ᠤᠷᠢᠬᠠᠨ ᠰᠢᠨᠵᠢᠯᠡᠳᠦ ᠮᠡᠳᠡᠭᠡᠯᠡᠪᠡ | 《ᠠᠷᠪᠠᠨ ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠰᠢᠭᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶ ᠠᠬᠢᠭᠤᠯᠵᠤ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠶ | ᠳᠡᠭᠦᠯᠳᠡᠷᠵᠢᠭᠦᠯᠦᠭᠰᠡᠨ ᠢᠶᠠᠷ ᠦᠨᠳᠦᠰᠦᠨ ᠡᠮ ᠡᠮᠨᠡᠯᠭᠡ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠡᠬᠡᠪᠡᠷ ᠳᠡᠭᠡᠭᠰᠢᠯᠡᠵᠦ᠂ ᠦᠷᠭᠡᠨ ᠣᠯᠠᠨ ᠲᠦᠮᠡᠨ ᠳᠤ ᠦᠭᠡᠷᠡᠴᠢᠯᠡᠯᠳᠡ ᠭᠦᠭᠵᠢᠯᠳᠡ | ᠶᠢᠨ ᠦᠷ᠎ᠡ ᠪᠦᠳᠦᠭᠡᠯ ᠢ ᠡᠳᠡᠯᠡᠭᠦᠯᠵᠡᠢ᠃ | ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠦᠨᠵᠡᠭᠡᠶᠢᠷᠡᠬᠦᠯᠵᠦ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠴᠢᠩᠭᠠᠳᠬᠠᠭᠰᠡᠨ ᠪᠠᠶᠢᠨ᠎ᠠ᠃ | ᠮᠤᠩᠭᠤᠯ ᠡᠮᠨᠡᠯᠭᠡ ᠶᠢᠨ ᠬᠤᠷᠢᠶᠠᠨ ᠤ ᠦᠭᠡᠷᠡᠴᠢᠯᠡᠨ ᠪᠠᠶᠢᠭᠤᠯᠬᠤ ᠲᠦᠷᠦᠯ ᠵᠦᠢᠯ᠂ ᠮᠤᠩᠭᠤᠯ ᠡᠮ ᠦᠢᠯᠡᠳᠬᠦ | ᠲᠠᠰᠤᠭ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠣᠩᠭᠤᠨ ᠠᠭᠤᠯᠠ ᠰᠤᠮᠤᠨ ᠤ ᠡᠷᠡᠭᠦᠯ ᠬᠠᠮᠠᠭᠠᠯᠠᠯ ᠤᠨ | ᠬᠤᠷᠢᠶᠠᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠪᠠᠷᠢᠮᠵᠢᠶᠠᠵᠢᠭᠰᠠᠨ ᠭᠠᠴᠠᠭᠠᠨ ᠤ ᠡᠷᠡᠭᠦᠯ ᠬᠠᠮᠠᠭᠠᠯᠠᠯ ᠤᠨ | ᠲᠠᠰᠤᠭ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠪᠠᠷ | ᠪᠠᠶᠢᠭᠤᠯᠤᠭᠰᠠᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ | ᠲᠦᠪ ᠤᠨ ᠠᠰᠠᠷ ᠨᠢᠭᠡᠨᠲᠡ ᠠᠰᠢᠭᠯᠠᠯᠲᠠ ᠳᠤ ᠣᠷᠣᠵᠦ᠂ ᠰᠢᠨ᠎ᠡ ᠪᠠᠷ ᠪᠠᠶᠢᠭᠤᠯᠦ ᠪᠠᠶᠢᠭ᠎ᠠ 3500 ᠲᠦᠮᠡᠨ | ᠲᠥᠭᠦᠷᠢᠭ ᠤᠨ ᠪᠡᠯᠡ ᠣᠷᠣᠭᠤᠯᠣᠯᠳᠠ ᠲᠠᠢ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ | ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠨᠳᠡ ᠳᠠᠭᠤᠰᠬᠠᠵᠠᠢ᠃ ᠪᠥᠬᠦ | ᠬᠤᠰᠢᠭᠤᠨ ᠳᠤ ᠣᠲᠣ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ 3᠂ ᠰᠤᠮᠤ ᠪᠠᠯᠭᠠᠰᠤᠨ ᠤ ᠡᠷᠡᠬᠦᠯ | ᠬᠠᠮᠠᠭᠠᠯᠠᠯ ᠤᠨ ᠬᠤᠷᠢᠶ᠎ᠠ 3᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 1᠂ | ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 42᠂ ᠬᠤᠪᠢ ᠶᠢᠨ ᠡᠮᠴᠢᠯᠡᠭᠡᠨ ᠤ ᠭᠠᠵᠠᠷ 8᠂ | ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 300 ᠬᠥᠮᠦᠨ ᠪᠤᠢ᠃ ᠠᠷᠪᠠᠨ ᠭᠤᠷᠪᠠᠳᠤᠭᠠᠷ ᠲᠠᠪᠤᠨ ᠵᠢᠯ ᠤᠨ | ᠬᠤᠭᠤᠴᠠᠭᠠᠨ ᠳᠤ᠂ ᠶᠡᠭᠡ ᠰᠤᠷᠭᠠᠭᠤᠯᠢ ᠲᠤᠮᠳᠠᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ | ᠲᠡᠭᠦᠰᠦᠭᠰᠡᠨ 40 ᠭᠠᠷᠤᠢ ᠰᠤᠷᠤᠭᠴᠢ ᠶᠢ ᠡᠯᠰᠡᠨ ᠬᠡᠷᠡᠭᠯᠡᠬᠦ ᠪᠠ ᠬᠤᠪᠢᠶᠠᠷᠢᠯᠠᠵᠤ᠂ ᠣᠣᠯ ᠤᠨ ᠡᠬᠡ ᠨᠢᠯᠬᠠᠰ ᠤᠨ | ᠡᠷᠡᠭᠦᠯ ᠬᠠᠮᠠᠭᠠᠯᠠᠯ ᠤᠨ ᠦᠷᠳᠡᠭᠡ ᠨᠢ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠣᠯᠵᠤ᠂ ᠮᠣᠩᠭᠤᠯ ᠡᠮᠨᠡᠯᠭᠡ ᠶᠢᠨ | ᠬᠤᠷᠢᠶ᠎ᠠ ᠨᠢ ᠬᠤᠶᠠᠳᠤᠭᠠᠷ ᠳᠡᠰ ᠤᠨ ᠬᠥᠬᠡ ᠳᠡᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ ᠶᠢ ᠠᠮᠵᠢᠯᠲᠠ ᠲᠠᠢ | ᠡᠭᠦᠳᠦᠨ ᠪᠠᠶᠢᠭᠤᠯᠵᠤ᠂ ᠪᠠᠶᠠᠨᠳᠠᠯ᠎ᠠ ᠪᠠᠯᠭᠠᠰᠤᠨ ᠤ ᠭᠤᠤᠯᠳᠠᠯᠭᠠᠳᠦ ᠡᠮᠨᠡᠯᠭᠡ ᠶᠢᠨ ᠬᠤᠷᠢᠶ᠎ᠠ ᠨᠢ ᠨᠢᠭᠡᠳᠤᠭᠡᠷ ᠲᠦᠷᠦᠯ | ᠤᠨ ᠨᠢᠭᠡᠳᠦᠭᠡᠷ ᠳᠡᠰ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠦᠨᠡᠯᠡᠭᠳᠡᠵᠡᠢ᠃ | ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤᠨ ᠤ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠪᠣᠯᠭᠠᠬᠤ ᠶᠢ | ᠠᠬᠢᠭᠤᠯᠵᠦ᠂ 6900 ᠭᠠᠷᠤᠶ ᠮᠠᠯᠴᠢᠳ ᠲᠤ ᠰᠦᠢᠳᠭᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ | ᠪᠠᠶᠢᠴᠠᠭᠠᠯᠲᠠ ᠬᠢᠵᠦ ᠥᠭᠴᠡᠶ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ | ᠰᠢᠰᠲ᠋ᠧᠮ ᠢ ᠤᠯᠠᠮ ᠨᠢᠭᠡ ᠠᠯᠬᠤᠮ ᠲᠡᠬᠦᠯᠳᠡᠷᠵᠢᠬᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠳᠢᠮᠯᠢᠭ ᠠᠭᠤᠰᠬᠢᠨ | ᠦᠷᠪᠢᠰᠦᠯ᠂ ᠰᠦᠷᠢᠶ᠎ᠡ ᠡᠪᠡᠳᠴᠢᠨ ᠵᠡᠷᠭᠡ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠦᠨᠡᠨᠬᠦ ᠠᠳᠬᠤᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠲᠣᠭᠲᠠᠭᠠᠯ ᠶᠣᠰᠣᠭᠠᠷ | ᠬᠠᠯᠳᠠᠪᠤᠷᠢᠲᠤ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠵᠦ᠂ ᠡᠮ ᠡᠮᠨᠡᠯᠭᠡ ᠶᠢᠨ ᠪᠠᠶᠢᠭᠤᠯᠤᠮᠵᠢ | ᠴᠥᠮ ᠤᠷᠢᠳᠴᠢᠯᠠᠨ ᠪᠠᠶᠢᠴᠠᠭᠠᠬᠤ ᠬᠤᠪᠢᠶᠠᠷᠢ ᠡᠮᠴᠢᠯᠡᠭᠡᠨ ᠤ ᠲᠠᠰᠤᠭ᠂ ᠬᠠᠯᠠᠭᠤᠷᠠᠬᠰᠠᠨ ᠡᠪᠡᠳᠴᠢᠨ ᠢ ᠡᠮᠨᠡᠬᠦ | ᠲᠠᠰᠤᠭ ᠪᠠ ᠲᠣᠭᠤᠷᠢᠨ ᠦᠵᠡᠬᠦ ᠲᠠᠰᠤᠭ ᠭᠠᠷᠭᠠᠬᠤ ᠶᠢᠨ ᠲᠠᠭᠤ ᠡᠮᠨᠡᠯᠭᠡ ᠶᠢᠨ ᠠᠵᠢᠯᠲᠠᠨ᠂ ᠠᠪᠤᠷᠠᠨ ᠵᠠᠰᠠᠬᠤ | ᠡᠮᠴᠢᠯᠡᠭᠡᠨ ᠤ ᠲᠥᠬᠦᠭᠡᠷᠦᠮᠵᠢ᠂ ᠳᠠᠷᠤᠯᠲᠠᠲᠤ ᠠᠪᠤᠷᠠᠨ ᠲᠤᠰᠠᠯᠠᠬᠤ ᠲᠡᠷᠭᠡ ᠶᠢ ᠪᠦᠷᠢᠨ ᠲᠣᠬᠢᠷᠠᠭᠤᠯᠤᠭᠰᠠᠨ ᠪᠠᠶᠢᠨ᠎ᠠ᠃ | ᠡᠮᠨᠡᠯᠭᠡ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠤᠯᠪᠠᠰᠤᠷᠠᠯ ᠢ ᠲᠠᠰᠤᠷᠠᠯᠲᠠ ᠦᠭᠡᠢ | ᠴᠢᠩᠭᠠᠳᠬᠠᠨ᠂ ᠣᠨᠣᠰᠢᠯᠠᠬᠤ᠂ ᠡᠮᠨᠡᠨ ᠵᠠᠰᠠᠬᠤ᠂ ᠡᠵᠡᠮᠳᠡᠬᠦ ᠪᠠ ᠢᠯᠡᠷᠡᠭᠦᠯᠬᠦ᠂ ᠮᠡᠳᠡᠭᠦᠯᠭᠦ ᠬᠠᠮᠢᠶᠠᠷᠤᠯᠲᠠ ᠶᠢ | ᠲᠡᠬᠦᠯᠳᠡᠷᠵᠢᠬᠦᠯᠪᠡ᠃ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠯᠳᠠᠪᠤᠷᠢᠲᠤ ᠡᠪᠡᠳᠴᠢᠨ ᠢ | ᠡᠳᠦᠷ ᠲᠤᠳᠤᠮ ᠤᠨ ᠬᠢᠨᠠᠨ ᠬᠡᠮᠵᠢᠬᠦ ᠪᠠ ᠰᠢᠭᠤᠳ ᠮᠡᠳᠡᠭᠦᠯᠬᠦ ᠲᠦ᠋ᠷᠢᠮ ᠤᠨ ᠨᠠᠶᠢᠳᠠᠪᠤᠷᠢᠵᠢᠭᠤᠯᠤᠯᠳᠠ ᠶᠢ | ᠴᠢᠩᠭᠠᠳᠬᠠᠵᠤ᠂ ᠡᠯ᠎ᠡ ᠲᠦ᠋ᠷᠦᠯ ᠤᠨ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠶᠢ ᠪᠦᠳᠦᠮᠵᠢᠳᠡᠢ ᠬᠤᠷᠢᠭᠯᠠᠪᠠ᠃ | ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠮᠠᠨ ᠤ ᠬᠤᠰᠢᠭᠤ ᠮᠣᠩᠭᠤᠯ ᠡᠮ ᠡᠮᠨᠡᠯᠭᠡ ᠶᠢᠨ | ᠦᠢᠯᠡᠰ ᠢ ᠦᠷᠭᠦᠯᠵᠢᠯᠡᠨ ᠭᠦᠭᠵᠢᠬᠦᠯᠵᠦ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠲᠡᠳᠬᠦᠬᠦ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠪᠦᠬᠦ ᠠᠶᠢᠮᠠᠭ ᠤᠨ ᠮᠣᠩᠭᠤᠯ ᠡᠮ ᠡᠮᠨᠡᠯᠭᠡ ᠶᠢᠨ ᠠᠵᠢᠯ ᠤᠨ | ᠲᠡᠷᠢᠭᠦᠨ ᠤ ᠬᠤᠰᠢᠭᠤ ᠰᠢᠶᠠᠨ ᠤ ᠦᠷ᠎ᠡ ᠪᠦᠳᠦᠭᠡᠯ ᠢ ᠪᠠᠬᠢᠵᠢᠭᠦᠯᠵᠦ᠂ ︽ᠬᠤᠶᠠᠳᠤᠭᠠᠷ ᠳᠡᠰ ᠤᠨ ᠬᠥᠬᠡ ᠳᠡᠰ ᠤᠨ | ᠦᠨᠳᠦᠰᠦᠲᠡᠨ ᠤ ᠡᠮᠨᠡᠯᠭᠡ ᠶᠢᠨ ᠬᠤᠷᠢᠶ᠎ᠠ︾ ᠶᠢᠨ ᠪᠦᠲᠦᠭᠡᠨ ᠪᠠᠶᠢᠭᠤᠯᠤᠯᠲᠠ ᠪᠠᠷ ᠪᠠᠷᠢᠮᠵᠢᠶ᠎ᠠ ᠪᠣᠯᠭᠠᠨ᠂ ᠮᠣᠩᠭᠤᠯ | ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠳᠣᠪᠤᠶᠢᠯᠭᠠᠵᠤ᠂ ︽ᠵᠢᠷᠦᠬᠡᠨ ᠤ ᠡᠪᠡᠳᠴᠢᠨ ᠤ ᠰᠠᠯᠠᠭ᠎ᠠ︾ ︽ | ᠲᠠᠪᠤᠨ ᠵᠠᠰᠠᠯ ᠤᠨ ᠡᠮᠴᠢᠯᠡᠭᠡᠨ ᠤ ᠰᠠᠯᠠᠭ᠎ᠠ︾ ᠵᠡᠷᠭᠡ ᠠᠶᠢᠮᠠᠭ ᠤᠨ ᠲᠠᠰ ᠤᠨ ᠭᠤᠤᠯᠳᠠᠯᠭᠠᠳᠦ ᠲᠤᠰᠬᠠᠶ ᠰᠠᠯᠠᠭᠠᠨ ᠤ | ᠪᠠᠶᠢᠭᠤᠯᠤᠯᠲᠠ ᠶᠢ ᠴᠢᠩᠭᠠᠳᠬᠠᠬᠤ ᠶᠢᠨ ᠲᠠᠭᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠶᠡᠬᠡᠪᠡᠷ | ᠳᠥᠯᠭᠢᠨ ᠠᠭᠢᠭᠤᠯᠵᠦ᠂ 3534 ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠮᠠᠯᠵᠢᠬᠤ ᠤᠷᠤᠨ ᠤ ᠰᠢᠨ᠎ᠡ | ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠤᠨ ᠥᠪᠡᠰᠦᠪᠡᠨ ᠲᠣᠰᠢᠶᠠᠬᠤ ᠭᠡᠰᠡᠭ ᠢ ᠣᠷᠣᠯᠠᠨ | ᠲᠣᠰᠢᠶᠠᠵᠦ᠂ ᠨᠡᠶᠢᠳᠡ 65.6 ᠲᠦᠮᠡᠨ ᠲᠥᠭᠦᠷᠢᠭ ᠲᠤᠰᠢᠶᠠᠵᠦ᠂ 3514 ᠬᠥᠮᠦᠨ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠡᠷᠡᠭᠦᠯ ᠮᠡᠨᠳᠦ ᠶᠢᠨ ᠬᠤᠳᠠᠯᠳᠤᠭᠠᠨ ᠤ ᠳᠠᠭᠠᠳᠬᠠᠯ ᠢ ᠨᠡᠶᠢᠲᠡ 42.7 ᠲᠦᠮᠡᠨ ᠲᠥᠭᠦᠷᠢᠭ ᠣᠷᠣᠯᠠᠨ | ᠲᠣᠰᠢᠶᠠᠵᠦ ᠦᠭᠪᠡ᠃ ᠶᠠᠳᠠᠭᠤ ᠬᠦᠴᠢᠷᠳᠡᠯᠲᠡᠶ ᠤᠳᠠᠭᠠᠨ ᠴᠢᠨᠠᠷ ᠤᠨ ᠡᠪᠡᠳᠴᠢᠨ ᠳᠤ ᠨᠡᠷᠪᠡᠭᠳᠡᠭᠰᠡᠳ ᠲᠤ | ᠡᠮᠴᠢᠯᠡᠭᠡᠨ ᠤ ᠦᠢᠯᠡᠴᠢᠯᠡᠭᠡ ᠬᠠᠨᠭ᠍ᠭᠠᠬᠠᠣ ᠠᠵᠢᠯᠯᠠᠭ᠎ᠠ ᠦᠷᠨᠢᠭᠦᠯᠵᠦ᠂ ᠨᠡᠶᠢᠲᠡ 2231 ᠬᠥᠮᠦᠨ ᠳᠤ ᠡᠮ ᠬᠦᠷᠭᠡᠵᠦ᠂ | ᠡᠮ ᠤᠨ ᠵᠦᠢᠯ ᠤᠨ ᠪᠥᠬᠦ ᠵᠠᠷᠤᠳᠠᠯ 12.2 ᠲᠦᠮᠡᠨ ᠲᠥᠭᠦᠷᠢᠭ ᠲᠤ ᠬᠦᠷᠴᠡᠶ᠃ ᠭᠤᠤᠯᠳᠠᠯᠭ᠎ᠠ ᠲᠠᠢ ᠶᠠᠳᠠᠭᠤ | ᠬᠦᠴᠢᠷᠳᠡᠯᠲᠡᠶ ᠬᠥᠮᠦᠰ ᠲᠤ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ | ᠬᠢᠵᠦ᠂ ᠨᠡᠶᠢᠲᠡ 814 ᠬᠥᠮᠦᠨ ᠳᠤ ᠪᠡᠶ᠎ᠡ ᠶᠢᠨ ᠪᠠᠶᠢᠴᠠᠭᠠᠯᠲᠠ ᠬᠢᠵᠦ ᠦᠭᠭᠦᠨ᠂ ᠵᠠᠷᠤᠳᠠᠯ ᠨᠢ 29.6 ᠲᠦᠮᠡᠨ | ᠲᠥᠭᠦᠷᠢᠭ ᠬᠦᠷᠪᠡ᠃ | |