ᠮᠠᠨ ᠤ ᠠᠶᠢᠮᠠᠭ ᠤᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠳᠦᠭᠡᠯ ᠢ | ᠤᠯᠠᠮ ᠨᠢᠭᠡ ᠠᠯᠬᠤᠮ ᠪᠠᠭᠢᠵᠢᠬᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠯᠠᠳᠠ᠂ ᠠᠶᠢᠮᠠᠭ ᠤᠨ ᠵᠠᠬᠢᠷᠭ᠎ᠠ ᠠᠴᠠ 2021 ᠣᠨ ᠳᠤ ᠪᠦᠬᠦ | ᠠᠶᠢᠮᠠᠭ ᠲᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠬᠡᠷᠯᠡᠬᠦᠯᠬᠦ ᠶᠢ | ᠲᠦᠷ ᠵᠤᠬᠰᠤᠭᠠᠬᠤ ᠠᠵᠢᠯ ᠢ ᠦᠷᠬᠦᠯᠵᠢᠯᠡᠨ ᠥᠷᠨᠢᠬᠦᠯᠬᠦ ᠲᠤᠬᠠᠢ ᠰᠢᠢᠳᠪᠦᠷᠢ ᠲᠤᠭᠳᠠᠭᠠᠪᠠ᠃ ᠣᠷᠴᠢᠮ ᠤᠨ ᠡᠳᠦᠷ | ᠂ ︽2021 ᠣᠨ ᠤ ᠪᠦᠬᠦ ᠠᠶᠢᠮᠠᠭ ᠤᠨ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ | ᠬᠤᠭᠤᠴᠠᠭᠠᠨ ᠳᠠᠬᠢ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠠᠵᠢᠯ ᠤᠨ ᠬᠡᠷᠡᠭᠵᠢᠬᠦᠯᠬᠦ ᠲᠥᠰᠦᠯ︾ ᠢ | ᠨᠡᠶᠢᠳᠡᠯᠡᠵᠡᠢ᠃ | ᠨᠢᠭᠡ᠂ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠬᠦᠷᠢᠶ᠎ᠡ ᠬᠡᠪᠴᠢᠶ᠎ᠡ | ᠪᠦᠬᠦ ᠠᠶᠢᠮᠠᠭ ᠤᠨ 13 ᠬᠤᠰᠢᠭᠤ ᠰᠢᠶᠠᠨ ᠬᠤᠳᠠ ︵ᠲᠤᠭᠤᠷᠢᠭ︶ ᠶᠢᠨ ᠮᠠᠯ ᠪᠡᠯᠴᠢᠭᠡᠷ ᠤᠨ ᠲᠡᠩᠴᠡᠬᠦᠷᠢ ᠶᠢ | ᠪᠠᠳᠤᠯᠠᠬᠤ ᠣᠷᠤᠨ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ | ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠠᠷᠭ᠎ᠠ ᠠᠪᠴᠢᠯ ᠢ ᠪᠦᠬᠦ ᠲᠠᠯ᠎ᠠ ᠪᠠᠷ ᠬᠡᠷᠡᠭᠵᠢᠬᠦᠯᠵᠦ᠂ ᠪᠡᠯᠴᠢᠬᠡᠷᠯᠡᠬᠦᠯᠬᠦ ᠶᠢ | ᠲᠦᠷ ᠵᠤᠬᠰᠤᠭᠠᠬᠤᠲ᠋ᠠᠯᠠᠪᠠᠢ ᠨᠢ ᠨᠡᠶᠢᠲᠡ 22455.1 ᠲᠥᠮᠡᠨ ᠮᠦ ᠪᠤᠯᠤᠨ᠎ᠠ᠃ ᠡᠬᠦᠨ ᠳᠤ ᠦᠬᠡᠷ᠂ ᠬᠤᠨᠢ ︵ | ᠠᠳᠤᠭᠤ᠂ ᠲᠡᠮᠡᠭᠡ ᠶᠢ ᠪᠠᠭᠲᠠᠭᠠᠬᠤ ᠦᠬᠡᠢ︶ ᠶᠢ ᠪᠡᠯᠴᠢᠭᠡᠷᠯᠡᠬᠦᠯᠬᠦ ᠶᠢ ᠵᠤᠭᠰᠤᠭᠠᠨ᠎ᠠ᠃ | ᠬᠤᠶᠠᠷ᠂ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠬᠤᠭᠤᠴᠠᠭ᠎ᠠ | ᠪᠦᠬᠦ ᠠᠶᠢᠮᠠᠭ ᠤᠨ ᠨᠤᠲᠤᠭ ᠪᠡᠯᠴᠢᠭᠡᠷ ᠤᠨ ᠲᠥᠷᠦᠯ ᠵᠦᠢᠯ᠂ ᠲᠤᠨᠤᠳᠠᠰᠤᠨ ᠤ ᠬᠡᠮᠵᠢᠶ᠎ᠡ᠂ ᠠᠭᠤᠷ ᠠᠮᠢᠰᠬᠤᠯ | ᠵᠢᠴᠢ ᠡᠪᠡᠰᠦᠨ ᠤ ᠤᠷᠭᠤᠯᠲᠠ ᠶᠢᠨ ᠣᠨᠴᠠᠯᠢᠭ ᠢ ᠦᠨᠳᠦᠰᠦᠯᠡᠵᠦ᠂ ᠬᠠᠪᠤᠷ ᠤᠨ ᠤᠯᠠᠷᠢᠯ ᠤᠨ ᠪᠡᠯᠴᠢᠬᠡᠷᠯᠡᠬᠦᠯᠬᠦ ᠶᠢ | ᠲᠦᠷ ᠵᠤᠬᠰᠤᠭᠠᠬᠤ ᠴᠠᠭ ᠬᠤᠭᠤᠴᠠᠭ᠎ᠠ ᠶᠢ ᠵᠠᠷᠴᠢᠮ ᠲᠡᠭᠡᠷ᠎ᠡ ᠪᠠᠨ ᠡᠪᠡᠰᠦᠨ ᠤ ᠤᠷᠭᠤᠯᠲᠠ ᠶᠢᠨ ᠡᠮᠦᠨ᠎ᠡ ᠨᠢᠭᠡ | ᠭᠠᠷᠠᠭ ᠠᠴᠠ ᠡᠬᠢᠯᠡᠬᠦᠯᠵᠦ᠂ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠬᠤᠭᠤᠴᠠᠭ᠎ᠠ ᠶᠢ 30 ᠡᠳᠦᠷ ᠠᠴᠠ ᠪᠠᠭ᠎ᠠ | ᠪᠠᠶᠢᠯᠭᠠᠵᠤ ᠪᠣᠯᠬᠤ ᠦᠭᠡᠢ᠃ | ᠭᠤᠷᠪᠠ᠂ ᠨᠦᠬᠦᠪᠦᠷᠢ ᠣᠯᠭᠤᠬᠤ ᠠᠷᠭ᠎ᠠ | ᠪᠡᠯᠴᠢᠭᠡᠷᠯᠡᠬᠦᠯᠬᠦ ᠶᠢ ᠵᠤᠭᠰᠤᠭᠠᠬᠤ ᠮᠠᠯᠵᠢᠬᠤ ᠣᠷᠤᠨ ᠤ ᠵᠢᠯ ᠳᠤ ᠮᠦ ᠪᠦᠷᠢ ᠳᠤ 9 ᠲᠦᠭᠦᠷᠢᠭ ᠤᠨ ᠨᠦᠬᠦᠪᠦᠷᠢ | ᠣᠯᠭᠤᠬᠤ ᠪᠠᠷᠢᠮᠵᠢᠶ᠎ᠠ ᠶᠢ ᠦᠨᠳᠦᠰᠦᠯᠡᠵᠦ᠂ ᠰᠠᠷ᠎ᠠ ᠪᠠᠷ ᠨᠢᠭᠡᠴᠢ ᠪᠣᠯᠭᠠᠨ ᠮᠦ ᠪᠦᠷᠢ ᠳᠤ 0.75 ᠲᠦᠭᠦᠷᠢᠭ ᠤᠨ | ᠨᠦᠬᠦᠪᠦᠷᠢ ᠣᠯᠭᠤᠨ᠎ᠠ᠃ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠨᠤᠲᠤᠭ ᠪᠡᠯᠴᠢᠭᠡᠷ ᠤᠨ ᠲᠠᠯᠠᠪᠠᠢ ᠨᠡᠶᠢᠲᠡ | 22455.1 ᠲᠥᠮᠡᠨ ᠮᠦ ᠪᠠᠶᠢᠵᠤ᠂ ᠪᠡᠯᠴᠢᠭᠡᠷ ᠰᠡᠷᠭᠦᠬᠡᠬᠦ ᠳᠤ ᠬᠡᠷᠡᠭᠰᠡᠬᠦ ᠨᠦᠬᠦᠪᠦᠷᠢ ᠶᠢᠨ ᠪᠡᠯᠡ ᠮᠦᠩᠭᠦ ᠨᠡᠶᠢᠲᠡ | 16841.325 ᠲᠥᠮᠡᠨ ᠲᠦᠭᠦᠷᠢᠭ ᠪᠤᠯᠤᠨ᠎ᠠ᠃ | ᠣᠳᠤ ᠠᠴᠠ ᠡᠬᠢᠯᠡᠨ 2021 ᠣᠨ ᠤ 3 ᠰᠠᠷ᠎ᠠ ᠪᠣᠯᠲᠠᠯ᠎ᠠ᠂ ᠬᠠᠪᠤᠷ ᠤᠨ ᠤᠯᠠᠷᠢᠯ ᠤᠨ ᠡᠪᠡᠰᠦᠨ ᠤ | ᠤᠷᠭᠤᠯᠲᠠ ᠶᠢᠨ ᠬᠤᠭᠤᠴᠠᠭᠠᠨ ᠳᠠᠬᠢ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠠᠵᠢᠯ ᠡᠮᠦᠨᠡᠬᠢ ᠬᠤᠭᠤᠴᠠᠭᠠᠨ ᠤ | ᠪᠡᠯᠡᠳᠭᠡᠯ ᠱᠠᠳᠤᠨ ᠳᠤ ᠤᠷᠤᠵᠤ᠂ 2021 ᠣᠨ ᠤ 4 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠤᠯᠲᠠᠯ᠎ᠠ ᠪᠤᠳᠠᠲᠠᠢ | ᠬᠡᠷᠡᠭᠵᠢᠬᠦᠯᠦᠭᠳᠡᠬᠦ ᠱᠠᠳᠤᠨ ᠳᠤ ᠤᠷᠤᠬᠤ ᠪᠣᠯᠣᠨ᠎ᠠ᠃ | |