤ ᠭᠠᠴᠠᠭ᠎ᠠ ᠨᠢ 2010 ᠤᠨ ᠳᠤ ︽ᠢᠩᠳᠤ ᠮᠠᠯ ᠠᠵᠤ ᠠᠬᠤᠢ ᠶᠢ ᠬᠥᠭᠵᠢᠭᠦᠯᠬᠦ ᠲᠤᠰᠬᠠᠢ ᠬᠤᠷᠰᠢᠶᠠᠵᠢᠯ︾  ᠎ ᠢ ᠳᠠᠩᠰᠠᠯᠠᠨ ᠪᠠᠶᠢᠭᠤᠯᠵᠤ᠂ 3000 ᠮᠤ᠋ ᠬᠠᠮᠳᠤ ᠶᠢᠨ ᠨᠤᠳᠤᠭ ᠪᠡᠯᠴᠢᠭᠡᠷ ᠢᠶᠠᠨ ᠠᠰᠢᠭᠯᠠᠨ ᠬᠤᠷᠠᠭ᠎ᠠ ᠪᠤᠷᠳᠤᠨ ᠲᠡᠵᠢᠭᠡᠬᠦ ᠰᠠᠭᠤᠷᠢᠨ ᠭᠠᠵᠠᠷ ᠭᠠᠷᠭᠠᠵᠤ᠂ ᠵᠢᠯ ᠪᠤᠯᠭᠠᠨ ᠮᠢᠩᠭ᠎ᠠ ᠭᠠᠷᠤᠢ ᠬᠤᠷᠠᠭ᠎ᠠ ᠪᠤᠷᠳᠤᠨ ᠭᠠᠷᠭᠠᠵᠤ᠂ ᠭᠠᠴᠠᠭᠠᠨ ᠤ ᠬᠠᠮᠳᠤ ᠶᠢᠨ ᠠᠵᠤ ᠠᠬᠤᠢ ᠳᠤ 3 ᠲᠥᠮᠡᠨ ᠲᠦᠭᠦᠷᠢᠭ ᠤᠨ ᠤᠷᠤᠯᠭ᠎ᠠ ᠡᠭᠦᠳᠴᠡᠢ᠃ ᠤᠳᠤ ᠢᠩᠳᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠬᠦᠷᠦᠩᠭᠡ ᠨᠢ 100 ᠭᠠᠷᠤᠢ ᠲᠥᠮᠡᠨ ᠲᠦᠭᠦᠷᠢᠭ ᠬᠦᠷᠴᠦ᠂ ᠬᠠᠮᠳᠤ ᠵᠢᠨ‌ᠠᠵᠤ ᠠᠬᠤᠢ ᠶᠢᠨ ᠤᠷᠤᠯᠭ᠎ᠠ ᠨᠢ12 ᠲᠥᠮᠡᠨ ᠲᠦᠭᠦᠷᠢᠭ ᠢ ᠳᠠᠪᠠᠵᠤ᠂ ᠭᠠᠴᠠᠭᠠᠨ ᠤ ᠶᠠᠳᠠᠭᠤ ᠶᠢ ᠳᠡᠳᠭᠦᠬᠦ ᠠᠵᠢᠯ ᠤᠨ ᠲᠤᠮᠳᠠ᠂ ᠳᠠᠭᠠᠭᠤᠯᠤᠭᠴᠢ ᠶᠢᠨ ᠦᠢᠯᠡᠳᠦᠯ‌ᠦᠵᠡᠭᠦᠯᠵᠦ᠂ ᠤᠷᠤᠨ ᠤ ᠳᠡᠰ ᠤᠨ ᠪᠠᠷᠢᠮᠵᠢᠶ᠎ᠠ ᠬᠤᠷᠰᠢᠶᠠᠵᠢᠯ ᠢᠶᠠᠷ ᠦᠨᠡᠯᠡᠭᠳᠡᠵᠡᠢ᠃      ᠢᠩᠳᠤ ᠭᠠᠴᠠᠭ᠎ᠠ ᠨᠢ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠰᠠᠭᠤᠷᠢ ᠨᠡᠯᠢᠶᠡᠳ ᠰᠠᠶᠢᠨ ᠪᠠᠶᠢᠬᠤ ᠪᠤᠳᠠᠳᠤ ᠪᠠᠶᠢᠲᠠᠯ ᠲᠠᠢ ᠪᠠᠨ ᠤᠶᠠᠯᠳᠤᠭᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠮᠳᠠ ︽ᠭᠠᠴᠠᠭᠠᠨ ᠤ ᠬᠠᠮᠲᠤ ᠶᠢᠨ ᠠᠵᠤ ᠠᠬᠤᠢ ᠪᠠᠷ ᠬᠤᠷᠰᠢᠶᠠᠵᠢᠯ ᠢ ᠬᠠᠪᠰᠤᠷᠤᠨ᠂ ᠬᠤᠷᠰᠢᠶᠠᠵᠢᠯ ᠢᠶᠠᠷ ᠶᠠᠳᠠᠭᠤ ᠶᠢ ᠳᠡᠳᠭᠦᠬᠦ︾ ᠠᠷᠭ᠎ᠠ ᠶᠢ ᠢᠳᠡᠪᠬᠢᠲᠡᠢ ᠰᠦᠪᠡᠭᠴᠢᠯᠡᠨ᠂ 2018 ᠤᠨ ᠳᠤ ᠤᠤᠯ ᠤᠨ ᠪᠠᠶᠢᠭᠰᠠᠨ ︽ᠢᠩᠳᠤ ᠮᠠᠯ ᠠᠵᠤ ᠠᠬᠤᠢ ᠶᠢ ᠬᠥᠭᠵᠢᠭᠦᠯᠬᠦ ᠲᠤᠰᠬᠠᠢ ᠬᠤᠷᠰᠢᠶᠠᠵᠢᠯ︾᠎ ᠢᠶᠠᠨ ᠪᠡᠯᠡ ᠮᠥᠩᠭᠦ ᠪᠠᠷ ᠬᠤᠪᠢ ᠤᠷᠤᠭᠰᠠᠨ ᠬᠤᠪᠢᠴᠠᠳᠤ ᠬᠤᠷᠰᠢᠶᠠᠵᠢᠯ ᠪᠤᠯᠭᠠᠨ ᠥᠷᠭᠡᠳᠭᠡᠨ᠂ ᠴᠡᠪᠡᠷ ᠡᠭᠦᠯᠳᠡᠷ ᠤᠨ ᠰᠢᠮᠧᠨᠧᠲᠷ ᠦᠬᠡᠷ ᠤᠨ ᠰᠠᠭᠤᠷᠢᠨ ᠪᠤᠯᠭᠠᠬᠤ ᠪᠠᠷ ᠭᠠᠳᠠᠨ᠎ᠠ ᠠᠴᠠ ᠰᠢᠮᠧᠨᠧᠲᠷ ᠥᠨᠢᠶ᠎ᠡ ᠤᠷᠤᠭᠤᠯᠤᠨ᠂ ᠶᠠᠳᠠᠭᠤ ᠡᠷᠦᠬᠡ ᠶᠢᠨ ᠮᠠᠯ ᠢ ᠨᠠᠶᠢᠲᠠᠨ ᠮᠠᠯᠵᠢᠬᠤ ᠪᠠᠷ ᠬᠡᠯᠪᠡᠷᠢ ᠪᠠᠷ ᠬᠤᠪᠢ ᠤᠷᠤᠭᠤᠯᠵᠤ᠂ ᠳᠡᠳᠡᠨ ᠳᠤ ᠬᠤᠪᠢ ᠬᠤᠪᠢᠶᠠᠨ ᠤᠷᠤᠯᠭ᠎ᠠ ᠶᠢ ᠨᠢ ᠨᠡᠮᠡᠭᠳᠡᠭᠦᠯᠵᠡᠢ᠃      ︽ᠢᠩᠳᠤ ᠮᠠᠯ ᠠᠵᠤ ᠠᠬᠤᠢ ᠶᠢ ᠬᠥᠭᠵᠢᠭᠦᠯᠬᠦ ᠲᠤᠰᠬᠠᠢ ᠬᠤᠷᠰᠢᠶᠠᠵᠢᠯ︾᠎ ᠳᠤ ᠤᠳᠤ ᠵᠠᠭᠤ ᠭᠠᠷᠤᠢ ᠴᠡᠪᠡᠷ ᠡᠭᠦᠯᠳᠡᠷ ᠤᠨ ᠰᠢᠮᠧᠨᠧᠲᠷ ᠥᠨᠢᠶ᠎ᠡ ᠪᠠᠶᠢᠵᠤ᠂ ᠶᠠᠳᠠᠭᠤ ᠡᠷᠤᠭᠡ ᠶᠢᠨ ᠶᠠᠳᠠᠭᠤ ᠶᠢ ᠲᠡᠳᠬᠦᠬᠦ ᠲᠦᠷᠤᠯ ᠵᠦᠢᠯ ᠤᠨ ᠦᠭᠡᠷ ᠢ ᠨᠠᠶᠢᠳᠠᠨ ᠮᠠᠯᠵᠢᠭᠤᠯᠬᠤ ᠭᠡᠯᠪᠠᠷᠢ ᠪᠠᠷ ᠬᠤᠷᠰᠢᠶᠠᠵᠢᠯ ᠳᠤ ᠮᠠᠯᠵᠢᠭᠤᠯᠵᠤ᠂ ᠵᠢᠯ ᠪᠦᠷᠢ 10%᠎ ᠶᠢᠨ ᠠᠰᠢᠭ ᠤᠷᠤᠯᠭ᠎ᠠ ᠶᠢ ᠪᠠᠳᠤᠯᠠᠵᠤ᠂ 2020 ᠤᠨ ᠳᠤ ᠬᠤᠶᠠᠷ ᠵᠢᠯ ᠤᠨ ᠠᠰᠢᠭ ᠤᠷᠤᠯᠭ᠎ᠠ ᠶᠢᠨ ᠬᠤᠪᠢᠶᠠᠷᠢᠯᠠᠯᠳᠠ ᠶᠢᠨ 3500 ᠲᠦᠬᠦᠷᠢᠭ ᠢ ᠶᠠᠳᠠᠭᠤ ᠡᠷᠦᠬᠡ ᠳᠤ ᠤᠯᠭᠤᠵᠠᠢ᠃      ᠮᠠᠯᠴᠢᠨ ᠷᠠᠰᠢᠵᠠᠪᠬᠤᠸ᠎ᠠ ᠶᠢᠨ ᠬᠢᠨ ᠢᠩᠲᠤ ᠭᠠᠴᠠᠭᠠᠨ ᠤ ᠳᠠᠩᠰᠠ ᠺᠠᠷᠲ ᠪᠠᠶᠢᠭᠤᠯᠤᠭᠰᠠᠨ ᠶᠠᠳᠠᠭᠤ ᠡᠷᠦᠬᠡ ᠪᠠᠶᠢᠭᠰᠠᠨ ᠠᠴᠠ ᠶᠠᠳᠠᠭᠤ ᠶᠢ ᠳᠡᠳᠭᠦᠬᠦ ᠲᠦᠷᠦᠯ ᠵᠦᠢᠯ ᠢᠶᠠᠷ  ᠫᠧᠩ ᠬᠤᠷᠤᠭ᠎ᠠ᠂ ᠭᠡᠷ ᠪᠠᠶᠢᠰᠢᠩ ᠵᠡᠷᠭᠡ ᠨᠥᠬᠦᠴᠡᠯ ᠢᠶᠠᠨ ᠰᠠᠶᠢᠵᠢᠷᠠᠭᠤᠯᠤᠭᠰᠠᠨ ᠪᠥᠭᠡᠳ ᠰᠢᠯᠢᠳᠡᠭ ᠡᠭᠦᠯᠳᠡᠷ ᠤᠨ ᠮᠠᠯ ᠲᠠᠢ ᠪᠤᠯᠵᠤ᠂ ᠰᠢᠯᠢᠳᠡᠭ ᠡᠭᠦᠯᠳᠡᠷ ᠤᠨ ᠡᠬᠡ ᠮᠠᠯ ᠢᠶᠠᠨ ᠭᠠᠴᠠᠭᠠᠨ ᠤ ᠢᠶᠠᠨ ᠬᠤᠷᠰᠢᠶᠠᠵᠢᠯ ᠳᠤ ᠮᠠᠯᠵᠢᠭᠤᠯᠵᠤ᠂ ᠵᠢᠯ ᠪᠦᠷᠢ ᠮᠠᠯᠵᠢᠯ ᠤᠨ ᠤᠷᠤᠯᠭ᠎ᠠ ᠠᠴᠠ ᠭᠠᠳᠠᠨ᠎ᠠ᠂ ᠬᠤᠷᠰᠢᠶᠠᠵᠢᠯ ᠎ ᠠᠴᠠ ᠬᠤᠪᠢ ᠬᠤᠪᠢᠳᠠᠨ ᠤᠯᠳᠠᠭ ᠪᠠᠶᠢᠨ᠎ᠠ᠃      2016 ᠣᠨ ᠠᠴᠠ ᠨᠠᠰᠢ᠂ ᠬᠤᠰᠢᠭᠤᠨ ᠤ ᠴᠡᠭ ᠲᠤᠭᠳᠠᠭᠠᠨ ᠬᠠᠪᠰᠤᠷᠤᠨ ᠳᠡᠳᠭᠦᠬᠦ ᠠᠵᠢᠯ ᠤᠨ ᠳᠤᠮᠳᠠ ᠡᠯ᠎ᠡ ᠬᠠᠪᠰᠤᠷᠤᠨ ᠳᠡᠳᠭᠦᠬᠦ ᠪᠠᠶᠢᠭᠤᠯᠭ᠎ᠠ ᠨᠡᠶᠢᠲᠡ 1078 ᠭᠠᠷᠤᠢ ᠲᠥᠮᠡᠨ ᠲᠦᠭᠦᠷᠢᠭ ᠤᠨ ᠡᠳ᠋ ᠪᠤᠳᠠᠰ ᠵᠤᠭᠤᠰ ᠮᠥᠩᠭᠦ ᠤᠷᠤᠭᠤᠯᠵᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠬᠦ ᠪᠠᠷ ᠳᠠᠮᠵᠢᠭᠤᠯᠤᠨ ᠣᠳᠣ ᠪᠣᠯᠲᠠᠯ᠎ᠠ 2.03 ᠳ᠋ᠦᠩᠰᠢᠭᠤᠷ ᠤᠨ ᠵᠢᠭᠡᠯᠡᠯᠭᠡ ᠲᠠᠯᠪᠢᠵᠤ᠂ 716.5 ᠲᠥᠮᠡᠨ ᠲᠦᠭᠦᠷᠢᠭ ᠬᠦᠦ ᠮᠥᠩᠭᠦ ᠶᠢ ᠨᠢ ᠣᠷᠣᠯᠠᠨ ᠪᠤᠳᠤᠵᠠᠢ᠃ ᠲᠤᠬᠢᠲᠠᠢ ᠭᠠᠵᠠᠷ ᠨᠡᠭᠦᠯᠭᠡᠨ ᠰᠢᠯᠵᠢᠭᠦᠯᠬᠦ ᠢᠨᠵᠧᠨᠧᠷᠢᠩ ᠵᠶ᠋ᠠᠷ‌‍ᠲ᠋ᠠᠮᠵᠢᠭᠤᠯᠤᠨ102 ᠡᠷᠦᠬᠡ ᠶᠢᠨ 208 ᠬᠦᠮᠦᠨ ᠢ ᠰᠢᠨᠡᠪᠤᠯᠠᠭ ᠪᠠᠯᠭᠠᠰᠤᠨ ᠳᠤ ᠰᠢᠯᠵᠢᠭᠦᠯᠵᠦ᠂ ᠡᠭᠦᠨ ᠳᠤ ᠤᠯᠤᠰ ᠤᠨ ᠳᠡᠰ ᠶᠢᠨ ᠶᠠᠳᠠᠭᠤ ᠡᠷᠦᠬᠡ ᠶᠢᠨ ᠬᠦᠮᠦᠨ ᠪᠥᠷᠢ ᠳᠤ 2 ᠲᠥᠮᠡᠨ ᠲᠦᠭᠦᠷᠢᠭ ᠤᠨ ᠨᠥᠬᠦᠪᠦᠷᠢ ᠣᠯᠭᠤᠵᠠᠢ᠃ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠨᠡᠶᠢᠲᠡ 4348 ᠲᠥᠮᠡᠨ ᠲᠦᠭᠦᠷᠢᠭ ᠤᠨ ᠪᠡᠯᠡ ᠤᠷᠤᠭᠤᠯᠵᠤ᠂ ᠮᠠᠯ ᠲᠡᠵᠢᠭᠡᠪᠦᠷᠢ ᠥᠭᠬᠦ᠂ ᠫᠧᠩ ᠬᠤᠷᠤᠭ᠎ᠠ ᠪᠠᠶᠢᠭᠤᠯᠵᠤ ᠥᠭᠬᠦ᠂ ᠲᠠᠷᠢᠶᠠᠯᠠᠩ ᠶᠢᠨ ᠮᠠᠰᠢᠨ ᠪᠠᠭᠠᠵᠢ ᠠᠪᠴᠤ ᠥᠭᠬᠦ᠂ ᠡᠪᠡᠰᠦ ᠪᠤᠷᠳᠤᠭᠠᠨ ᠤ ᠨᠥᠬᠦᠪᠦᠷᠢ ᠪᠠ ᠰᠠᠭᠤᠷᠢ ᠡᠬᠡ ᠮᠠᠯ ᠤᠨ ᠨᠥᠬᠦᠪᠦᠷᠢ ᠣᠯᠭᠤᠬᠤ᠂ ᠬᠠᠮᠲᠤ ᠶᠢᠨ ᠠᠵᠤ ᠠᠬᠤᠢ ᠶᠢ ᠲᠡᠮᠵᠢᠬᠦ ᠵᠡᠷᠭᠡ ᠤᠯᠠᠨ ᠲᠠᠯ᠎ᠠ ᠶᠢᠨ ᠠᠵᠢᠯ ᠢ ᠥᠷᠨᠢᠭᠦᠯᠵᠡᠢ᠃ ᠪᠣᠬᠳᠠ ᠶᠢᠨ ᠭᠤᠣᠯ ᠰᠣᠮᠣᠨ ᠤ ᠰᠢᠪᠡᠭᠡᠲᠦ ᠭᠠᠴᠠᠭ᠎ᠠ ᠨᠢ ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠭᠦᠬᠦ ᠠᠷᠭ᠎ᠠ ᠪᠣᠳᠤᠯᠭ᠎ᠠ ᠶᠢ ᠢᠳᠡᠪᠬᠢᠲᠡᠢ ᠬᠡᠷᠡᠭᠵᠢᠭᠦᠯᠦᠨ᠂ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠪᠠᠷ ᠭᠤᠣᠯ ᠪᠣᠯᠭᠠᠵᠤ᠂ ᠭᠠᠴᠠᠭᠠᠨ ᠳᠤ ᠪᠠᠶᠢᠩᠭᠤ ᠰᠠᠭᠤᠬᠤ ᠶᠠᠳᠠᠭᠤ ᠡᠷᠦᠬᠡ ᠳᠤ ᠴᠠᠬᠠᠷ ᠬᠤᠨᠢ ᠥᠭᠬᠦ ᠪᠠ ᠰᠠᠭᠤᠷᠢ ᠪᠥᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠣᠯᠭᠤᠬᠤ᠂ ᠶᠠᠳᠠᠭᠤᠷᠠᠭᠰᠠᠨ ᠰᠢᠯᠲᠠᠭᠠᠨ ᠢ ᠨᠢ ᠦᠨᠳᠦᠰᠦᠯᠡᠨ ᠡᠮ ᠡᠮᠨᠡᠯᠭᠡ ᠪᠠᠷ ᠳᠡᠳᠭᠦᠬᠦ᠂ ᠦᠢᠯᠡᠳᠪᠦᠷᠢᠯᠡᠯ ᠶᠢᠨ ᠮᠠᠰᠢᠨ ᠪᠠᠭᠠᠵᠢ ᠠᠪᠴᠤ ᠥᠭᠬᠦ᠂ ᠲᠤᠬᠢᠲᠠᠢ ᠭᠠᠵᠠᠷ ᠨᠡᠭᠦᠯᠭᠡᠨ ᠰᠢᠯᠵᠢᠭᠦᠯᠬᠦ ᠵᠡᠷᠭᠡ ᠤᠯᠠᠨ ᠲᠠᠯ᠎ᠠ ᠶᠢᠨ ᠠᠷᠭ᠎ᠠ ᠪᠣᠳᠤᠯᠭ᠎ᠠ ᠶᠢ ᠬᠡᠷᠡᠭᠵᠢᠭᠦᠯᠵᠡᠢ᠃       ᠪᠤᠭᠳᠠ ᠶᠢᠨ ᠭᠤᠤᠯ ᠰᠤᠮᠤᠨ ᠤ ᠰᠢᠪᠡᠭᠡᠲᠦ ᠭᠠᠴᠠᠭᠠᠨ ᠤ ᠮᠠᠯᠴᠢᠨ ᠨᠠᠰᠤᠨᠵᠢᠷᠭᠠᠯ ᠤᠨ ᠬᠢᠨ  2016 ᠤᠨ ᠳᠤ ᠤᠯᠤᠰ ᠤᠨ ᠳᠡᠰ ᠤᠨ ᠶᠠᠳᠠᠭᠤ ᠡᠷᠦᠭᠡ ᠪᠠᠷ ᠳᠠᠩᠰᠠᠯᠠᠭᠳᠠᠵᠤ᠂ ᠡᠯ᠎ᠡ ᠵᠦᠢᠯ ᠤᠨ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠬᠦᠷᠳᠡᠵᠦ᠂ ᠭᠡᠷ ᠫᠧᠩ ᠬᠤᠷᠤᠭ᠎ᠠ ᠵᠡᠷᠭᠡ ᠠᠮᠢᠳᠤᠷᠠᠯ ᠦᠢᠯᠡᠳᠪᠦᠷᠢᠯᠡᠯ ᠤᠨ ᠰᠠᠭᠤᠷᠢ ᠪᠥᠲᠦᠭᠡᠨ ᠪᠠᠶᠢᠭᠤᠯᠤᠯᠳᠠ ᠶᠢᠨ ᠨᠥᠬᠦᠴᠡᠯ ᠢᠶᠠᠨ ᠰᠠᠶᠢᠵᠢᠷᠠᠭᠤᠯᠤᠭᠰᠠᠨ ᠪᠥᠭᠡᠳ 38 ᠴᠠᠬᠠᠷ ᠬᠤᠨᠢ ᠬᠤᠪᠢᠳᠠᠨ ᠤᠯᠵᠤ ᠭᠡᠳᠦᠨ ᠵᠢᠯ ᠤᠨ ᠴᠢᠷᠮᠠᠶᠢᠯᠭ᠎ᠠ ᠪᠠᠷ᠂ ᠤᠳᠤ 100 ᠭᠠᠷᠤᠢ ᠬᠤᠨᠢ ᠲᠠᠢ ᠪᠣᠯᠵᠤ᠂ ᠭᠠᠳᠠᠭᠰᠢ ᠭᠠᠷᠴᠤ ᠤᠳᠠᠭᠠᠨ ᠵᠢᠯ ᠬᠦᠯᠦᠰᠦᠨ ᠠᠵᠢᠯ ᠬᠢᠵᠦ ᠠᠮᠢᠳᠣᠷᠠᠯ ᠢᠶᠠᠨ ᠠᠷᠭᠠᠴᠠᠭᠠᠵᠦ ᠪᠠᠶᠢᠬᠰᠠᠨ ᠡᠳᠡᠨᠡᠶᠢᠭᠢᠨ ᠨᠣᠳᠤᠭ ᠲᠠᠭᠠᠨ ᠲᠦᠪᠭᠢᠨᠡᠭᠦᠨ ᠠᠮᠢᠳᠣᠷᠠᠬᠤ ᠪᠣᠯᠣᠯ᠎ᠠ       ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠦᠯᠭᠡ ᠶᠢᠨ ᠬᠤᠭᠤᠴᠠᠭᠠᠨ ᠳᠤ᠂ ᠮᠠᠨ ᠤ ᠬᠤᠰᠢᠭᠤ ᠭᠠᠵᠠᠷ ᠤᠷᠤᠨ ᠤ ᠢᠶᠠᠨ ᠪᠤᠳᠠᠲᠤ ᠪᠠᠶᠢᠳᠠᠯ ᠳᠤ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢ ᠰᠠᠶᠢᠵᠢᠷᠠᠭᠤᠯᠬᠤ᠂ ᠮᠠᠯᠴᠢᠳ ᠶᠢᠨ ᠣᠷᠤᠯᠭ᠎ᠠ ᠶᠢ ᠨᠡᠮᠡᠭᠳᠡᠭᠦᠯᠬᠦ ᠠᠵᠢᠯ ᠶᠢᠨ ᠰᠡᠳᠭᠢᠴᠡ ᠶᠢ ᠪᠠᠷᠢᠮᠲᠠᠯᠠᠨ᠂ ᠠᠵᠤ ᠦᠢᠯᠡᠰ ᠢᠶᠠᠷ ᠶᠠᠳᠠᠭᠤ ᠶᠢ ᠳᠡᠳᠭᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠬᠦ᠂ ᠮᠠᠯᠵᠢᠬᠤ ᠤᠷᠤᠨ ᠤ ᠬᠦᠳᠡᠯᠮᠦᠷᠢ ᠬᠦᠴᠦᠨ ᠢ ᠰᠢᠯᠵᠢᠭᠦᠯᠬᠦ ᠮᠡᠷᠭᠡᠵᠢᠯ ᠤᠨ ᠪᠤᠯᠪᠠᠰᠤᠷᠠᠯ ᠡᠷᠬᠢᠯᠡᠬᠦ᠂ ᠳᠠᠩᠰᠠ ᠺᠠᠷᠲ ᠪᠠᠶᠢᠭᠤᠯᠬᠤ᠂ ᠴᠡᠭ ᠲᠤᠭᠳᠠᠭᠠᠨ ᠬᠠᠪᠰᠤᠷᠤᠨ ᠳᠡᠳᠭᠦᠬᠦ ᠪᠠ ᠨᠡᠶᠢᠭᠡᠮ ᠶᠢᠨ ᠳᠡᠳᠭᠦᠮᠵᠢ ᠵᠡᠷᠭᠡ ᠶᠠᠳᠠᠭᠤ ᠶᠢ ᠳᠡᠳᠭᠦᠬᠦ ᠠᠷᠭ᠎ᠠ ᠬᠡᠯᠪᠡᠷᠢ ᠪᠠᠷ ᠠᠴᠢᠶᠠᠯᠠᠭᠴᠢ ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠦᠴᠦᠯᠡᠴᠡ ᠪᠠᠨ ᠠᠯᠭᠤᠷ ᠪᠠᠷ ᠨᠡᠮᠡᠭᠳᠡᠭᠦᠯᠦᠨ ᠢᠯᠡᠷᠭᠡᠢ ᠠᠮᠵᠢᠯᠳᠠ ᠣᠯᠣᠬᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号