ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠨ᠎ᠡ ᠴᠠᠭ ᠦᠶ᠎ᠡ ᠶᠢᠨ ᠬᠤᠰᠢᠭᠤᠴᠢ ᠬᠠᠰᠮᠡᠷᠭᠡᠨ
ᠨᠡᠶᠢᠲᠡᠯᠡᠭᠰᠡᠨ ᠴᠠᠭ᠄
2020/12/14
        ᠪᠠᠶᠠᠨᠲᠠᠯ᠎ᠠ ᠪᠠᠯᠭᠠᠰᠤᠨ ᠤ ᠬᠠᠳᠠᠨ ᠬᠤᠰᠢᠭᠤ ᠭᠠᠴᠠᠭᠠᠨ ᠤ ᠮᠠᠯᠴᠢᠨ ᠬᠠᠰᠮᠡᠷᠭᠡᠨ ᠪᠣᠯ ᠮᠠᠨ ᠤ ᠬᠤᠰᠢᠭᠤᠨ ᠤ ᠠᠩᠬᠠᠳᠠᠭᠴᠢ ᠲᠠᠯ᠎ᠠ ᠨᠤᠳᠤᠭ ᠤᠨ ᠬᠠᠷ᠎ᠠ ᠮᠥᠭᠦ ᠲᠠᠷᠢᠭᠰᠠᠨ ᠬᠥᠮᠦᠨ ᠪᠣᠯᠬᠤ ᠶᠣᠮ᠂ ᠲᠡᠷᠡ ᠮᠥᠭᠦ ᠲᠠᠷᠢᠵᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠭᠰᠡᠨ ᠤ ᠬᠠᠮᠳᠤ ᠨᠢᠭᠡ ᠪᠦᠯᠦᠭ ᠶᠠᠳᠠᠭᠤ ᠬᠥᠴᠢᠷᠳᠡᠯᠳᠠᠢ ᠡᠷᠦᠬᠡ ᠶᠢ ᠳᠠᠶᠢᠴᠢᠯᠠᠨ ᠣᠷᠣᠯᠭ᠎ᠠ ᠶᠢ  ᠨᠢ ᠨᠡᠮᠡᠭᠳᠡᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠨ᠎ᠡ ᠴᠠᠭ ᠦᠶ᠎ᠡ ᠶᠢᠨ ᠬᠤᠰᠢᠭᠤᠴᠢ ᠪᠣᠯᠣᠯ᠎ᠠ᠃       ᠤᠶᠢᠷ᠎ᠠ ᠳᠤ᠂ ᠬᠠᠰᠮᠡᠷᠭᠡᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠥᠷᠢᠶᠠᠯᠠᠩ ᠤᠨ ᠢᠳᠡᠰᠢᠨ ᠨᠣᠭᠤᠭᠠᠨ ᠤ ᠢᠳᠡᠰᠢᠨ ᠪᠠᠺᠲ᠋ᠧᠷᠢ ᠶᠢ ᠰᠤᠳᠤᠯᠬᠤ ᠲᠠᠰᠤᠭ ᠤᠨ ᠡᠷᠬᠢᠯᠡᠭᠴᠢ ᠰᠦᠨ ᠭᠦᠸᠧ ᠴᠢᠨ ᠢ ᠲᠤᠰᠬᠠᠶᠢᠯᠠᠨ ᠤᠷᠢᠵᠤ᠂ ᠬᠤᠰᠢᠭᠤᠨ ᠤ ᠪᠠᠨ ᠬᠠᠷ᠎ᠠ ᠮᠥᠭᠦ ᠳᠠᠷᠢᠵᠤ ᠪᠠᠶᠢᠭ᠎ᠠ ᠶᠠᠳᠠᠭᠤ ᠬᠦᠴᠢᠷᠳᠡᠯᠲᠡᠶ ᠡᠷᠦᠬᠡ ᠵᠢᠴᠢ ᠲᠠᠩᠰᠠ ᠺᠠᠷᠲ ᠪᠡᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠨᠢᠭᠡ ᠤᠳᠠᠭᠠᠨ ᠤ ᠪᠤᠯᠪᠠᠰᠤᠷᠠᠯ ᠬᠥᠷᠳᠡᠭᠡᠵᠤ᠂ ᠲᠡᠳᠡᠨ ᠤ ᠮᠥᠬᠦ ᠲᠠᠷᠢᠬᠤ ᠮᠡᠷᠭᠡᠵᠢᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠠᠳᠠᠯ ᠤᠶᠢᠯᠡᠰ ᠴᠣᠭᠴᠠᠯᠠᠬᠤ ᠢᠲᠡᠭᠡᠯ ᠵᠤᠷᠢᠭ ᠢ ᠨᠢ ᠬᠥᠪᠴᠢᠯᠠᠵᠤ᠂ ᠮᠠᠨ ᠤ ᠬᠤᠰᠢᠭᠤᠨ ᠤ ᠬᠠᠷ᠎ᠠ ᠮᠥᠭᠦ ᠶᠢᠨ ᠠᠵᠤ ᠤᠶᠢᠯᠡᠰ ᠢ ᠲᠦᠷᠭᠡᠳᠬᠡᠨ ᠬᠥᠭᠵᠢᠭᠦᠯᠬᠦ ᠳᠤ ᠮᠡᠷᠭᠡᠵᠢᠯ ᠤᠨ ᠪᠠᠲᠤᠯᠠᠭ᠎ᠠ  ᠬᠠᠩᠭᠠᠵᠠᠢ᠃       ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠥᠷᠢᠶᠠᠯᠠᠩ ᠤᠨ ᠢᠳᠡᠰᠢᠨ ᠨᠣᠭᠤᠭᠠᠨ ᠤ ᠢᠳᠡᠰᠢᠨ ᠪᠠᠺᠲ᠋ᠧᠷᠢ ᠶᠢ ᠰᠤᠳᠤᠯᠬᠤ ᠲᠠᠰᠤᠭ ᠤᠨ ᠡᠷᠬᠢᠯᠡᠭᠴᠢ ᠰᠦᠨ ᠭᠦᠸᠧ ᠴᠢᠨ ᠠᠴᠠ ᠲᠠᠯ᠎ᠠ ᠨᠤᠲᠤᠭ ᠤᠨ ᠬᠠᠷ᠎ᠠ ᠮᠥᠭᠦ ᠳᠠᠷᠢᠬᠤ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠲᠦᠢᠯ ᠤᠨ ᠥᠨᠳᠥᠷ ᠲᠥᠷᠥᠯ ᠵᠤᠶᠢᠯ ᠪᠣᠯᠤᠨ᠎ᠠ᠃ ᠬᠠᠰᠮᠡᠷᠭᠡᠨ ᠲᠡᠭᠡᠳᠤ ᠰᠢᠨ᠎ᠡ ᠮᠡᠷᠭᠡᠵᠢᠯ ᠢ ᠬᠡᠷᠡᠭᠯᠡᠭᠡᠨ ᠤ ᠮᠡᠷᠭᠡᠵᠢᠯ ᠪᠣᠯᠭᠠᠨ ᠬᠤᠪᠢᠷᠠᠭᠤᠯᠵᠤ ᠴᠢᠳᠠᠭᠰᠠᠨ ᠨᠢ ᠮᠠᠰᠢ ᠰᠠᠶᠢᠨ ᠶᠤᠮ᠃ ᠲᠡᠷᠡ ᠥᠪᠡᠷ ᠤᠨ ᠰᠣᠷᠣᠭᠰᠠᠨ ᠮᠡᠷᠭᠡᠵᠢᠯ ᠢᠶᠠᠨ ᠪᠤᠰᠤᠳ ᠳᠠᠭᠠᠨ ᠵᠢᠭᠠᠵᠤ᠂ ᠪᠠᠰᠠ ᠮᠠᠨ ᠤ ᠵᠠᠷᠢᠮ ᠮᠡᠷᠭᠡᠵᠢᠯ ᠰᠤᠳᠤᠯᠭᠠᠨ ᠤ ᠮᠠᠲ᠋ᠧᠷᠢᠶᠠᠯ ᠢ ᠮᠣᠩᠭᠤᠯ ᠬᠡᠯᠡᠨ ᠳᠤ ᠤᠷᠴᠢᠭᠤᠯᠵᠤ᠂ ᠮᠠᠯᠴᠢᠨ ᠲᠥᠮᠡᠨ ᠳᠡᠭᠡᠨ ᠪᠡᠶ᠎ᠡ ᠪᠠᠷ ᠢᠶᠠᠨ ᠵᠢᠭᠠᠵᠤ ᠪᠡᠶᠢᠭ᠎ᠠ ᠨᠢ ᠪᠢᠳᠡᠨ ᠤ ᠰᠤᠷᠤᠯᠴᠠᠭᠤᠰᠢᠲᠠᠢ ᠲᠠᠯ᠎ᠠ ᠶᠤᠮ᠃ ᠮᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠴᠤ ᠲᠡᠭᠦᠨ ᠤ ᠡᠨᠡ ᠬᠦ ᠵᠣᠷᠢᠭ ᠰᠠᠨᠠᠭᠠᠨ ᠳᠤ ᠰᠡᠳᠬᠢᠯ ᠬᠥᠳᠡᠯᠵᠡᠶ᠃ ᠪᠢ ᠲᠡᠭᠦᠨ ᠢ ᠲᠡᠮᠵᠢᠵᠤ ᠪᠡᠶᠢᠨ᠎ᠠ ᠭᠡᠯ᠎ᠡ᠃       ᠡᠨᠡ ᠵᠢᠯ 35 ᠨᠠᠰᠤᠲᠠᠶ ᠬᠠᠰᠮᠡᠷᠭᠡᠨ ᠨᠢᠭᠡᠨ ᠮᠠᠯᠴᠢᠨ ᠠᠶᠢᠯ ᠳᠤ ᠲᠥᠷᠥᠵᠦ᠂ ᠲᠥᠷᠥᠯᠬᠢ ᠵᠢᠷᠦᠬᠡᠨ ᠡᠪᠡᠳᠴᠢᠨ ᠲᠠᠢ ᠮᠥᠷᠳᠡᠭᠡᠨ ᠳᠥᠷᠪᠡᠳᠦᠭᠡᠷ ᠳᠡᠰ ᠤᠨ ᠬᠠᠷᠠᠭ᠎ᠠ ᠵᠡᠮᠳᠡᠭ ᠭᠦᠮᠦᠨ ᠪᠠᠶᠢᠵᠦ᠂ ᠡᠪᠡᠳᠴᠢᠨ ᠢᠶᠠᠨ ᠦᠵᠡᠭᠦᠯᠬᠦ ᠶᠢᠨ ᠲᠥᠯᠥᠭᠡ ᠥᠷᠢ ᠰᠢᠷᠢ ᠳᠤ ᠳᠠᠷᠤᠭᠳᠠᠵᠤ᠂ ᠨᠢᠭᠡ ᠭᠡᠷ ᠢᠶᠠᠷ ᠢᠶᠠᠨ ᠬᠦᠴᠦ ᠶᠠᠪᠤᠵᠤ ᠥᠷᠢ ᠰᠢᠷᠢ ᠪᠠᠨ ᠲᠥᠯᠤᠵᠤ ᠪᠡᠶᠢᠵᠠᠢ᠃ 2015 ᠣᠨ ᠳᠤ ᠬᠠᠰᠮᠡᠷᠭᠡᠨ ᠬᠥᠯᠥᠰᠥᠨ ᠠᠵᠢᠯ ᠬᠢᠵᠦ ᠪᠠᠶᠢᠬᠤ ᠳᠠᠭᠠᠨ᠂ ᠣᠶᠢᠷ᠎ᠠ ᠬᠠᠪᠢ ᠶᠢᠨ ᠬᠥᠮᠥᠰ ᠤᠨ ᠮᠥᠭᠦ ᠲᠠᠷᠢᠵᠤ ᠤᠷᠤᠯᠭ᠎ᠠ ᠪᠠᠨ ᠨᠡᠮᠡᠭᠳᠡᠬᠦᠯᠵᠤ ᠪᠡᠶᠢᠭ᠎ᠠ ᠶᠢ ᠠᠩᠬᠠᠷᠤᠯ ᠳᠠᠭᠠᠨ ᠠᠪᠴᠤ᠂ ᠮᠥᠬᠦ ᠲᠠᠷᠢᠬᠤ ᠤᠶᠢᠯᠡᠰ ᠡᠷᠬᠢᠯᠡᠵᠤ ᠣᠷᠣᠯᠭ᠎ᠠ ᠪᠠᠨ ᠨᠡᠮᠡᠭᠳᠡᠭᠦᠯᠬᠦ ᠪᠤᠳᠤᠯ ᠲᠥᠷᠥᠭᠳᠠᠵᠠᠢ᠃ ᠲᠡᠭᠡᠭᠡᠳ ᠲᠠᠷᠠ ᠬᠤᠰᠢᠭᠤᠨ ᠤ ᠠᠵᠢᠯ ᠣᠯᠭᠤᠯᠲᠠ ᠶᠢᠨ ᠲᠤᠪᠴᠢᠶᠠᠨ ᠤ ᠬᠠᠪᠰᠤᠷᠤᠯᠭ᠎ᠠ ᠳᠣᠤᠷ᠎ᠠ᠂ ᠰᠢᠯᠢ ᠶᠢᠨ ᠬᠤᠲᠠ ᠶᠢᠨ ᠪᠠᠶᠠᠨᠰᠢᠯᠢ ᠮᠠᠯᠵᠢᠯ ᠤᠨ ᠲᠠᠯᠠᠪᠠᠶ ᠲᠠᠢ᠂ ᠲᠠᠯ᠎ᠠ ᠨᠤᠳᠤᠭ ᠤᠨ ᠬᠠᠷ᠎ᠠ ᠮᠥᠭᠦ ᠲᠠᠷᠢᠬᠤ ᠲᠦᠷᠦᠯ ᠵᠦᠢᠯ ᠤᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ  ᠲᠤᠭᠳᠠᠵᠠᠢ᠃ ᠲᠦᠮᠡᠨ ᠶᠠᠪᠤᠳᠠᠯ ᠤᠨ ᠲᠥᠷᠥᠬᠦᠴᠢ ᠠᠯᠬᠤᠮ ᠨᠢ ᠬᠦᠴᠢᠷ ᠭᠡᠳᠡᠭ ᠢᠶᠠᠷ᠂ ᠬᠠᠰᠮᠡᠷᠭᠡᠨ ᠮᠥᠭᠦ ᠲᠠᠷᠢᠬᠤ ᠶᠠᠪᠤᠴᠠ ᠳᠠᠭᠠᠨ ᠬᠡᠲᠦ ᠤᠳᠠᠭ᠎ᠠ ᠢᠯᠠᠭᠳᠠᠯ ᠳᠤ ᠤᠴᠠᠷᠠᠭᠰᠠᠨ ᠪᠣᠯᠪᠠᠴᠤ ᠶᠠᠷᠤ ᠠᠴᠠ ᠵᠤᠷᠢᠭ ᠮᠤᠬᠤᠭᠰᠠᠨ ᠦᠭᠡᠢ ᠪᠡᠶᠢᠵᠤ᠂ ᠠᠭᠠᠵᠢᠮ ᠢᠶᠠᠷ ᠬᠠᠷ᠎ᠠ ᠮᠥᠭᠦ ᠲᠠᠷᠢᠬᠤ ᠠᠷᠭ᠎ᠠ ᠵᠠᠮ ᠢ ᠰᠦᠪᠡᠭᠴᠢᠯᠡᠨ ᠭᠠᠷᠭᠠᠵᠠᠢ᠃       2018 ᠣᠨ ᠳᠤ᠂ ᠲᠡᠷᠡ ︽ᠰᠦᠷᠭᠢᠷ᠎ᠡ ᠲᠠᠷᠢᠮᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︾   ᠪᠠᠨ ᠳᠠᠩᠰᠠᠯᠠᠭᠤᠯᠵᠦ᠂ 200 ᠲᠡᠭᠰᠢ ᠲᠥᠷᠪᠡᠯᠵᠢᠨ ᠮᠧᠲᠷ ᠤᠨ ᠮᠦᠭᠦ ᠲᠠᠷᠢᠬᠤ ᠲᠠᠯᠠᠪᠠᠢ ᠶᠢ ᠪᠠᠶᠢᠭᠤᠯᠵᠠᠢ᠃ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠲᠡᠭᠦᠨ ᠳᠤ ᠬᠠᠪᠰᠤᠷᠤᠨ᠂ ᠬᠠᠳᠠᠭᠠᠬᠤ ᠮᠠᠰᠢᠨ᠂ ᠠᠭᠠᠷ ᠦᠭᠡᠶᠢᠳᠡᠭᠦᠯᠦᠨ ᠪᠣᠭᠤᠳᠠᠯᠯᠠᠬᠤ ᠮᠠᠰᠢᠨ ᠵᠡᠷᠭᠡ ᠲᠥᠬᠦᠭᠡᠷᠦᠮᠵᠢ ᠶᠢ ᠬᠤᠳᠠᠯᠳᠤᠨ ᠠᠪᠴᠤ ᠦᠭᠬᠦᠨ᠂ ᠵᠡᠮᠳᠡᠭᠴᠦᠳ ᠲᠤ ᠠᠵᠢᠯ ᠤᠯᠭᠤᠵᠤ ᠶᠠᠳᠠᠭᠤ ᠶᠢ ᠲᠡᠳᠬᠦᠬᠦ ᠤᠶᠢᠯᠡᠳᠪᠤᠷᠢ ᠶᠢᠨ ᠲᠠᠰᠤᠭ ᠪᠡᠶᠢᠭᠤᠯᠵᠤ᠂ ᠮᠥᠬᠦ ᠲᠠᠷᠢᠬᠤ ᠭᠡᠪᠴᠢᠶ᠎ᠠ ᠨᠢ ᠴᠦ ᠲᠠᠰᠤᠷᠠᠯᠲᠠ ᠦᠭᠡᠢ ᠦᠷᠭᠡᠳᠦᠨ᠂ ︽ᠬᠤᠷᠰᠢᠶᠠᠵᠢᠯ᠂ ᠶᠠᠳᠠᠭᠤ ᠬᠦᠴᠢᠷᠳᠡᠯᠲᠡᠶ ᠡᠷᠦᠬᠡ ᠬᠤᠯᠪᠤᠭᠠᠯᠠᠬᠤ︾ ᠵᠠᠭᠪᠤᠷ ᠢ ᠡᠭᠦᠳᠦᠨ ᠪᠠᠶᠢᠭᠤᠯᠵᠤ᠂ ᠡᠷᠭᠢᠨ ᠲᠣᠭᠤᠷᠢᠨ ᠤ ᠶᠠᠳᠠᠭᠤ ᠬᠦᠴᠢᠷᠳᠡᠯᠲᠡᠶ ᠡᠷᠦᠬᠡ ᠪᠣᠯᠤᠨ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠬᠤ ᠶᠢ ᠲᠡᠶᠢᠴᠢᠯᠠᠵᠤ᠂ ᠬᠤᠷᠰᠢᠶᠠᠵᠢᠯ ᠤᠨ ᠭᠡᠰᠢᠭᠦᠳ ᠲᠡᠭᠡᠨ ᠰᠥᠢᠳᠭᠡᠯ ᠬᠤᠷᠢᠶᠠᠬᠤ ᠦᠭᠡᠢ ᠪᠠᠷ ᠪᠤᠯᠪᠠᠰᠤᠷᠠᠯ ᠬᠥᠷᠳᠡᠭᠡᠵᠤ᠂ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠠᠢ᠃  2019 ᠣᠨ ᠳᠤ᠂ ᠬᠠᠰᠮᠡᠷᠭᠡᠨ ︽ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠭᠰᠡᠨ ᠲᠠᠭᠠᠭᠤᠯᠤᠭᠴᠢ︾ ᠶᠢᠨ ᠢᠷᠠᠭᠤ ᠠᠯᠳᠠᠷ ᠢ ᠭᠦᠷᠳᠵᠦ᠂ ᠣᠨ ᠳᠤ ᠣᠳᠣ ᠲᠡᠭᠦᠨ ᠤ ᠪᠠᠶᠢᠭᠤᠯᠣᠬᠰᠠᠨ ︽ᠰᠦᠷᠭᠢᠷ᠎ᠡ ᠲᠠᠷᠢᠮᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︾ ᠶᠢᠨ ᠮᠥᠭᠦ ᠲᠠᠷᠢᠬᠤ ᠲᠠᠯᠠᠪᠠᠢ 800 ᠭᠠᠷᠤᠢ ᠲᠡᠭᠰᠢ ᠳᠥᠷᠪᠡᠯᠵᠢᠨ ᠮᠧᠲᠷ ᠲᠤ ᠬᠦᠷᠴᠦ᠂ ᠵᠢᠯ ᠳᠤ ᠪᠠᠷᠤᠭ 5 ᠲᠦᠮᠡᠨ ᠵᠢᠩ ᠮᠥᠭᠦ ᠤᠶᠢᠯᠡᠳᠪᠤᠷᠢᠯᠡᠵᠤ᠂ ᠰᠢᠨ᠎ᠡ ᠰᠣᠷᠭᠤᠭ ᠮᠥᠭᠦ᠂ ᠬᠠᠭᠤᠷᠠᠶ ᠮᠥᠭᠦ᠂ ᠮᠥᠭᠦ ᠶᠢᠨ ᠵᠢᠶᠠᠩ ᠵᠡᠷᠭᠡ ᠣᠯᠠᠨ ᠪᠦᠲᠦᠭᠡᠭᠳᠡᠬᠦᠨ ᠲᠠᠢ ᠪᠤᠯᠵᠤ᠂ ᠪᠥᠳᠥᠭᠡᠭᠳᠡᠬᠦᠨ ᠨᠢ ᠣᠷᠣᠨ ᠤ ᠳᠣᠲᠣᠷᠠᠬᠢ ᠡᠯ᠎ᠡ ᠠᠶᠢᠮᠠᠭ ᠬᠤᠲᠠ ᠳᠤ ᠪᠣᠷᠣᠯᠠᠭᠤᠯᠣᠬᠳᠠᠵᠦ ᠪᠠᠶᠢᠭ᠎ᠠ ᠪᠦᠭᠡᠳ ᠳᠠᠷᠠᠭᠠᠬᠴᠢ ᠪᠠᠷ ᠰᠢᠨ᠎ᠡ ᠮᠥᠭᠦ ᠶᠢᠨ ᠨᠤᠨᠲᠠᠭ᠂ ᠮᠥᠭᠦ ᠶᠢᠨ ᠵᠢᠶᠠᠩᠶ᠋ᠢᠦ ᠪᠤᠯᠤᠨ ᠠᠷᠭᠠᠯ᠂ ᠬᠤᠨᠢᠨ ᠬᠤᠷᠭᠤᠤᠯ ᠵᠡᠷᠭᠡ ᠪᠠᠷ ᠪᠤᠯᠪᠠᠰᠤᠷᠠᠭᠤᠯᠤᠭᠰᠠᠨ ᠣᠷᠭᠠᠨᠢᠭ ᠪᠣᠷᠳᠣᠭᠤᠷ ᠤᠶᠢᠯᠡᠳᠪᠤᠷᠢᠯᠡᠬᠦ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号