《 ᠠᠷᠪᠠᠨ ᠭᠤᠷᠪᠠᠳᠤᠭᠠᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠬᠦᠭᠵᠢᠪᠡ
ᠨᠡᠶᠢᠲᠡᠯᠡᠭᠰᠡᠨ ᠴᠠᠭ᠄
2020/12/14
                                   ᠤᠷᠢᠬᠠᠨ   ᠰᠢᠨᠵᠢᠯᠡᠳᠦ ᠮᠡᠳᠡᠭᠡᠯᠡᠪᠡ   《ᠠᠷᠪᠠᠨ ᠭᠤᠷᠪᠠᠳᠤᠭᠠᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠶ ᠳᠡᠭᠦᠯᠳᠡᠷᠵᠢᠭᠦᠯᠦᠭᠰᠡᠨ ᠢᠶᠠᠷ ᠦᠨᠳᠦᠰᠦᠨ ᠡᠮ ᠡᠮᠨᠡᠯᠭᠡ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠡᠬᠡᠪᠡᠷ ᠳᠡᠭᠡᠭᠰᠢᠯᠡᠵᠦ᠂ ᠦᠷᠭᠡᠨ ᠣᠯᠠᠨ ᠲᠦᠮᠡᠨ ᠳᠤ ᠦᠭᠡᠷᠡᠴᠢᠯᠡᠯᠳᠡ ᠭᠦᠭᠵᠢᠯᠳᠡ ᠎ ᠶᠢᠨ ᠦᠷ᠎ᠡ ᠪᠦᠳᠦᠭᠡᠯ ᠢ ᠡᠳᠡᠯᠡᠭᠦᠯᠵᠡᠢ᠃     ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠦᠨᠵᠡᠭᠡᠶᠢᠷᠡᠬᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠴᠢᠩᠭᠠᠳᠬᠠᠭᠰᠡᠨ ᠪᠠᠶᠢᠨ᠎ᠠ᠃ ᠮᠤᠩᠭᠤᠯ ᠡᠮᠨᠡᠯᠭᠡ ᠶᠢᠨ ᠬᠤᠷᠢᠶᠠᠨ ᠤ ᠦᠭᠡᠷᠡᠴᠢᠯᠡᠨ ᠪᠠᠶᠢᠭᠤᠯᠬᠤ ᠲᠦᠷᠦᠯ ᠵᠦᠢᠯ᠂ ᠮᠤᠩᠭᠤᠯ ᠡᠮ ᠦᠢᠯᠡᠳᠬᠦ ᠲᠠᠰᠤᠭ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠣᠩᠭᠤᠨ ᠠᠭᠤᠯᠠ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠪᠠᠷᠢᠮᠵᠢᠶᠠᠵᠢᠭᠰᠠᠨ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠲᠦᠪ ᠤᠨ ᠠᠰᠠᠷ ᠨᠢᠭᠡᠨᠲᠡ ᠠᠰᠢᠭᠯᠠᠯᠲᠠ ᠳᠤ ᠣᠷᠣᠵᠦ᠂ ᠰᠢᠨ᠎ᠡ ᠪᠠᠷ ᠪᠠᠶᠢᠭᠤᠯᠦ ᠪᠠᠶᠢᠭ᠎ᠠ 3500 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠲᠠᠢ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠨᠳᠡ ᠳᠠᠭᠤᠰᠬᠠᠵᠠᠢ᠃ ᠪᠥᠬᠦ ᠬᠤᠰᠢᠭᠤᠨ ᠳᠤ ᠣᠲᠣ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ 3᠂ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ 3᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 1᠂ ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 42᠂ ᠬᠤᠪᠢ ᠶᠢᠨ ᠡᠮᠴᠢᠯᠡᠭᠡᠨ ᠤ ᠭᠠᠵᠠᠷ 8᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 300 ᠬᠥᠮᠦᠨ ᠪᠤᠢ᠃ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠶᠡᠭᠡ ᠰᠤᠷᠭᠠᠭᠤᠯᠢ ᠲᠤᠮᠳᠠᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ 40 ᠭᠠᠷᠤᠢ ᠰᠤᠷᠤᠭᠴᠢ ᠶᠢ ᠡᠯᠰᠡᠨ ᠬᠡᠷᠡᠭᠯᠡᠬᠦ ᠪᠠ ᠬᠤᠪᠢᠶᠠᠷᠢᠯᠠᠵᠤ᠂ ᠣᠣᠯ ᠤᠨ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠦᠷᠳᠡᠭᠡ ᠨᠢ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠣᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠬᠥᠬᠡ ᠳᠡᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠠᠶᠠᠨᠳᠠᠯ᠎ᠠ ᠪᠠᠯᠭᠠᠰᠤᠨ ᠤ ᠭᠤᠤᠯᠳᠠᠯᠭᠠᠳᠦ ᠡᠮᠨᠡᠯᠭᠡ ᠶᠢᠨ ᠬᠤᠷᠢᠶ᠎ᠠ ᠨᠢ ᠨᠢᠭᠡᠳᠤᠭᠡᠷ ᠲᠦᠷᠦᠯ ᠎ ᠤᠨ ᠨᠢᠭᠡᠳᠦᠭᠡᠷ ᠳᠡᠰ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠦᠨᠡᠯᠡᠭᠳᠡᠵᠡᠢ᠃      ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠪᠣᠯᠭᠠᠬᠤ ᠶᠢ ᠠᠬᠢᠭᠤᠯᠵᠦ᠂ 6900 ᠭᠠᠷᠤᠶ ᠮᠠᠯᠴᠢᠳ ᠲᠤ ᠰᠦᠢᠳᠭᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠥᠭᠴᠡᠶ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠲᠡᠬᠦᠯᠳᠡᠷᠵᠢᠬᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠂ ᠰᠦᠷᠢᠶ᠎ᠡ ᠡᠪᠡᠳᠴᠢᠨ ᠵᠡᠷᠭᠡ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠠᠳᠬᠤᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠲᠣᠭᠲᠠᠭᠠᠯ ᠶᠣᠰᠣᠭᠠᠷ ᠬᠠᠯᠳᠠᠪᠤᠷᠢᠲᠤ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠵᠦ᠂ ᠡᠮ ᠡᠮᠨᠡᠯᠭᠡ ᠶᠢᠨ ᠪᠠᠶᠢᠭᠤᠯᠤᠮᠵᠢ ᠴᠥᠮ ᠤᠷᠢᠳᠴᠢᠯᠠᠨ ᠪᠠᠶᠢᠴᠠᠭᠠᠬᠤ ᠬᠤᠪᠢᠶᠠᠷᠢ ᠡᠮᠴᠢᠯᠡᠭᠡᠨ ᠤ ᠲᠠᠰᠤᠭ᠂ ᠬᠠᠯᠠᠭᠤᠷᠠᠬᠰᠠᠨ ᠡᠪᠡᠳᠴᠢᠨ ᠢ ᠡᠮᠨᠡᠬᠦ ᠲᠠᠰᠤᠭ ᠪᠠ ᠲᠣᠭᠤᠷᠢᠨ ᠦᠵᠡᠬᠦ ᠲᠠᠰᠤᠭ ᠭᠠᠷᠭᠠᠬᠤ ᠶᠢᠨ ᠲᠠᠭᠤ ᠡᠮᠨᠡᠯᠭᠡ ᠶᠢᠨ ᠠᠵᠢᠯᠲᠠᠨ᠂ ᠠᠪᠤᠷᠠᠨ ᠵᠠᠰᠠᠬᠤ ᠡᠮᠴᠢᠯᠡᠭᠡᠨ ᠤ ᠲᠥᠬᠦᠭᠡᠷᠦᠮᠵᠢ᠂ ᠳᠠᠷᠤᠯᠲᠠᠲᠤ ᠠᠪᠤᠷᠠᠨ ᠲᠤᠰᠠᠯᠠᠬᠤ ᠲᠡᠷᠭᠡ ᠶᠢ ᠪᠦᠷᠢᠨ ᠲᠣᠬᠢᠷᠠᠭᠤᠯᠤᠭᠰᠠᠨ ᠪᠠᠶᠢᠨ᠎ᠠ᠃ ᠡᠮᠨᠡᠯᠭᠡ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠤᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠨ᠂ ᠣᠨᠣᠰᠢᠯᠠᠬᠤ᠂ ᠡᠮᠨᠡᠨ ᠵᠠᠰᠠᠬᠤ᠂ ᠡᠵᠡᠮᠳᠡᠬᠦ ᠪᠠ ᠢᠯᠡᠷᠡᠭᠦᠯᠬᠦ᠂ ᠮᠡᠳᠡᠭᠦᠯᠭᠦ ᠬᠠᠮᠢᠶᠠᠷᠤᠯᠲᠠ ᠶᠢ ᠲᠡᠬᠦᠯᠳᠡᠷᠵᠢᠬᠦᠯᠪᠡ᠃ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠯᠳᠠᠪᠤᠷᠢᠲᠤ ᠡᠪᠡᠳᠴᠢᠨ ᠢ ᠡᠳᠦᠷ ᠲᠤᠳᠤᠮ ᠤᠨ ᠬᠢᠨᠠᠨ ᠬᠡᠮᠵᠢᠬᠦ ᠪᠠ ᠰᠢᠭᠤᠳ ᠮᠡᠳᠡᠭᠦᠯᠬᠦ ᠲᠦ᠋ᠷᠢᠮ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠡᠯ᠎ᠡ ᠲᠦ᠋ᠷᠦᠯ ᠤᠨ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠶᠢ ᠪᠦᠳᠦᠮᠵᠢᠳᠡᠢ ᠬᠤᠷᠢᠭᠯᠠᠪᠠ᠃      ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠮᠠᠨ ᠤ ᠬᠤᠰᠢᠭᠤ ᠮᠣᠩᠭᠤᠯ ᠡᠮ ᠡᠮᠨᠡᠯᠭᠡ ᠶᠢᠨ ᠦᠢᠯᠡᠰ ᠢ ᠦᠷᠭᠦᠯᠵᠢᠯᠡᠨ  ᠭᠦᠭᠵᠢᠬᠦᠯᠵᠦ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠪᠦᠬᠦ ᠠᠶᠢᠮᠠᠭ ᠤᠨ ᠮᠣᠩᠭᠤᠯ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠰᠢᠭᠤ ᠰᠢᠶᠠᠨ ᠤ ᠦᠷ᠎ᠡ ᠪᠦᠳᠦᠭᠡᠯ ᠢ ᠪᠠᠬᠢᠵᠢᠭᠦᠯᠵᠦ᠂ ︽ᠬᠤᠶᠠᠳᠤᠭᠠᠷ ᠳᠡᠰ ᠤᠨ ᠬᠥᠬᠡ ᠳᠡᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ︾᠎ ᠶᠢᠨ ᠪᠦᠲᠦᠭᠡᠨ ᠪᠠᠶᠢᠭᠤᠯᠤᠯᠲᠠ ᠪᠠᠷ ᠪᠠᠷᠢᠮᠵᠢᠶ᠎ᠠ ᠪᠣᠯᠭᠠᠨ᠂ ᠮᠣᠩᠭᠤᠯ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠳᠣᠪᠤᠶᠢᠯᠭᠠᠵᠤ᠂ ︽ᠵᠢᠷᠦᠬᠡᠨ ᠤ ᠡᠪᠡᠳᠴᠢᠨ ᠤ ᠰᠠᠯᠠᠭ᠎ᠠ︾ ︽ᠲᠠᠪᠤᠨ ᠵᠠᠰᠠᠯ ᠤᠨ ᠡᠮᠴᠢᠯᠡᠭᠡᠨ ᠤ ᠰᠠᠯᠠᠭ᠎ᠠ︾᠎  ᠵᠡᠷᠭᠡ ᠠᠶᠢᠮᠠᠭ ᠤᠨ ᠲᠠᠰ ᠤᠨ ᠭᠤᠤᠯᠳᠠᠯᠭᠠᠳᠦ ᠲᠤᠰᠬᠠᠶ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠠᠭᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠶᠡᠬᠡᠪᠡᠷ ᠳᠥᠯᠭᠢᠨ ᠠᠭᠢᠭᠤᠯᠵᠦ᠂ 3534 ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠮᠠᠯᠵᠢᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠤᠨ ᠥᠪᠡᠰᠦᠪᠡᠨ ᠲᠣᠰᠢᠶᠠᠬᠤ ᠭᠡᠰᠡᠭ ᠢ ᠣᠷᠣᠯᠠᠨ ᠲᠣᠰᠢᠶᠠᠵᠦ᠂ ᠨᠡᠶᠢᠳᠡ 65.6 ᠲᠦᠮᠡᠨ ᠲᠥᠭᠦᠷᠢᠭ ᠲᠤᠰᠢᠶᠠᠵᠦ᠂ 3514 ᠬᠥᠮᠦᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠷᠡᠭᠦᠯ ᠮᠡᠨᠳᠦ ᠶᠢᠨ ᠬᠤᠳᠠᠯᠳᠤᠭᠠᠨ ᠤ ᠳᠠᠭᠠᠳᠬᠠᠯ ᠢ ᠨᠡᠶᠢᠲᠡ 42.7 ᠲᠦᠮᠡᠨ ᠲᠥᠭᠦᠷᠢᠭ ᠣᠷᠣᠯᠠᠨ ᠲᠣᠰᠢᠶᠠᠵᠦ ᠦᠭᠪᠡ᠃ ᠶᠠᠳᠠᠭᠤ ᠬᠦᠴᠢᠷᠳᠡᠯᠲᠡᠶ ᠤᠳᠠᠭᠠᠨ ᠴᠢᠨᠠᠷ ᠤᠨ ᠡᠪᠡᠳᠴᠢᠨ ᠳᠤ ᠨᠡᠷᠪᠡᠭᠳᠡᠭᠰᠡᠳ ᠲᠤ ᠡᠮᠴᠢᠯᠡᠭᠡᠨ ᠤ ᠦᠢᠯᠡᠴᠢᠯᠡᠭᠡ ᠬᠠᠨᠭ᠍ᠭᠠᠬᠠᠣ ᠠᠵᠢᠯᠯᠠᠭ᠎ᠠ ᠦᠷᠨᠢᠭᠦᠯᠵᠦ᠂ ᠨᠡᠶᠢᠲᠡ 2231 ᠬᠥᠮᠦᠨ ᠳᠤ ᠡᠮ ᠬᠦᠷᠭᠡᠵᠦ᠂ ᠡᠮ ᠤᠨ ᠵᠦᠢᠯ ᠤᠨ ᠪᠥᠬᠦ ᠵᠠᠷᠤᠳᠠᠯ 12.2 ᠲᠦᠮᠡᠨ ᠲᠥᠭᠦᠷᠢᠭ ᠲᠤ ᠬᠦᠷᠴᠡᠶ᠃ ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠶ ᠬᠥᠮᠦᠰ ᠲᠤ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠨᠡᠶᠢᠲᠡ 814 ᠬᠥᠮᠦᠨ ᠎ ᠳᠤ ᠪᠡᠶ᠎ᠡ ᠶᠢᠨ ᠪᠠᠶᠢᠴᠠᠭᠠᠯᠲᠠ ᠬᠢᠵᠦ ᠦᠭᠭᠦᠨ᠂ ᠵᠠᠷᠤᠳᠠᠯ ᠨᠢ 29.6 ᠲᠦᠮᠡᠨ ᠲᠥᠭᠦᠷᠢᠭ ᠬᠦᠷᠪᠡ᠃            
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号