ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/12/17
                         ᠠᠯᠪᠠᠨ  ᠵᠠᠷᠯᠠᠯ                    ︵ᠭᠤᠴᠢᠨ ᠲᠠᠪᠤᠳᠤᠭᠠᠷ ᠲᠤᠭᠠᠳᠤ︶      ᠣᠷᠴᠢᠮ ᠤᠨ ᠡᠳᠦᠷ᠂ ᠲᠣᠯᠤᠨ ᠨᠠᠭᠤᠷ ᠰᠢᠶᠠᠨ᠂ ᠰᠢᠯᠦᠭᠤᠨ ᠬᠦᠭᠡ ᠬᠤᠰᠢᠭᠤ ᠨᠢ ᠡᠾᠧᠪᠸᠢ ᠮᠤᠵᠢ ᠶᠢᠨ ᠸᠧᠢ ᠴᠠᠩ ᠤᠨ ᠮᠠᠨᠵᠤ ᠮᠤᠩᠭᠤᠯ ᠦᠨᠳᠦᠰᠦᠳᠡᠨ ᠤ ᠦᠪᠡᠷᠲᠡᠭᠡᠨ ᠵᠠᠰᠠᠬᠤ ᠰᠢᠶᠠᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠲᠤᠪᠴᠢᠶᠠᠨ ᠠᠴᠠ ᠢᠷᠡᠬᠦᠯᠦᠭᠰᠡᠨ ᠴᠧᠩᠳᠦ᠋ ᠬᠤᠲᠠ ᠶᠢᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠳᠤᠭᠰᠠᠳ ᠢ ᠬᠠᠮᠵᠢᠯᠴᠠᠨ ᠪᠠᠶᠢᠴᠠᠭᠠᠬᠤ ᠲᠤᠬᠠᠢ ᠪᠢᠴᠢᠭ ᠮᠠᠲ᠋ᠧᠷᠢᠶᠠᠯ ᠢ ᠲᠤᠰᠴᠠᠢ᠃ ᠴᠧᠩᠳᠦ᠋ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠳᠤᠭᠰᠠᠳ ᠴᠠᠢ ᠣᠪᠤᠭᠲᠤ ᠨᠢ 12 ᠳ᠋ᠤᠭᠠᠷ ᠰᠠᠷ᠎ᠠ ᠶᠢᠨ 9 ᠤ ᠡᠳᠦᠷ ᠰᠧᠴᠦᠸᠠᠨ ᠮᠣᠵᠢ ᠶᠢᠨ ᠴᠧᠩᠳᠦ᠋ ᠬᠤᠲᠠ ᠶᠢᠨ ᠶᠢᠨ ᠨᠢᠦ ᠲᠤᠭᠤᠷᠢᠭ ᠤᠨ ᠶᠢᠨ ᠺᠧ ᠶᠤᠸᠠᠨ ᠨᠢᠭᠡᠳᠦᠭᠡᠷ ᠲᠤᠭᠤᠷᠢᠭ ᠠᠴᠠ ᠳ᠋ᠢ ᠳ᠋ᠢ ᠲᠦᠷᠢᠶᠡᠰᠦᠨ ᠮᠠᠰᠢᠨ ᠲᠡᠷᠭᠡᠨ ᠳᠤ ᠰᠠᠭᠤᠵᠤ ᠴᠧᠩᠳᠦ᠋ ᠭᠠᠯᠲᠤ ᠲᠡᠷᠭᠡᠨ ᠦᠷᠳᠡᠭᠡᠨ ᠳᠤ ᠬᠦᠷᠴᠦ᠂ 22 ᠴᠠᠭ 5 ᠮᠢᠨᠦ᠋ᠲ ᠤᠨ K998 ᠡᠭᠡᠯᠵᠢ ᠶᠢᠨ ᠭᠠᠯᠲᠤ ᠲᠡᠷᠭᠡᠨ ᠤ 12 ᠳ᠋ᠤᠭᠠᠷ ᠸᠠᠭᠤᠨ ᠤ 13 ᠳ᠋ᠤᠭᠠᠷ ᠣᠷᠣ ᠶᠢᠨ ᠲᠤᠤᠷᠠᠳᠤ ᠤᠷᠤᠨ ᠳᠤ ᠰᠠᠭᠤᠵᠤ᠂ 12 ᠳ᠋ᠤᠭᠠᠷ ᠰᠠᠷ᠎ᠠ ᠶᠢᠨ 11 ᠤ ᠡᠳᠦᠷ ᠤᠨ ᠦᠷ ᠤᠨ 4 ᠴᠠᠭ ᠲᠤ ᠰᠠᠩ ᠤᠨ ᠲᠠᠯᠠᠢ ᠭᠠᠯᠲᠤ ᠲᠡᠷᠭᠡᠨ ᠥᠷᠳᠡᠭᠡᠨ ᠳᠤ ᠬᠦᠷᠴᠦ᠂ ᠥᠷᠲᠡᠭᠡᠨ ᠳᠤ ᠪᠠᠭᠤᠭᠰᠠᠨ ᠤ ᠳᠠᠷᠠᠭ᠎ᠠ ᠰᠢᠭᠤᠳ ᠳᠦᠷᠢᠶᠡᠰᠦᠨ ᠮᠠᠰᠢᠨ ᠲᠡᠷᠭᠡ ᠪᠠᠷ ᠲᠣᠯᠣᠨ ᠨᠠᠭᠤᠷ ᠰᠢᠶᠠᠨ ᠤ ᠮᠠᠰᠢᠨ ᠲᠡᠷᠭᠡᠨ ᠥᠷᠲᠡᠭᠡᠨ ᠳᠤ ᠬᠦᠷᠴᠡᠢ᠃ ᠴᠠᠢ ᠣᠪᠣᠭᠲᠣ ᠶᠢᠨ ᠰᠠᠭᠤᠭᠰᠠᠨ K998 ᠡᠭᠡᠯᠵᠢ ᠶᠢᠨ ᠭᠠᠯᠲᠤ ᠲᠡᠷᠭᠡ ᠨᠢ 12 ᠳ᠋ᠤᠭᠠᠷ ᠰᠠᠷ᠎ᠠ ᠶᠢᠨ 10 ᠤ ᠡᠳᠦᠷ ᠤᠨ ᠣᠷᠤᠢ ᠶᠢᠨ 23 ᠴᠠᠭ 55 ᠮᠢᠨᠦ᠋ᠲ ᠤᠨ ᠦᠶ᠎ᠡ ᠪᠠᠷ ᠵᠢᠨᠢᠩ ᠡᠮᠦᠨ᠎ᠡ ᠥᠷᠲᠡᠭᠡᠨ ᠳᠤ ᠬᠦᠷᠴᠦ᠂ 12 ᠳ᠋ᠤᠭᠠᠷ ᠰᠠᠷ᠎ᠠ ᠶᠢᠨ 11 ᠤ ᠡᠳᠦᠷ ᠤᠨ ᠦᠷ ᠤᠨ 1 ᠴᠠᠭ 30 ᠮᠢᠨᠦ᠋ᠲ ᠤᠨ ᠦᠶ᠎ᠡ ᠪᠠᠷ ᠱᠠᠩᠲᠤ ᠥᠷᠲᠡᠭᠡᠨ ᠳᠤ ᠬᠦᠷᠴᠦ᠂ 12 ᠳ᠋ᠤᠭᠠᠷ ᠰᠠᠷ᠎ᠠ ᠶᠢᠨ 11 ᠤ ᠡᠳᠦᠷ ᠤᠨ ᠦᠷ ᠤᠨ 2 ᠴᠠᠭ 15 ᠮᠢᠨᠦ᠋ᠲ ᠤᠨ ᠦᠶ᠎ᠡ ᠪᠠᠷ ᠬᠤᠸᠠᠳᠧ ᠥᠷᠲᠡᠭᠡᠨ ᠳᠤ ᠬᠦᠷᠴᠦ᠂ 12 ᠳ᠋ᠤᠭᠠᠷ ᠰᠠᠷ᠎ᠠ ᠶᠢᠨ 11 ᠤ ᠡᠳᠦᠷ ᠤᠨ ᠦᠷ ᠤᠨ 3 ᠴᠠᠭ 30 ᠮᠢᠨᠦ᠋ᠲ ᠤᠨ ᠦᠶ᠎ᠡ ᠪᠠᠷ ᠰᠢᠯᠤᠭᠤᠨ ᠬᠦᠪᠡᠭᠡᠲᠦ ᠴᠠᠭᠠᠨ ᠬᠤᠰᠢᠭᠤᠨ ᠳᠤ ᠬᠦᠷᠦᠭᠰᠡᠨ ᠪᠠᠶᠢᠨ᠎ᠠ᠃ ᠲᠡᠭᠡᠷ᠎ᠡ ᠲᠤᠷᠠᠳᠤᠭᠰᠠᠨ 12 ᠳ᠋ᠤᠭᠠᠷ ᠰᠠᠷ᠎ᠠ ᠶᠢᠨ 10 ᠤ ᠡᠳᠦᠷ ᠤᠨ ᠣᠷᠤᠢ ᠶᠢᠨ 23 ᠴᠠᠭ 55 ᠮᠢᠨᠦ᠋ᠲ ᠠᠴᠠ ᠥᠷ ᠤᠨ 4 ᠴᠠᠭ ᠤᠨ ᠬᠤᠭᠤᠷᠤᠨᠳᠤ᠂ K998 ᠡᠭᠡᠯᠵᠢ ᠶᠢᠨ ᠭᠠᠯᠲᠤ ᠲᠡᠷᠭᠡᠨ ᠤ 12 ᠳ᠋ᠤᠭᠠᠷ ᠸᠠᠭᠤᠨ ᠳᠤ ᠴᠠᠢ ᠤᠪᠤᠭᠲᠤ ᠲᠠᠢ ᠬᠠᠮᠲᠤ ᠠᠶᠠᠯᠠᠨ᠂ ᠨᠢᠭᠲᠠ ᠣᠶᠢᠷᠠᠳᠤᠭᠰᠠᠨ ᠬᠦᠮᠦᠰ ᠨᠢ ᠲᠠᠷᠤᠶᠢᠬᠠᠨ ᠥᠪᠡᠷ ᠤᠨ ᠭᠠᠴᠠᠭ᠎ᠠ ᠨᠡᠶᠢᠭᠡᠮ ᠲᠤᠭᠤᠷᠢᠭ ᠪᠠ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠥᠪ ᠲᠠᠢ ᠬᠠᠷᠢᠯᠴᠠᠵᠤ ︵0479—6222615︶᠂ ᠴᠠᠭ ᠲᠤᠬᠠᠢ  ᠳᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠳᠡᠢ᠃     ᠥᠪᠡᠷ ᠤᠨ ᠪᠡᠶ᠎ᠡ ᠵᠢᠴᠢ ᠥᠷᠦᠭᠡᠯ ᠪᠤᠰᠤᠳ ᠤᠨ ᠡᠷᠡᠬᠦᠯ ᠮᠡᠨᠳᠦ ᠶᠢ ᠬᠠᠮᠠᠭᠠᠯᠠᠬᠤ ᠶᠢᠨ ᠲᠤᠯᠠᠳᠠ᠂ ᠥᠷᠭᠡᠨ ᠣᠯᠠᠨ ᠲᠦᠮᠡᠨ ᠦᠷᠬᠦᠯᠵᠢᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠢᠳᠡᠪᠬᠢᠲᠡᠢ ᠬᠠᠮᠵᠢᠯᠴᠠᠨ᠂ ᠬᠤᠪᠢ ᠬᠦᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠬᠦᠨ ︵ᠤᠨᠴᠠᠭᠠᠶᠢᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠯᠡᠬᠦ ᠵᠢᠴᠢ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠭ᠎ᠠ ᠬᠢᠬᠦ︶᠂ ᠭᠠᠷ ᠢᠶᠠᠨ ᠰᠠᠶᠢᠲᠤᠷ ᠤᠬᠢᠶᠠᠵᠤ᠂ ᠦᠷᠭᠦᠯᠵᠢ ᠠᠭᠠᠷ ᠰᠠᠯᠬᠢ ᠨᠡᠪᠳᠡᠷᠡᠬᠦᠯᠦᠨ᠂ 1 ᠮᠧᠲᠷ ᠠᠴᠠ ᠲᠡᠭᠡᠭᠰᠢᠬᠢ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠳᠤᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠪᠠᠭᠠᠰᠬᠠᠬᠤ ᠬᠡᠷᠡᠭᠳᠡᠢ᠃ ᠨᠡᠶᠢᠲᠡ ᠶᠢᠨ ᠬᠤᠭᠤᠯᠠᠨ ᠬᠡᠷᠡᠭᠰᠡᠯ ᠬᠡᠷᠡᠭᠯᠡᠬᠦ ᠪᠠ ᠲᠤᠰᠠᠭᠠᠷ ᠬᠤᠭᠤᠯᠠᠯᠠᠬᠤ ᠵᠡᠷᠭᠡ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠮᠤᠷ ᠲᠦᠪᠰᠢᠨ ᠴᠢᠨᠠᠷᠯᠢᠭ ᠢᠳᠡᠭᠡᠨ ᠤ ᠲᠦᠭᠦᠬᠡᠶ ᠮᠠᠲ᠋ᠧᠷᠢᠶᠠᠯ ᠢ ᠰᠤᠩᠭᠤᠨ᠂ ᠢᠳᠡᠭᠡᠨ ᠢ ᠬᠦᠢᠴᠡᠳ ᠪᠤᠯᠭᠤᠭᠠᠵᠤ᠂ ᠬᠡᠭᠡᠷ᠎ᠡ ᠶᠢᠨ ᠠᠮᠢᠲᠠᠨ ᠢ ᠢᠳᠡᠬᠦ ᠶᠢ ᠴᠡᠭᠡᠷᠯᠡᠵᠦ᠂ ᠡᠪᠡᠳᠴᠢᠨ ᠬᠠᠯᠳᠠᠪᠤᠷᠢᠯᠠᠬᠤ ᠪᠣᠯᠤᠯᠴᠠᠭ᠎ᠠ ᠶᠢ ᠪᠠᠭᠠᠰᠬᠠᠬᠤ ᠬᠡᠷᠡᠭᠳᠡᠢ᠃ ᠬᠡᠷᠪᠡ ᠭᠠᠳᠠᠭᠰᠢ ᠭᠠᠷᠬᠤ ᠴᠢᠬᠤᠯᠠᠲᠠᠢ ᠪᠣᠯ᠂ ᠠᠯᠢ ᠪᠣᠯᠬᠤ ᠪᠠᠷ ᠬᠤᠪᠢ ᠶᠢᠨ ᠮᠠᠰᠢᠨ ᠢᠶᠠᠷ ᠠᠶᠠᠯᠠᠬᠤ ᠵᠡᠷᠭᠡ ᠠᠮᠤᠷ ᠲᠥᠪᠰᠢᠨ ᠠᠶᠠᠯᠠᠯ ᠤᠨ ᠠᠷᠭ᠎ᠠ ᠬᠡᠯᠪᠡᠷᠢ ᠶᠢ ᠰᠤᠩᠭᠤᠭᠠᠷᠠᠢ᠃          ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ              ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                           2020 ᠤᠨ ᠤ 12 ᠰᠠᠷᠠᠶᠢᠨ 16 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号