ᠰᠦᠯᠵᠢᠶᠡᠨ ᠰᠢᠭᠦᠮᠵᠢ᠄ ᠣᠷᠤᠭ ᠰᠠᠯᠬᠤ ᠦᠶ᠎ᠠ ᠶᠢᠨ ᠲᠠᠶᠢᠪᠤᠭᠤᠷᠠᠯ ᠤᠨ ᠬᠤᠭᠤᠴᠠᠭ᠎ᠠ ᠨᠢ ᠣᠷᠤᠭ ᠰᠠᠯᠬᠤ ᠶᠢ ᠦᠨᠡᠬᠡᠷ ᠨᠠᠩ ᠬᠦᠴᠢᠷᠲᠡᠢ ᠪᠤᠯᠭᠠᠨ᠎ᠠ ᠤᠤ︖
ᠨᠡᠶᠢᠲᠡᠯᠡᠭᠰᠡᠨ ᠴᠠᠭ᠄
2020/12/19
    ᠢᠷᠡᠭᠦ ᠵᠢᠯ ᠤᠨ 1 ᠰᠠᠷ᠎ᠠ ᠶᠢᠨ 1 ᠤ ᠡᠳᠦᠷ ᠠᠴᠠ ᠡᠬᠢᠯᠡᠨ ᠣᠷᠤᠭ ᠰᠠᠯᠬᠤ ᠳᠤ ᠡᠶᠢᠮᠦ ᠨᠢᠭᠡ ᠠᠯᠬᠤᠮ ᠢᠯᠡᠭᠦᠦ ᠪᠤᠯᠤᠨ᠎ᠠ︕ ᠠᠷᠠᠳ ᠤᠨ ᠶᠠᠪᠤᠳᠠᠯ ᠤᠨ ᠶᠠᠮᠤᠨ ᠣᠶᠢᠷ᠎ᠠ ᠳᠤ ᠣᠷᠤᠭ ᠤᠨ ᠪᠦᠷᠢᠳᠭᠡᠭᠦᠯᠦᠯᠲᠡ ᠶᠢᠨ ᠵᠢᠷᠤᠮ ᠳᠤ ᠲᠣᠬᠢᠷᠠᠭᠤᠯᠤᠯᠲᠠ ᠬᠢᠵᠦ᠂ ᠣᠷᠤᠭ ᠰᠠᠯᠬᠤ ᠵᠢᠷᠤᠮ ᠳᠤ ︽ᠲᠠᠶᠢᠪᠤᠭᠤᠷᠠᠯ ᠤᠨ ᠬᠤᠭᠤᠴᠠᠭ᠎ᠠ︾ ᠶᠢ ᠨᠡᠮᠡᠵᠦ᠂ ᠨᠡᠶᠢᠭᠡᠮ‌ᠨᠡᠶᠢᠲᠡ ᠶᠢᠨ ᠬᠢᠨ ᠤ ᠠᠩᠬᠠᠷᠤᠯ ᠢ ᠶᠡᠬᠡᠳᠡ ᠲᠠᠲᠠᠪᠠ᠃ ᠲᠠᠶᠢᠪᠤᠭᠤᠷᠠᠯ ᠤᠨ ᠬᠤᠭᠤᠴᠠᠭ᠎ᠠ ᠪᠣᠯ ︽ᠤᠷᠤᠭ ᠤᠨ ᠬᠠᠮᠠᠭᠠᠯᠠᠭᠴᠢ︾ ᠭᠡᠵᠦ ᠵᠠᠷᠢᠮ ᠬᠥᠮᠦᠨ ᠦᠵᠡᠵᠦ ᠪᠠᠶᠢᠬᠤ ᠳᠤ ᠵᠠᠷᠢᠮ ᠬᠥᠮᠦᠨ ᠪᠠᠰᠠ ︽ᠡᠷᠬᠡ  ᠴᠢᠯᠥᠭᠡᠨ ᠤ  ᠬᠦᠯᠢᠶᠠᠰᠦ︾ ᠭᠡᠮᠡᠨ ᠦᠵᠡᠵᠦ᠂ ᠡᠨᠡ ᠨᠢ ︽ᠠᠶᠤᠯ  ᠲᠦᠭᠰᠢᠭᠦᠷᠢ ᠶᠢᠨ ᠴᠤᠩᠬᠤᠪᠴᠢ ᠬᠤᠭᠤᠴᠠᠭ᠎ᠠ︾ ᠪᠣᠯᠵᠤ᠂ ᠴᠢᠨᠠᠭᠰᠢᠯᠠᠭᠠᠳ ᠭᠡᠷ ᠪᠦᠯᠢ ᠶᠢᠨ ᠬᠦᠴᠦᠷᠬᠡᠭᠯᠡᠯ ᠤᠨ ᠬᠠᠮᠠᠭᠠᠯᠠᠬᠴᠢ ᠪᠣᠯᠵᠤ ᠮᠡᠳᠡᠨ᠎ᠡ ᠬᠡᠮᠡᠨ ᠵᠤᠪᠠᠵᠤ ᠪᠤᠢ᠃ ᠣᠷᠤᠭ ᠰᠠᠯᠬᠤ ᠦᠶ᠎ᠠ ᠶᠢᠨ ᠲᠠᠶᠢᠪᠤᠭᠤᠷᠠᠯ ᠤᠨ ᠬᠤᠭᠤᠴᠠᠭ᠎ᠠ ᠨᠢ ᠣᠷᠤᠭ ᠰᠠᠯᠬᠤ ᠶᠢ  ᠦᠨᠡᠬᠡᠷ  ᠨᠠᠩ  ᠬᠦᠴᠢᠷᠲᠠᠢ ᠪᠤᠯᠭᠠᠨ᠎ᠠ ᠭᠡᠵᠢ ᠤᠤ ᠬᠡᠪᠡᠯ᠂ ᠦᠨᠡᠨ ᠳᠡᠭᠡᠨ ᠲᠡᠶᠢᠮᠦ ᠪᠢᠰᠢ ᠶᠤᠮ᠃ ᠨᠢᠭᠡ ᠲᠠᠯ᠎ᠠ ᠪᠠᠷ᠂ ᠤᠷᠤᠭ ᠰᠠᠯᠬᠤ ᠦᠶ᠎ᠠ ᠶᠢᠨ ᠲᠠᠶᠢᠪᠤᠭᠤᠷᠠᠯ ᠤᠨ ᠬᠤᠭᠤᠴᠠᠭ᠎ᠠ ᠶᠢ ᠵᠥᠪᠬᠡᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ  ᠭᠤᠶᠤᠴᠢᠯᠠᠯ  ᠭᠠᠷᠭᠠᠬᠰᠠᠨ‌ᠵᠦ᠋ᠪᠳᠡᠯᠴᠡᠨ ᠤᠷᠤᠭ ᠰᠠᠯᠬᠤ ᠳᠤ ᠬᠡᠷᠡᠭᠯᠡᠨ᠎ᠡ᠂ ᠬᠠᠷᠢᠨ ᠵᠠᠭᠠᠯᠳᠤᠯᠭ᠎ᠠ ᠪᠠᠷ ᠤᠷᠤᠭ ᠰᠠᠯᠬᠤ ᠳᠤ ᠬᠡᠷᠡᠭᠯᠡᠬᠦ ᠦᠭᠡᠢ᠃ᠥᠭᠡᠷ᠎ᠡ ᠪᠠᠷ ᠬᠡᠯᠡᠪᠡᠯ᠂ ᠠᠯᠢᠪᠠ ᠤᠷᠤᠭ ᠰᠠᠯᠬᠤ ᠶᠠᠪᠤᠳᠠᠯ ᠨᠢ ᠪᠦᠷ 30 ᠡᠳᠦᠷ ᠤᠨ ᠲᠠᠶᠢᠪᠤᠭᠤᠷᠠᠯ ᠤᠨ ᠬᠤᠭᠤᠴᠠᠭ᠎ᠠ ᠵᠢ‌ᠥᠩᠭᠡᠷᠡᠭᠡᠬᠦ ᠪᠢᠰᠢ᠃ ᠬᠡᠷᠪᠡ ᠵᠠᠷᠭᠤ ᠪᠠᠷ ᠤᠷᠤᠭ ᠰᠠᠯᠬᠤ ᠳᠤ᠂ ᠪᠤᠰᠤᠳ ᠲᠠᠢ ᠨᠢᠭᠤᠴᠠ ᠪᠠᠷ ᠢᠨᠠᠬᠯᠠᠬᠰᠠᠨ᠂ ᠭᠡᠷ  ᠪᠦᠯᠢ ᠶᠢᠨ ᠬᠦᠴᠦᠷᠬᠡᠭᠯᠡᠯ ᠶᠠᠪᠤᠭᠤᠯᠤᠭᠰᠠᠨ᠂ ᠵᠣᠭᠤᠰ ᠨᠠᠭᠠᠳᠤᠭᠰᠠᠨ᠂ ᠬᠤᠣᠷᠲᠤ ᠡᠳ᠋ ᠡᠳ᠋ᠯᠡᠭᠰᠡᠨ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠪᠤᠯᠵᠤ ᠤᠷᠤᠭ ᠡᠪᠳᠡᠷᠡᠨ᠂ ᠰᠢᠭᠦᠬᠦ ᠬᠤᠷᠢᠶᠠᠨ ᠤ ᠡᠶᠡᠳᠡᠭᠦᠯᠭᠡ ᠨᠢ ᠬᠦᠴᠦᠨ ᠦᠭᠡᠢ ᠪᠤᠯᠤᠬᠰᠠᠨ ᠪᠠᠶᠢᠪᠠᠯ᠂ ᠤᠷᠤᠭ ᠰᠠᠯᠬᠤ ᠶᠢ ᠨᠢ ᠵᠥᠪᠰᠢᠶᠡᠷᠡᠬᠦ ᠬᠡᠷᠡᠭᠲᠡᠢ᠃ ᠨᠦᠬᠦᠭᠡ ᠲᠠᠯ᠎ᠠ ᠪᠠᠷ᠂ ᠤᠷᠤᠭ ᠰᠠᠯᠬᠤ ᠦᠶ᠎ᠠ ᠶᠢᠨ ᠲᠠᠶᠢᠪᠤᠭᠤᠷᠠᠯ ᠤᠨ ᠬᠤᠭᠤᠴᠠᠭ᠎ᠠ ᠶᠢ ᠲᠤᠬᠢᠷᠠᠭᠤᠯᠤᠬᠰᠠᠨ ᠬᠠᠤᠯᠢ ᠲᠣᠭᠲᠠᠭᠠᠯᠳᠠ ᠶᠢᠨ ᠵᠣᠷᠢᠯᠭ᠎ᠠ ᠶᠢᠨ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠠᠯᠢ ᠡᠷᠲᠡ ᠲᠣᠳᠣᠷᠬᠠᠶᠢᠯᠠᠯᠲᠠ ᠬᠢᠭᠰᠡᠨ ᠶᠤᠮ᠂ ᠤᠷᠤᠭ ᠰᠠᠯᠬᠤ ᠦᠶ᠎ᠠ ᠶᠢᠨ ᠲᠠᠶᠢᠪᠤᠭᠤᠷᠠᠯ ᠤᠨ ᠬᠤᠭᠤᠴᠠᠭ᠎ᠠ ᠶᠢᠨ ᠳᠦᠷᠢᠮ ᠢ ᠨᠡᠮᠡᠭᠰᠡᠨ ᠨᠢ ᠭᠤᠣᠯᠳᠠᠭᠤ ᠬᠦᠩᠭᠡᠨ ᠬᠠᠭᠤᠮᠠᠭᠠᠢ ᠪᠠᠷ ᠤᠷᠤᠭ ᠰᠠᠯᠬᠤ ᠦᠵᠡᠭᠳᠡᠯ ᠤᠨ ᠨᠡᠮᠡᠭᠳᠡᠬᠦ ᠳᠤ ᠴᠢᠭᠯᠡᠭᠦᠯᠦᠭᠰᠡᠨ ᠶᠤᠮ᠃ ᠬᠡᠳᠦ᠋ᠢᠪᠡᠷ ᠤᠷᠤᠭ ᠰᠠᠯᠬᠤ ᠡᠷᠬᠡ ᠴᠢᠯᠥᠭᠡ ᠶᠢ ᠬᠠᠤᠯᠢ ᠴᠠᠭᠠᠵᠠ ᠪᠠᠷ ᠪᠠᠲᠤᠯᠠᠵᠤ ᠪᠠᠶᠢᠭ᠎ᠠ ᠪᠣᠯᠪᠠᠴᠤ᠂ ᠤᠷᠤᠭ ᠤᠨ ᠬᠠᠷᠢᠴᠠᠭ᠎ᠠ ᠪᠠᠨ ᠬᠦᠴᠦᠨ ᠦᠭᠡᠢ ᠪᠤᠯᠭᠠᠬᠤ ᠨᠢ ᠰᠠᠨᠠᠭ᠎ᠠ ᠲᠠᠭᠠᠷᠠᠬᠤ ᠦᠭᠡᠢ ᠪᠤᠯᠤᠬᠰᠠᠭᠠᠷ ᠯᠠ‌ᠦᠢᠯᠡᠳᠭᠦ ᠶᠠᠪᠤᠳᠠᠯ ᠤᠭᠲᠤ ᠪᠢᠰᠢ  ᠶᠤᠮ᠂ ᠲᠡᠷᠡ ᠨᠢ ᠤᠷᠤᠭᠯᠠᠭᠰᠠᠨ ᠤ ᠳᠠᠷᠠᠭᠠᠬᠢ ᠭᠡᠷ ᠪᠦᠯᠢ ᠶᠢᠨ ᠡᠯ᠎ᠡ ᠲᠠᠯ᠎ᠠ ᠳᠤ ᠬᠤᠯᠪᠣᠭᠳᠠᠵᠤ ᠪᠠᠶᠢᠳᠠᠬ ᠪᠤᠯᠬᠤᠷ ᠲᠠᠶᠢᠪᠤᠭᠤᠷᠠᠯ ᠤᠨ ᠬᠤᠭᠤᠴᠠᠭ᠎ᠠ ᠶᠢ ᠨᠡᠮᠡᠭᠦ ᠨᠢ ᠬᠥᠩᠭᠡᠨ ᠬᠠᠭᠤᠳᠠᠮ ᠢᠶᠠᠷ ᠤᠷᠤᠭ ᠰᠠᠯᠬᠤ ᠨᠦᠭᠦᠷ ᠬᠡᠷᠭᠡᠢ ᠳᠤ ᠤᠷᠤᠭ ᠢᠶᠠᠨ ᠡᠭᠡᠭᠦᠯᠦᠨ ᠠᠪᠬᠤ ᠪᠤᠶᠤ ᠬᠡᠮᠰᠢᠵᠦ ᠡᠷᠬᠢᠭᠦ ᠲᠣᠬᠢᠶᠠᠯ ᠣᠯᠭᠤᠵᠤ ᠴᠢᠳᠠᠨ᠎ᠠ᠃        ᠪᠠᠭᠴᠠᠯᠠᠭᠠᠳ ᠬᠡᠯᠡᠪᠡᠯ᠂ ᠤᠷᠤᠭ ᠰᠠᠯᠬᠤ ᠦᠶ᠎ᠠ ᠶᠢᠨ ᠲᠠᠶᠢᠪᠤᠭᠤᠷᠠᠯ ᠤᠨ ᠬᠤᠭᠤᠴᠠᠭ᠎ᠠ ᠶᠢ ᠲᠤᠬᠢᠷᠠᠭᠤᠯᠤᠬᠰᠠᠨ ᠨᠢ ᠬᠦᠩᠭᠡᠨ ᠬᠠᠭᠤᠮᠠᠭᠠᠢ ᠪᠠᠷ ᠤᠷᠤᠭ ᠰᠠᠯᠬᠤ ᠶᠢ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠡᠰᠡᠷᠭᠦᠴᠡᠬᠦ ᠪᠥᠭᠡᠳ ᠤᠷᠤᠭ ᠰᠠᠯᠬᠤ‌ᠡᠷᠬᠡ ᠴᠢᠯᠥᠭᠡ ᠶᠢ ᠴᠦ ᠪᠠᠲᠤᠯᠠᠬᠤ ᠶᠤᠮ᠃ ︽ᠢᠷᠭᠡᠨ ᠤ ᠬᠠᠤᠯᠢ ᠶᠢᠨ ᠪᠢᠴᠢᠭ ︾ ᠲᠤ ᠲᠣᠭᠲᠠᠭᠠᠭᠰᠠᠨ ᠤᠷᠤᠭ ᠰᠠᠯᠬᠤ 30 ᠡᠳᠦᠷ ᠤᠨ ᠲᠠᠶᠢᠪᠤᠭᠤᠷᠠᠯ ᠤᠨ ᠬᠤᠭᠤᠴᠠᠭ᠎ᠠ ᠨᠢ ᠵᠦᠪᠭᠡᠨ ᠵᠢᠷᠤᠮ ᠤᠨ ᠲᠠᠯ᠎ᠠ ᠪᠠᠷ ᠵᠥᠪᠳᠡᠯᠴᠡᠨ ᠤᠷᠤᠭ ᠰᠠᠯᠬᠤ‌ᠬᠤᠭᠤᠴᠠᠭ᠎ᠠ ᠶᠢ ᠤᠷᠲᠤ ᠰᠢᠭ᠋ ᠪᠣᠯᠭᠠᠬᠰᠠᠨ ᠠᠴᠠ ᠪᠢᠰᠢ ᠬᠠᠷᠢᠨ ᠤᠷᠤᠭ ᠰᠠᠯᠬᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠦᠭᠡᠢ ᠶᠤᠮ᠃ ᠨᠦᠭᠦᠷ ᠬᠡᠷᠭᠡᠢ ᠬᠤᠶᠠᠭᠤᠯᠠ ᠶᠢᠨ ᠬᠠᠶᠢᠷ᠎ᠠ ᠰᠡᠳᠬᠢᠯᠭᠡ ᠨᠢ ᠦᠨᠡᠬᠡᠷ ᠨᠢᠭᠡᠨᠲᠡ ᠡᠪᠳᠡᠷᠡᠭᠰᠡᠨ ᠪᠠᠶᠢᠪᠠᠯ᠂ ᠤᠷᠤᠭ ᠰᠠᠯᠬᠤ ᠦᠶ᠎ᠠ ᠶᠢᠨ ᠲᠠᠶᠢᠪᠤᠭᠤᠷᠠᠯ ᠤᠨ ᠬᠤᠭᠤᠴᠠᠭ᠎ᠠ ᠬᠡᠭᠦ ᠡᠨᠡ ᠬᠦ ᠤᠷᠤᠭ ᠤᠨ ︽ᠭᠡᠮᠰᠢᠯ ᠤᠨ ᠵᠤᠷ︾ ᠢ ᠬᠡᠷᠡᠭᠯᠡᠭᠦ ᠦᠭᠡᠢ ᠪᠠᠶᠢᠵᠤ ᠪᠦᠷᠢᠮᠦᠰᠦᠨ ᠪᠤᠯᠬᠤ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号