︵ᠠᠷᠪᠠᠨ ᠲᠥᠷᠪᠡ︶  ᠴᠠᠭᠠᠨ ᠢᠳᠡᠭᠡᠨ ᠤ ᠰᠤᠶᠤᠯ ᠤᠨ ᠨᠤᠲᠤᠭ
ᠨᠡᠶᠢᠲᠡᠯᠡᠭᠰᠡᠨ ᠴᠠᠭ᠄
2020/12/19
     ᠬᠦᠪᠡᠭᠡᠲᠦ ᠰᠢᠷ᠎ᠠ ᠬᠤᠰᠢᠭᠤ ᠨᠢ ᠴᠠᠬᠠᠷ ᠠᠷᠠᠳ ᠤᠨ ᠰᠣᠶᠣᠯ ᠵᠠᠩᠰᠢᠯ ᠢ ᠨᠡᠯᠢᠶᠡᠳ ᠪᠦᠷᠢᠨ ᠪᠦᠳᠦᠨ ᠬᠠᠳᠠᠭᠠᠯᠠᠭᠰᠠᠨ ᠣᠷᠤᠨ ᠨᠤᠲᠤᠭ ᠤᠨ ᠬᠤᠪᠢ ᠳᠤ ︽ᠲᠤᠮᠳᠠᠳᠤ ᠤᠯᠤᠰ ᠤᠨ ᠠᠰᠤᠷᠤ ᠠᠶᠠᠯᠭᠤ ᠶᠢᠨ ᠨᠤᠲᠤᠭ︾᠂ ︽ᠲᠤᠮᠳᠠᠳᠤ ᠤᠯᠤᠰ ᠤᠨ ᠬᠤᠪᠢᠰ ᠬᠥᠭᠵᠢᠮ ᠤᠨ ᠤᠯᠠᠮᠵᠢᠯᠠᠯ ᠤᠨ ᠰᠠᠭᠤᠷᠢᠨ︾᠂ ︽ᠮᠤᠩᠭᠤᠯ ᠳ᠋ᠠᠨᠵᠤᠤᠷ ᠢ ᠥᠪᠯᠡᠭᠰᠡᠨ ᠲᠠᠭᠱᠢᠨ ᠣᠷᠤᠨ︾᠂ ︽ᠥᠪᠦᠷ ᠮᠤᠩᠭᠤᠯ ᠤᠨ ᠰᠢᠲᠠᠷ᠎ᠠ ᠶᠢᠨ ᠨᠣᠲᠤᠭ︾ ᠭᠡᠬᠦ ᠰᠠᠶᠢᠬᠠᠨ ᠠᠯᠳᠠᠷ ᠤᠳ ᠢᠶᠠᠨ ᠳᠠᠶᠠᠭᠠᠷ ᠲᠤ ᠲᠠᠭᠤᠷᠢᠰᠤᠭᠤᠯᠵᠤ ᠶᠠᠪᠤᠭ᠎ᠠ ᠦᠨᠳᠦᠰᠦᠳᠡᠨ ᠤ ᠰᠤᠶᠤᠯ ᠤᠨ ᠬᠦᠨᠳᠦ ᠵᠤᠵᠠᠭᠠᠨ ᠬᠦᠷᠦᠰᠦ ᠲᠠᠢ ᠨᠤᠲᠤᠭ ᠪᠣᠯᠬᠤ ᠶᠤᠮ᠃ ᠤᠷᠴᠢᠮᠬᠠᠨ ᠪᠠᠰᠠ ︽ᠥᠪᠦᠷ ᠮᠤᠩᠭᠤᠯ ᠤᠨ ᠤᠯᠠᠮᠵᠢᠯᠯᠠᠲᠤ ᠴᠠᠭᠠᠨ ᠢᠳᠡᠭᠡᠨ ᠤ ᠰᠤᠶᠤᠯ ᠤᠨ ᠨᠤᠲᠤᠭ︾ ᠭᠡᠬᠦ ᠰᠠᠶᠢᠬᠠᠨ ᠠᠯᠳᠠᠷ ᠢᠶᠠᠷ ᠮᠢᠯᠢᠶᠠᠯᠭᠠᠵᠤ᠂ ᠤᠯᠠᠮᠵᠢᠯᠯᠠᠲᠤ ᠴᠠᠭᠠᠨ ᠢᠳᠡᠭᠡᠨ ᠤ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠳᠤ ᠰᠢᠨ᠎ᠡ ᠬᠦᠴᠦᠨ ᠨᠡᠮᠡᠷᠢᠯᠡᠯ᠎ᠡ᠃
            ᠴᠠᠭᠠᠨ ᠢᠳᠡᠭᠡᠨ ᠪᠣᠯ ᠮᠤᠩᠭᠤᠯᠴᠤᠳ ᠤᠨ ᠤᠯᠠᠮᠵᠢᠯᠠᠯᠲᠤ ᠢᠳᠡᠭᠡᠨ ᠤᠮᠳᠠᠭᠠᠨ ᠤ ᠰᠤᠶᠤᠯ ᠤᠨ ᠴᠢᠬᠤᠯᠠ ᠨᠢᠭᠡ ᠪᠦᠷᠢᠯᠳᠦᠬᠦᠨ ᠭᠡᠰᠡᠭ ᠶᠤᠮ᠃ ᠬᠦᠪᠡᠭᠡᠲᠦ ᠰᠢᠷ᠎ᠠ ᠬᠤᠰᠢᠭᠤ ᠨᠢ ᠮᠤᠩᠭᠤᠯ ᠦᠨᠳᠦᠰᠦᠳᠡᠨ ᠤ ᠴᠠᠭᠠᠨ ᠢᠳᠡᠭᠡᠨ ᠤ ᠰᠤᠶᠤᠯ ᠤᠨ ᠣᠬᠢ ᠰᠢᠮ᠎ᠡ ᠶᠢ ᠥᠪᠯᠡᠨ ᠤᠯᠠᠮᠵᠢᠯᠠᠵᠤ᠂ ᠴᠠᠭᠠᠨ ᠢᠳᠡᠭᠡᠨ ᠬᠢᠬᠦ ᠮᠡᠷᠭᠡᠵᠢᠯ ᠨᠢ ᠤᠨᠴᠠᠭᠠᠢ᠂ ᠦᠨᠦᠷ ᠠᠮᠲᠠ ᠪᠠᠷ ᠭᠤᠴᠤ᠂ ᠰᠢᠨ᠎ᠡ ᠲᠡᠵᠢᠭᠡᠯ ᠡᠯᠪᠡᠭ ᠪᠠᠶᠢᠳᠠᠭ ᠢᠶᠠᠷ ᠢᠶᠠᠨ ᠲᠠᠶᠠᠭᠠᠷ ᠲᠦᠮᠡᠨ ᠳᠤ ᠮᠡᠳᠡᠷᠡᠭᠳᠡᠨ᠂ ᠡᠷᠲᠡ ᠲᠡᠭᠡᠳᠦ ᠠᠴᠠ ᠪᠠᠨ ︽ᠣᠷᠳᠤᠨ ᠤ ᠴᠠᠭᠠᠨ ᠢᠳᠡᠭᠡᠨ︾ ᠭᠡᠵᠤ ᠠᠯᠳᠠᠷᠰᠢᠭᠰᠠᠨ ᠪᠢᠯᠡ᠃      ᠣᠶᠢᠷ᠎ᠠ ᠶᠢᠨ ᠵᠢᠯ ᠳᠤ᠂ ᠬᠦᠪᠡᠭᠡᠲᠦ ᠰᠢᠷ᠎ᠠ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠰᠦᠨ ᠤ ᠦᠢᠯᠡᠰ ᠢ ᠬᠦᠭᠵᠢᠬᠦᠯᠦᠨ ᠮᠠᠨᠳᠤᠭᠤᠯᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠤᠯᠤᠰ ᠣᠷᠤᠨ ᠤ ᠰᠦᠨ ᠤ ᠦᠢᠯᠡᠰ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠬᠠᠮᠢᠭ᠎ᠠ ᠪᠦᠬᠦᠢ ᠰᠢᠢᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠶᠢ ᠬᠦᠨᠵᠡᠭᠡᠢ ᠲᠤᠤᠱᠠᠯᠠᠭᠤᠯᠤᠨ ᠨᠠᠶᠢᠳᠠᠪᠦᠷᠢᠵᠢᠭᠤᠯᠵᠤ᠂ ᠡᠬᠢ ᠪᠠᠶᠠᠯᠢᠭ ᠤᠨ ᠲᠠᠪᠠᠭᠤᠯᠢᠭ ᠢᠶᠠᠨ ᠠᠰᠢᠭᠯᠠᠨ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠠᠷᠠᠳ ᠢ ᠪᠠᠶᠠᠵᠢᠭᠤᠯᠬᠤ ᠴᠢᠬᠤᠯᠠ ᠠᠵᠤ ᠦᠢᠯᠡᠰ ᠪᠠ ᠶᠠᠳᠠᠭᠤ ᠶᠢ ᠲᠡᠳᠬᠦᠬᠦ ᠭᠤᠣᠯᠯᠠᠭᠴᠢ ᠠᠵᠤ ᠦᠢᠯᠡᠰ ᠤᠨ ᠨᠢᠭᠡ ᠪᠤᠯᠭᠠᠵᠤ᠂ ᠦᠢᠯᠡᠴᠢᠯᠡᠨ ᠵᠢᠯᠤᠭᠤᠳᠬᠤ ᠪᠠᠨ ᠴᠢᠩᠭᠠᠳᠬᠠᠵᠤ᠂ ᠲᠥᠷᠦ ᠶᠢᠨ ᠪᠣᠳᠤᠯᠭ᠎ᠠ ᠶᠢ ᠨᠠᠶᠢᠳᠠᠪᠦᠷᠢᠵᠢᠭᠤᠯᠤᠨ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠰᠡᠨ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠪᠠ᠃ ᠠᠵᠤ ᠦᠢᠯᠡᠰ ᠢ ᠬᠦᠭᠵᠢᠬᠦᠯᠦᠭᠰᠡᠨ ᠰᠠᠭᠤᠷᠢᠨ ᠳᠡᠭᠡᠷ᠎ᠡ ᠲᠤᠰ ᠬᠤᠰᠢᠭᠤ ᠨᠢ ᠲᠠᠯ᠎ᠠ ᠨᠤᠲᠤᠭ ᠤᠨ ᠰᠤᠶᠤᠯ ᠤᠨ ᠠᠮᠢ ᠠᠬᠤᠢ ᠢ ᠬᠠᠮᠠᠭᠠᠯᠠᠬᠤ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭᠠᠨ ᠢᠳᠡᠭᠡᠨ ᠤ ᠰᠤᠶᠤᠯ ᠤᠨ ᠣᠯᠠᠨ ᠲᠠᠯᠠᠲᠤ ᠴᠢᠨᠠᠷ ᠪᠠ ᠪᠠᠶᠠᠯᠢᠭ ᠴᠢᠨᠠᠷ ᠢ ᠠᠭᠤᠳᠠᠯᠠᠵᠤ᠂ ᠣᠬᠢ ᠰᠠᠶᠢᠨ ᠦᠷ᠎ᠡ ᠠᠰᠢᠭ ᠣᠯᠣᠭᠰᠠᠨ ᠪᠠᠶᠢᠨ᠎ᠠ᠃ ᠤᠳᠤᠬᠠᠨ ᠳᠤ᠂ ᠪᠦᠬᠦ ᠬᠤᠰᠢᠭᠤᠨ ᠳᠤ ᠲᠣᠮᠣ ᠳᠤᠮᠳᠠ ᠬᠡᠪᠴᠢᠶᠡᠨ ᠤ ᠴᠠᠭᠠᠨ ᠢᠳᠡᠭᠡᠨ ᠤ ᠠᠵᠤ ᠠᠬᠤᠶᠢᠯᠠᠯ 2᠂ ᠭᠠᠷ ᠦᠢᠯᠡᠳᠭᠡᠯ ᠤᠨ ᠭᠠᠵᠠᠷ 200 ᠰᠢᠬᠠᠮ᠂ ᠡᠳᠦᠷ ᠲᠤ 10 ᠲᠥᠮᠡᠨ ᠲᠤᠨ ᠰᠦ ᠪᠤᠯᠪᠠᠰᠤᠷᠠᠭᠤᠯᠵᠤ᠂ 40 ᠭᠠᠷᠤᠢ ᠲᠥᠷᠦᠯ ᠤᠨ ᠴᠠᠭᠠᠨ ᠳᠢᠡᠭᠡᠨ ᠦᠢᠯᠡᠳᠪᠦᠷᠢᠯᠡᠨ ᠪᠤᠯᠪᠠᠰᠤᠷᠠᠭᠤᠯᠵᠤ᠂ ᠵᠢᠯ ᠤᠨ ᠦᠢᠯᠡᠳᠪᠦᠷᠢᠯᠡᠯ ᠤᠨ ᠥᠷᠳᠡᠭ ᠨᠢ 8000 ᠲᠥᠮᠡᠨ ᠲᠦᠭᠦᠷᠢᠭ ᠲᠤ ᠬᠦᠷᠴᠦ᠂ ᠴᠠᠭᠠᠨ ᠢᠳᠡᠭᠡᠨ ᠤ ᠦᠢᠯᠡᠰ ᠨᠢ ᠮᠠᠯᠴᠢᠳ ᠤᠨ ᠣᠷᠤᠯᠭ᠎ᠠ ᠪᠠᠨ ᠨᠡᠮᠡᠭᠳᠡᠬᠦᠯᠬᠦ ᠴᠢᠬᠤᠯᠠ ᠠᠵᠤ ᠦᠢᠯᠡᠰ ᠪᠤᠯᠤᠨ ᠪᠤᠵᠠᠭᠠᠶᠢᠷᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号