ᠠᠷᠪᠠᠨ ᠭᠤᠷᠪᠠᠳᠤᠭᠠᠷ ᠳᠠᠪᠤᠨ ᠵᠢᠯ ᠤᠨ ᠬᠤᠭᠤᠴᠠᠭᠠᠨ ᠳᠤ᠂ ᠬᠥᠪᠡᠭᠡᠲᠦ ᠰᠢᠷ᠎ᠠ ᠬᠤᠰᠢᠭᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠠᠷᠠᠳ | ᠤᠨ ᠠᠮᠢᠳᠤᠷᠠᠯ ᠤᠨ ᠢᠨᠵᠧᠨᠧᠷᠢᠩ ᠪᠤᠯᠭᠠᠨ ᠠᠳᠬᠤᠵᠤ᠂ ᠭᠠᠵᠠᠷ ᠤᠷᠤᠨ ᠤ ᠪᠤᠳᠠᠳᠢ ᠪᠠᠶᠢᠳᠠᠯ ᠲᠠᠢ ᠤᠶᠠᠯᠳᠤᠭᠤᠯᠤᠨ᠂ | ᠨᠠᠷᠢᠯᠢᠭ ᠤᠨᠤᠪᠴᠢᠲᠠᠢ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢ ᠪᠥᠬᠦ ᠳᠠᠯ᠎ᠠ ᠪᠠᠷ ᠬᠡᠷᠡᠭᠵᠢᠭᠦᠯᠦᠭᠰᠡᠨ ᠠᠴᠠ | 2018 ᠤᠨ ᠳᠤ ᠥᠪᠡᠷᠲᠡᠭᠡᠨ ᠵᠠᠰᠠᠬᠤ ᠤᠷᠤᠨ ᠤ ᠳᠡᠰ ᠤᠨ ᠶᠠᠳᠠᠭᠤ ᠬᠤᠰᠢᠭᠤᠨ ᠤ ᠡᠩᠨᠡᠭᠡᠨ ᠠᠴᠠ ᠤᠬᠤᠷᠢᠨ ᠭᠠᠷᠴᠤ᠂ | 603 ᠡᠷᠦᠬᠡ ᠶᠢᠨ1539 ᠬᠦᠮᠦᠨ ᠪᠥᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠭᠰᠠᠨ ᠪᠠᠶᠢᠨ᠎ᠠ᠃ | ᠪᠠᠶᠠᠨᠳᠠᠯ᠎ᠠ ᠪᠠᠯᠭᠠᠰᠤᠨ ᠤ ᠢᠩᠳᠤ ᠭᠠᠴᠠᠭ᠎ᠠ ᠨᠢ 2010 ᠤᠨ ᠳᠤ ︽ᠢᠩᠳᠤ ᠮᠠᠯ ᠠᠵᠤ ᠠᠬᠤᠢ ᠶᠢ | ᠬᠥᠭᠵᠢᠭᠦᠯᠬᠦ ᠲᠤᠰᠬᠠᠢ ᠬᠤᠷᠰᠢᠶᠠᠵᠢᠯ︾ ᠢ ᠳᠠᠩᠰᠠᠯᠠᠨ ᠪᠠᠶᠢᠭᠤᠯᠵᠤ᠂ 3000 ᠮᠤ᠋ ᠬᠠᠮᠳᠤ ᠶᠢᠨ ᠨᠤᠳᠤᠭ ᠪᠡᠯᠴᠢᠭᠡᠷ ᠢᠶᠠᠨ | ᠠᠰᠢᠭᠯᠠᠨ ᠬᠤᠷᠠᠭ᠎ᠠ ᠪᠤᠷᠳᠤᠨ ᠲᠡᠵᠢᠭᠡᠬᠦ ᠰᠠᠭᠤᠷᠢᠨ ᠭᠠᠵᠠᠷ ᠭᠠᠷᠭᠠᠵᠤ᠂ ᠵᠢᠯ ᠪᠤᠯᠭᠠᠨ ᠮᠢᠩᠭ᠎ᠠ ᠭᠠᠷᠤᠢ ᠬᠤᠷᠠᠭ᠎ᠠ ᠪᠤᠷᠳᠤᠨ | ᠭᠠᠷᠭᠠᠵᠤ᠂ ᠭᠠᠴᠠᠭᠠᠨ ᠤ ᠬᠠᠮᠳᠤ ᠶᠢᠨ ᠠᠵᠤ ᠠᠬᠤᠢ ᠳᠤ 3 ᠲᠥᠮᠡᠨ ᠲᠦᠭᠦᠷᠢᠭ ᠤᠨ ᠤᠷᠤᠯᠭ᠎ᠠ ᠡᠭᠦᠳᠴᠡᠢ᠃ ᠤᠳᠤ | ᠢᠩᠳᠤ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠬᠦᠷᠦᠩᠭᠡ ᠨᠢ 100 ᠭᠠᠷᠤᠢ ᠲᠥᠮᠡᠨ ᠲᠦᠭᠦᠷᠢᠭ ᠬᠦᠷᠴᠦ᠂ | ᠬᠠᠮᠳᠤ ᠵᠢᠨᠠᠵᠤ ᠠᠬᠤᠢ ᠶᠢᠨ ᠤᠷᠤᠯᠭ᠎ᠠ ᠨᠢ12 ᠲᠥᠮᠡᠨ ᠲᠦᠭᠦᠷᠢᠭ ᠢ ᠳᠠᠪᠠᠵᠤ᠂ ᠭᠠᠴᠠᠭᠠᠨ ᠤ ᠶᠠᠳᠠᠭᠤ ᠶᠢ ᠳᠡᠳᠭᠦᠬᠦ | ᠠᠵᠢᠯ ᠤᠨ ᠲᠤᠮᠳᠠ᠂ ᠳᠠᠭᠠᠭᠤᠯᠤᠭᠴᠢ ᠶᠢᠨ ᠦᠢᠯᠡᠳᠦᠯᠦᠵᠡᠭᠦᠯᠵᠦ᠂ ᠤᠷᠤᠨ ᠤ ᠳᠡᠰ ᠤᠨ ᠪᠠᠷᠢᠮᠵᠢᠶ᠎ᠠ ᠬᠤᠷᠰᠢᠶᠠᠵᠢᠯ ᠢᠶᠠᠷ | ᠦᠨᠡᠯᠡᠭᠳᠡᠵᠡᠢ᠃ | ᠢᠩᠳᠤ ᠭᠠᠴᠠᠭ᠎ᠠ ᠨᠢ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠰᠠᠭᠤᠷᠢ ᠨᠡᠯᠢᠶᠡᠳ ᠰᠠᠶᠢᠨ ᠪᠠᠶᠢᠬᠤ ᠪᠤᠳᠠᠳᠤ | ᠪᠠᠶᠢᠲᠠᠯ ᠲᠠᠢ ᠪᠠᠨ ᠤᠶᠠᠯᠳᠤᠭᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠮᠳᠠ | ︽ᠭᠠᠴᠠᠭᠠᠨ ᠤ ᠬᠠᠮᠲᠤ ᠶᠢᠨ ᠠᠵᠤ ᠠᠬᠤᠢ ᠪᠠᠷ ᠬᠤᠷᠰᠢᠶᠠᠵᠢᠯ ᠢ ᠬᠠᠪᠰᠤᠷᠤᠨ᠂ ᠬᠤᠷᠰᠢᠶᠠᠵᠢᠯ ᠢᠶᠠᠷ ᠶᠠᠳᠠᠭᠤ ᠶᠢ ᠳᠡᠳᠭᠦᠬᠦ︾ | ᠠᠷᠭ᠎ᠠ ᠶᠢ ᠢᠳᠡᠪᠬᠢᠲᠡᠢ ᠰᠦᠪᠡᠭᠴᠢᠯᠡᠨ᠂ 2018 ᠤᠨ ᠳᠤ ᠤᠤᠯ ᠤᠨ ᠪᠠᠶᠢᠭᠰᠠᠨ ︽ᠢᠩᠳᠤ ᠮᠠᠯ ᠠᠵᠤ ᠠᠬᠤᠢ ᠶᠢ | ᠬᠥᠭᠵᠢᠭᠦᠯᠬᠦ ᠲᠤᠰᠬᠠᠢ ᠬᠤᠷᠰᠢᠶᠠᠵᠢᠯ︾ ᠢᠶᠠᠨ ᠪᠡᠯᠡ ᠮᠥᠩᠭᠦ ᠪᠠᠷ ᠬᠤᠪᠢ ᠤᠷᠤᠭᠰᠠᠨ ᠬᠤᠪᠢᠴᠠᠳᠤ ᠬᠤᠷᠰᠢᠶᠠᠵᠢᠯ ᠪᠤᠯᠭᠠᠨ | ᠥᠷᠭᠡᠳᠭᠡᠨ᠂ ᠴᠡᠪᠡᠷ ᠡᠭᠦᠯᠳᠡᠷ ᠤᠨ ᠰᠢᠮᠧᠨᠧᠲᠷ ᠦᠬᠡᠷ ᠤᠨ ᠰᠠᠭᠤᠷᠢᠨ ᠪᠤᠯᠭᠠᠬᠤ ᠪᠠᠷ ᠭᠠᠳᠠᠨ᠎ᠠ ᠠᠴᠠ ᠰᠢᠮᠧᠨᠧᠲᠷ ᠥᠨᠢᠶ᠎ᠡ | ᠤᠷᠤᠭᠤᠯᠤᠨ᠂ ᠶᠠᠳᠠᠭᠤ ᠡᠷᠦᠬᠡ ᠶᠢᠨ ᠮᠠᠯ ᠢ ᠨᠠᠶᠢᠲᠠᠨ ᠮᠠᠯᠵᠢᠬᠤ ᠪᠠᠷ ᠬᠡᠯᠪᠡᠷᠢ ᠪᠠᠷ ᠬᠤᠪᠢ ᠤᠷᠤᠭᠤᠯᠵᠤ᠂ ᠳᠡᠳᠡᠨ ᠳᠤ | ᠬᠤᠪᠢ ᠬᠤᠪᠢᠶᠠᠨ ᠤᠷᠤᠯᠭ᠎ᠠ ᠶᠢ ᠨᠢ ᠨᠡᠮᠡᠭᠳᠡᠭᠦᠯᠵᠡᠢ᠃ | ︽ᠢᠩᠳᠤ ᠮᠠᠯ ᠠᠵᠤ ᠠᠬᠤᠢ ᠶᠢ ᠬᠥᠭᠵᠢᠭᠦᠯᠬᠦ ᠲᠤᠰᠬᠠᠢ ᠬᠤᠷᠰᠢᠶᠠᠵᠢᠯ︾ ᠳᠤ ᠤᠳᠤ ᠵᠠᠭᠤ ᠭᠠᠷᠤᠢ ᠴᠡᠪᠡᠷ | ᠡᠭᠦᠯᠳᠡᠷ ᠤᠨ ᠰᠢᠮᠧᠨᠧᠲᠷ ᠥᠨᠢᠶ᠎ᠡ ᠪᠠᠶᠢᠵᠤ᠂ ᠶᠠᠳᠠᠭᠤ ᠡᠷᠤᠭᠡ ᠶᠢᠨ ᠶᠠᠳᠠᠭᠤ ᠶᠢ ᠲᠡᠳᠬᠦᠬᠦ ᠲᠦᠷᠤᠯ ᠵᠦᠢᠯ ᠤᠨ ᠦᠭᠡᠷ ᠢ | ᠨᠠᠶᠢᠳᠠᠨ ᠮᠠᠯᠵᠢᠭᠤᠯᠬᠤ ᠭᠡᠯᠪᠠᠷᠢ ᠪᠠᠷ ᠬᠤᠷᠰᠢᠶᠠᠵᠢᠯ ᠳᠤ ᠮᠠᠯᠵᠢᠭᠤᠯᠵᠤ᠂ ᠵᠢᠯ ᠪᠦᠷᠢ 10% ᠶᠢᠨ ᠠᠰᠢᠭ ᠤᠷᠤᠯᠭ᠎ᠠ ᠶᠢ | ᠪᠠᠳᠤᠯᠠᠵᠤ᠂ 2020 ᠤᠨ ᠳᠤ ᠬᠤᠶᠠᠷ ᠵᠢᠯ ᠤᠨ ᠠᠰᠢᠭ ᠤᠷᠤᠯᠭ᠎ᠠ ᠶᠢᠨ ᠬᠤᠪᠢᠶᠠᠷᠢᠯᠠᠯᠳᠠ ᠶᠢᠨ 3500 ᠲᠦᠬᠦᠷᠢᠭ ᠢ | ᠶᠠᠳᠠᠭᠤ ᠡᠷᠦᠬᠡ ᠳᠤ ᠤᠯᠭᠤᠵᠠᠢ᠃ | ᠮᠠᠯᠴᠢᠨ ᠷᠠᠰᠢᠵᠠᠪᠬᠤᠸᠠ ᠶᠢᠨ ᠬᠢᠨ ᠢᠩᠲᠤ ᠭᠠᠴᠠᠭᠠᠨ ᠤ ᠳᠠᠩᠰᠠ ᠺᠠᠷᠲ ᠪᠠᠶᠢᠭᠤᠯᠤᠭᠰᠠᠨ ᠶᠠᠳᠠᠭᠤ ᠡᠷᠦᠬᠡ | ᠪᠠᠶᠢᠭᠰᠠᠨ ᠠᠴᠠ ᠶᠠᠳᠠᠭᠤ ᠶᠢ ᠳᠡᠳᠭᠦᠬᠦ ᠲᠦᠷᠦᠯ ᠵᠦᠢᠯ ᠢᠶᠠᠷ ᠫᠧᠩ ᠬᠤᠷᠤᠭ᠎ᠠ᠂ ᠭᠡᠷ ᠪᠠᠶᠢᠰᠢᠩ ᠵᠡᠷᠭᠡ ᠨᠥᠬᠦᠴᠡᠯ ᠢᠶᠠᠨ | ᠰᠠᠶᠢᠵᠢᠷᠠᠭᠤᠯᠤᠭᠰᠠᠨ ᠪᠥᠭᠡᠳ ᠰᠢᠯᠢᠳᠡᠭ ᠡᠭᠦᠯᠳᠡᠷ ᠤᠨ ᠮᠠᠯ ᠲᠠᠢ ᠪᠤᠯᠵᠤ᠂ ᠰᠢᠯᠢᠳᠡᠭ ᠡᠭᠦᠯᠳᠡᠷ ᠤᠨ ᠡᠬᠡ ᠮᠠᠯ ᠢᠶᠠᠨ | ᠭᠠᠴᠠᠭᠠᠨ ᠤ ᠢᠶᠠᠨ ᠬᠤᠷᠰᠢᠶᠠᠵᠢᠯ ᠳᠤ ᠮᠠᠯᠵᠢᠭᠤᠯᠵᠤ᠂ ᠵᠢᠯ ᠪᠦᠷᠢ ᠮᠠᠯᠵᠢᠯ ᠤᠨ ᠤᠷᠤᠯᠭ᠎ᠠ ᠠᠴᠠ ᠭᠠᠳᠠᠨ᠎ᠠ᠂ ᠬᠤᠷᠰᠢᠶᠠᠵᠢᠯ | ᠠᠴᠠ ᠬᠤᠪᠢ ᠬᠤᠪᠢᠳᠠᠨ ᠤᠯᠳᠠᠭ ᠪᠠᠶᠢᠨ᠎ᠠ᠃ | 2016 ᠣᠨ ᠠᠴᠠ ᠨᠠᠰᠢ᠂ ᠬᠤᠰᠢᠭᠤᠨ ᠤ ᠴᠡᠭ ᠲᠤᠭᠳᠠᠭᠠᠨ ᠬᠠᠪᠰᠤᠷᠤᠨ ᠳᠡᠳᠭᠦᠬᠦ ᠠᠵᠢᠯ ᠤᠨ ᠳᠤᠮᠳᠠ ᠡᠯ᠎ᠡ | ᠬᠠᠪᠰᠤᠷᠤᠨ ᠳᠡᠳᠭᠦᠬᠦ ᠪᠠᠶᠢᠭᠤᠯᠭ᠎ᠠ ᠨᠡᠶᠢᠲᠡ 1078 ᠭᠠᠷᠤᠢ ᠲᠥᠮᠡᠨ ᠲᠦᠭᠦᠷᠢᠭ ᠤᠨ ᠡᠳ᠋ ᠪᠤᠳᠠᠰ ᠵᠤᠭᠤᠰ ᠮᠥᠩᠭᠦ | ᠤᠷᠤᠭᠤᠯᠵᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠳᠡᠳᠭᠦᠬᠦ ᠪᠠᠷ ᠳᠠᠮᠵᠢᠭᠤᠯᠤᠨ ᠣᠳᠣ ᠪᠣᠯᠲᠠᠯ᠎ᠠ 2.03 | ᠳ᠋ᠦᠩᠰᠢᠭᠤᠷ ᠤᠨ ᠵᠢᠭᠡᠯᠡᠯᠭᠡ ᠲᠠᠯᠪᠢᠵᠤ᠂ 716.5 ᠲᠥᠮᠡᠨ ᠲᠦᠭᠦᠷᠢᠭ ᠬᠦᠦ ᠮᠥᠩᠭᠦ ᠶᠢ ᠨᠢ ᠣᠷᠣᠯᠠᠨ ᠪᠤᠳᠤᠵᠠᠢ᠃ | ᠲᠤᠬᠢᠲᠠᠢ ᠭᠠᠵᠠᠷ ᠨᠡᠭᠦᠯᠭᠡᠨ ᠰᠢᠯᠵᠢᠭᠦᠯᠬᠦ ᠢᠨᠵᠧᠨᠧᠷᠢᠩ ᠵᠶ᠋ᠠᠷᠲ᠋ᠠᠮᠵᠢᠭᠤᠯᠤᠨ102 ᠡᠷᠦᠬᠡ ᠶᠢᠨ 208 ᠬᠦᠮᠦᠨ ᠢ | ᠰᠢᠨᠡᠪᠤᠯᠠᠭ ᠪᠠᠯᠭᠠᠰᠤᠨ ᠳᠤ ᠰᠢᠯᠵᠢᠭᠦᠯᠵᠦ᠂ ᠡᠭᠦᠨ ᠳᠤ ᠤᠯᠤᠰ ᠤᠨ ᠳᠡᠰ ᠶᠢᠨ ᠶᠠᠳᠠᠭᠤ ᠡᠷᠦᠬᠡ ᠶᠢᠨ ᠬᠦᠮᠦᠨ ᠪᠥᠷᠢ ᠳᠤ 2 | ᠲᠥᠮᠡᠨ ᠲᠦᠭᠦᠷᠢᠭ ᠤᠨ ᠨᠥᠬᠦᠪᠦᠷᠢ ᠣᠯᠭᠤᠵᠠᠢ᠃ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠲᠦᠷᠦᠯ ᠵᠦᠢᠯ ᠢ ᠰᠢᠨᠵᠢᠯᠡᠬᠦ | ᠤᠬᠠᠭᠠᠨᠴᠢ ᠪᠠᠷ ᠬᠡᠷᠡᠭᠵᠢᠭᠦᠯᠵᠦ᠂ ᠨᠡᠶᠢᠲᠡ 4348 ᠲᠥᠮᠡᠨ ᠲᠦᠭᠦᠷᠢᠭ ᠤᠨ ᠪᠡᠯᠡ ᠤᠷᠤᠭᠤᠯᠵᠤ᠂ ᠮᠠᠯ ᠲᠡᠵᠢᠭᠡᠪᠦᠷᠢ ᠥᠭᠬᠦ᠂ | ᠫᠧᠩ ᠬᠤᠷᠤᠭ᠎ᠠ ᠪᠠᠶᠢᠭᠤᠯᠵᠤ ᠥᠭᠬᠦ᠂ ᠲᠠᠷᠢᠶᠠᠯᠠᠩ ᠶᠢᠨ ᠮᠠᠰᠢᠨ ᠪᠠᠭᠠᠵᠢ ᠠᠪᠴᠤ ᠥᠭᠬᠦ᠂ ᠡᠪᠡᠰᠦ ᠪᠤᠷᠳᠤᠭᠠᠨ ᠤ ᠨᠥᠬᠦᠪᠦᠷᠢ | ᠪᠠ ᠰᠠᠭᠤᠷᠢ ᠡᠬᠡ ᠮᠠᠯ ᠤᠨ ᠨᠥᠬᠦᠪᠦᠷᠢ ᠣᠯᠭᠤᠬᠤ᠂ ᠬᠠᠮᠲᠤ ᠶᠢᠨ ᠠᠵᠤ ᠠᠬᠤᠢ ᠶᠢ ᠲᠡᠮᠵᠢᠬᠦ ᠵᠡᠷᠭᠡ ᠤᠯᠠᠨ ᠲᠠᠯ᠎ᠠ ᠶᠢᠨ | ᠠᠵᠢᠯ ᠢ ᠥᠷᠨᠢᠭᠦᠯᠵᠡᠢ᠃ ᠪᠣᠬᠳᠠ ᠶᠢᠨ ᠭᠤᠣᠯ ᠰᠣᠮᠣᠨ ᠤ ᠰᠢᠪᠡᠭᠡᠲᠦ ᠭᠠᠴᠠᠭ᠎ᠠ ᠨᠢ ᠨᠠᠷᠢᠯᠢᠭ ᠤᠨᠤᠪᠴᠢᠲᠠᠢ ᠪᠠᠷ | ᠶᠠᠳᠠᠭᠤ ᠶᠢ ᠳᠡᠳᠭᠦᠬᠦ ᠠᠷᠭ᠎ᠠ ᠪᠣᠳᠤᠯᠭ᠎ᠠ ᠶᠢ ᠢᠳᠡᠪᠬᠢᠲᠡᠢ ᠬᠡᠷᠡᠭᠵᠢᠭᠦᠯᠦᠨ᠂ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠪᠠᠷ | ᠭᠤᠣᠯ ᠪᠣᠯᠭᠠᠵᠤ᠂ ᠭᠠᠴᠠᠭᠠᠨ ᠳᠤ ᠪᠠᠶᠢᠩᠭᠤ ᠰᠠᠭᠤᠬᠤ ᠶᠠᠳᠠᠭᠤ ᠡᠷᠦᠬᠡ ᠳᠤ ᠴᠠᠬᠠᠷ ᠬᠤᠨᠢ ᠥᠭᠬᠦ ᠪᠠ ᠰᠠᠭᠤᠷᠢ ᠪᠥᠲᠦᠭᠡᠨ | ᠪᠠᠶᠢᠭᠤᠯᠤᠯᠳᠠ ᠶᠢᠨ ᠲᠦᠷᠦᠯ ᠵᠦᠢᠯ ᠣᠯᠭᠤᠬᠤ᠂ ᠶᠠᠳᠠᠭᠤᠷᠠᠭᠰᠠᠨ ᠰᠢᠯᠲᠠᠭᠠᠨ ᠢ ᠨᠢ ᠦᠨᠳᠦᠰᠦᠯᠡᠨ ᠡᠮ ᠡᠮᠨᠡᠯᠭᠡ ᠪᠠᠷ | ᠳᠡᠳᠭᠦᠬᠦ᠂ ᠦᠢᠯᠡᠳᠪᠦᠷᠢᠯᠡᠯ ᠶᠢᠨ ᠮᠠᠰᠢᠨ ᠪᠠᠭᠠᠵᠢ ᠠᠪᠴᠤ ᠥᠭᠬᠦ᠂ ᠲᠤᠬᠢᠲᠠᠢ ᠭᠠᠵᠠᠷ ᠨᠡᠭᠦᠯᠭᠡᠨ ᠰᠢᠯᠵᠢᠭᠦᠯᠬᠦ ᠵᠡᠷᠭᠡ ᠤᠯᠠᠨ | ᠲᠠᠯ᠎ᠠ ᠶᠢᠨ ᠠᠷᠭ᠎ᠠ ᠪᠣᠳᠤᠯᠭ᠎ᠠ ᠶᠢ ᠬᠡᠷᠡᠭᠵᠢᠭᠦᠯᠵᠡᠢ᠃ | ᠪᠤᠭᠳᠠ ᠶᠢᠨ ᠭᠤᠤᠯ ᠰᠤᠮᠤᠨ ᠤ ᠰᠢᠪᠡᠭᠡᠲᠦ ᠭᠠᠴᠠᠭᠠᠨ ᠤ ᠮᠠᠯᠴᠢᠨ ᠨᠠᠰᠤᠨᠵᠢᠷᠭᠠᠯ ᠤᠨ ᠬᠢᠨ 2016 ᠤᠨ ᠳᠤ | ᠤᠯᠤᠰ ᠤᠨ ᠳᠡᠰ ᠤᠨ ᠶᠠᠳᠠᠭᠤ ᠡᠷᠦᠭᠡ ᠪᠠᠷ ᠳᠠᠩᠰᠠᠯᠠᠭᠳᠠᠵᠤ᠂ ᠡᠯ᠎ᠡ ᠵᠦᠢᠯ ᠤᠨ ᠶᠠᠳᠠᠭᠤ ᠶᠢ ᠳᠡᠳᠭᠦᠬᠦ ᠲᠦᠷᠦ ᠶᠢᠨ | ᠪᠤᠳᠤᠯᠭ᠎ᠠ ᠶᠢᠨ ᠲᠡᠮᠵᠢᠯᠭᠡ ᠶᠢ ᠬᠦᠷᠳᠡᠵᠦ᠂ ᠭᠡᠷ ᠫᠧᠩ ᠬᠤᠷᠤᠭ᠎ᠠ ᠵᠡᠷᠭᠡ ᠠᠮᠢᠳᠤᠷᠠᠯ ᠦᠢᠯᠡᠳᠪᠦᠷᠢᠯᠡᠯ ᠤᠨ ᠰᠠᠭᠤᠷᠢ | ᠪᠥᠲᠦᠭᠡᠨ ᠪᠠᠶᠢᠭᠤᠯᠤᠯᠳᠠ ᠶᠢᠨ ᠨᠥᠬᠦᠴᠡᠯ ᠢᠶᠠᠨ ᠰᠠᠶᠢᠵᠢᠷᠠᠭᠤᠯᠤᠭᠰᠠᠨ ᠪᠥᠭᠡᠳ 38 ᠴᠠᠬᠠᠷ ᠬᠤᠨᠢ ᠬᠤᠪᠢᠳᠠᠨ ᠤᠯᠵᠤ | ᠭᠡᠳᠦᠨ ᠵᠢᠯ ᠤᠨ ᠴᠢᠷᠮᠠᠶᠢᠯᠭ᠎ᠠ ᠪᠠᠷ᠂ ᠤᠳᠤ 100 ᠭᠠᠷᠤᠢ ᠬᠤᠨᠢ ᠲᠠᠢ ᠪᠣᠯᠵᠤ᠂ ᠭᠠᠳᠠᠭᠰᠢ ᠭᠠᠷᠴᠤ ᠤᠳᠠᠭᠠᠨ ᠵᠢᠯ | ᠬᠦᠯᠦᠰᠦᠨ ᠠᠵᠢᠯ ᠬᠢᠵᠦ ᠠᠮᠢᠳᠣᠷᠠᠯ ᠢᠶᠠᠨ ᠠᠷᠭᠠᠴᠠᠭᠠᠵᠦ ᠪᠠᠶᠢᠬᠰᠠᠨ ᠡᠳᠡᠨᠡᠶᠢᠭᠢᠨ ᠨᠣᠳᠤᠭ ᠲᠠᠭᠠᠨ ᠲᠦᠪᠭᠢᠨᠡᠭᠦᠨ | ᠠᠮᠢᠳᠣᠷᠠᠬᠤ ᠪᠣᠯᠣᠯ᠎ᠠ | ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠦᠯᠭᠡ ᠶᠢᠨ ᠬᠤᠭᠤᠴᠠᠭᠠᠨ ᠳᠤ᠂ ᠮᠠᠨ ᠤ ᠬᠤᠰᠢᠭᠤ ᠭᠠᠵᠠᠷ | ᠤᠷᠤᠨ ᠤ ᠢᠶᠠᠨ ᠪᠤᠳᠠᠲᠤ ᠪᠠᠶᠢᠳᠠᠯ ᠳᠤ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠠᠭᠤᠷᠢ | ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢ ᠰᠠᠶᠢᠵᠢᠷᠠᠭᠤᠯᠬᠤ᠂ ᠮᠠᠯᠴᠢᠳ ᠶᠢᠨ ᠣᠷᠤᠯᠭ᠎ᠠ ᠶᠢ ᠨᠡᠮᠡᠭᠳᠡᠭᠦᠯᠬᠦ | ᠠᠵᠢᠯ ᠶᠢᠨ ᠰᠡᠳᠭᠢᠴᠡ ᠶᠢ ᠪᠠᠷᠢᠮᠲᠠᠯᠠᠨ᠂ ᠠᠵᠤ ᠦᠢᠯᠡᠰ ᠢᠶᠠᠷ ᠶᠠᠳᠠᠭᠤ ᠶᠢ ᠳᠡᠳᠭᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ | ᠳᠡᠳᠭᠦᠬᠦ᠂ ᠮᠠᠯᠵᠢᠬᠤ ᠤᠷᠤᠨ ᠤ ᠬᠦᠳᠡᠯᠮᠦᠷᠢ ᠬᠦᠴᠦᠨ ᠢ ᠰᠢᠯᠵᠢᠭᠦᠯᠬᠦ ᠮᠡᠷᠭᠡᠵᠢᠯ ᠤᠨ ᠪᠤᠯᠪᠠᠰᠤᠷᠠᠯ ᠡᠷᠬᠢᠯᠡᠬᠦ᠂ ᠳᠠᠩᠰᠠ | ᠺᠠᠷᠲ ᠪᠠᠶᠢᠭᠤᠯᠬᠤ᠂ ᠴᠡᠭ ᠲᠤᠭᠳᠠᠭᠠᠨ ᠬᠠᠪᠰᠤᠷᠤᠨ ᠳᠡᠳᠭᠦᠬᠦ ᠪᠠ ᠨᠡᠶᠢᠭᠡᠮ ᠶᠢᠨ ᠳᠡᠳᠭᠦᠮᠵᠢ ᠵᠡᠷᠭᠡ ᠶᠠᠳᠠᠭᠤ ᠶᠢ ᠳᠡᠳᠭᠦᠬᠦ | ᠠᠷᠭ᠎ᠠ ᠬᠡᠯᠪᠡᠷᠢ ᠪᠠᠷ ᠠᠴᠢᠶᠠᠯᠠᠭᠴᠢ ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠦᠴᠦᠯᠡᠴᠡ ᠪᠠᠨ | ᠠᠯᠭᠤᠷ ᠪᠠᠷ ᠨᠡᠮᠡᠭᠳᠡᠭᠦᠯᠦᠨ ᠢᠯᠡᠷᠭᠡᠢ ᠠᠮᠵᠢᠯᠳᠠ ᠣᠯᠣᠬᠰᠠᠨ ᠪᠠᠶᠢᠨ᠎ᠠ᠃ | |