ᠠᠪᠬᠠᠯᠵᠢ ᠰᠠᠮᠪᠠᠭ᠎ᠠ ᠲᠡᠭᠦᠯᠳᠡᠷ ᠠᠷᠠᠳ ᠤᠨ ᠲᠥᠯᠥᠭᠡᠯᠡᠭᠴᠢ
ᠨᠡᠶᠢᠲᠡᠯᠡᠭᠰᠡᠨ ᠴᠠᠭ᠄
2020/12/2
    ᠲᠥᠷᠥ ᠲᠦᠮᠡᠨ ᠤ ᠪᠠᠨ ᠲᠦᠰᠢᠭ ᠲᠤᠯᠭᠠᠭᠤᠷᠢ ᠨᠢ ᠪᠣᠯᠵᠤ᠂ ᠨᠠᠮ ᠤᠨ ᠦᠢᠯᠡᠰ ᠲᠤ ᠴᠤᠴᠠᠯᠲᠠ ᠦᠭᠡᠢ ᠵᠢᠳᠬᠦᠵᠤ ᠶᠠᠪᠤᠭ᠎ᠠ ᠴᠡᠩᠭᠡᠯᠪᠠᠶᠠᠷ ᠬᠦᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠢᠩᠲᠦ ᠭᠠᠴᠠᠭ᠎ᠠ ᠪᠠᠷ ᠨᠤᠲᠤᠭᠲᠠᠢ᠃ 1995 ᠣᠨ ᠠᠴᠠ 2018 ᠣᠨ ᠪᠣᠯᠲᠠᠯ᠎ᠠ ᠬᠤᠷᠢᠭᠠᠳ ᠵᠢᠯ ᠤᠨ ᠲᠤᠷᠰᠢ ᠭᠠᠴᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠬᠤ ᠳᠠᠭᠠᠨ᠂ ᠮᠠᠯᠴᠢᠨ ᠲᠦᠮᠡᠨ ᠢᠶᠠᠨ ᠪᠠᠶᠠᠵᠢᠯ ᠤᠨ ᠬᠠᠷᠭᠤᠢ ᠳᠤ ᠬᠦᠲᠦᠯᠬᠦ  ᠭᠡᠵᠤ ᠬᠦᠴᠦᠨ ᠵᠢᠳᠬᠦᠭᠰᠡᠭᠡᠷ ᠢᠷᠡᠭᠰᠡᠨ ᠶᠤᠮ᠃ ᠡᠭᠦᠨ ᠢᠶᠠᠷ ᠴᠤ ᠦᠯᠦ ᠪᠠᠷᠠᠮ᠂ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠬᠥᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭ᠎ᠠ᠂ ᠠᠷᠪᠠᠨ ᠳᠥᠷᠪᠡᠳᠦᠭᠡᠷ ᠬᠤᠭᠤᠴᠠᠭ᠎ᠠ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠷ ᠲᠤᠰᠪᠥᠷᠢ ᠬᠤᠭᠤᠴᠠᠭ᠎ᠠ ᠳᠠᠷᠠᠭᠠᠯᠠᠨ ᠰᠣᠩᠭᠤᠭᠳᠠᠵᠤ᠂ ᠠᠯᠤᠰᠷᠠᠵᠤ ᠬᠤᠯᠠᠳᠬᠤ ᠬᠤᠷᠤᠮ ᠪᠥᠭᠦᠳᠡ ᠶᠢ ᠠᠷᠠᠳ ᠤᠨ ᠲᠥᠯᠥᠭᠡ ᠤᠭᠳᠤᠵᠤ ᠦᠳᠡᠨ᠎ᠡ᠃ ᠴᠡᠩᠭᠡᠯᠪᠠᠶᠠᠷ ᠨᠤᠲᠤᠭ ᠤᠰᠤᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠠᠭᠤᠵᠢᠭᠤ ᠪᠣᠳᠣᠯ ᠬᠤᠯᠠᠴᠢ ᠤᠬᠠᠭᠠᠨ ᠢᠶᠠᠷ ᠢᠶᠠᠨ ᠲᠠᠰᠤᠷᠠᠯᠲᠠ ᠦᠬᠡᠢ ᠰᠢᠨ᠎ᠡ ᠶᠢ ᠡᠷᠢᠯᠬᠢᠯᠡᠨ ᠬᠠᠶᠢᠨ ᠰᠦᠪᠡᠭᠴᠢᠯᠡᠵᠦ᠂ ︽ᠮᠠᠯ ᠠᠵᠤ ᠠᠬᠤᠶ ᠪᠠᠷ ᠭᠤᠤᠯᠯᠠᠨ᠂ ᠣᠯᠠᠨ ᠲᠥᠷᠥᠯ ᠢ ᠡᠵᠡᠩᠨᠡᠵᠦ᠂ ᠮᠠᠯᠵᠢᠬᠤ ᠦᠶᠯᠡᠳᠪᠦᠷᠢᠯᠡᠯ ᠢ ᠬᠤᠪᠢᠷᠠᠭᠤᠯᠤᠨ᠂ ᠠᠵᠤ ᠦᠢᠯᠡᠰ ᠤᠨ ᠪᠦᠲᠦᠴᠡ  ᠶᠢ ᠰᠢᠯᠢᠳᠡᠭᠵᠢᠭᠦᠯᠵᠦ᠂ ᠨᠢᠭᠡᠳᠬᠡᠬᠦ ᠪᠠ ᠰᠠᠯᠭᠠᠬᠤ ᠶᠢ ᠤᠶᠠᠯᠳᠤᠭᠤᠯᠤᠨ᠂ ᠬᠠᠮᠲᠤ ᠶᠢᠨ  ᠠᠵᠤ ᠠᠬᠤᠶ ᠶᠢ ᠶᠡᠬᠡᠪᠡᠷ ᠬᠥᠭᠵᠢᠭᠦᠯᠵᠦ᠂ ᠮᠠᠯᠴᠢᠳ ᠤᠨ ᠣᠷᠣᠯᠭ᠎ᠠ ᠶᠢ ᠢᠳᠡᠪᠬᠢᠲᠡᠢ ᠨᠡᠮᠡᠭᠳᠡᠭᠦᠯᠦᠨ᠂ ᠬᠠᠮᠲᠤᠪᠠᠷ  ᠪᠠᠶᠠᠵᠢᠬᠤ︾ ᠠᠵᠢᠯ ᠤᠨ ᠰᠡᠳᠬᠢᠮᠵᠢ ᠶᠢ ᠲᠤᠭᠲᠠᠭᠠᠭᠰᠠᠨ ᠪᠠᠶᠢᠨ᠎ᠠ᠃ ︽ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ︾ ᠭᠡᠳᠡᠭᠴᠢᠯᠡᠨ᠂ ᠣᠬᠤᠷᠬᠠᠨ ᠬᠡᠳᠦᠨ ᠵᠢᠯ ᠳᠤ᠂ ᠢᠩᠲᠦ ᠭᠠᠴᠠᠭᠠᠨ ᠤ ᠳᠦᠷᠰᠦ ᠪᠠᠶᠢᠳᠠᠯ ᠴᠣ ᠰᠢᠨ᠎ᠡ ᠦᠩᠬᠡ ᠲᠥᠷᠬᠦ ᠲᠠᠢ ᠪᠣᠯᠵᠤ᠂ ᠮᠠᠯᠵᠢᠬᠤ ᠦᠢᠯᠡᠳᠪᠦᠷᠢᠯᠡᠯ ᠨᠢ ᠰᠢᠯᠢᠳᠡᠭᠵᠢᠨ᠂ ᠮᠠᠯᠴᠢᠳ ᠤᠨ ᠣᠷᠣᠯᠭ᠎ᠠ ᠨᠢ ᠴᠤ ᠶᠡᠬᠡᠪᠡᠷ ᠨᠡᠮᠡᠭᠳᠡᠭᠰᠡᠨ ᠪᠢᠯᠡ᠃ ᠢᠩᠲᠦ ᠭᠠᠴᠠᠭ᠎ᠠ ᠨᠢ 13.6 ᠲᠦᠮᠡᠨ ᠮᠦ ᠨᠤᠲᠤᠭ ᠪᠡᠯᠴᠢᠭᠡᠷ ᠲᠠᠢ᠃ ᠤᠶᠢᠷ᠎ᠠ ᠶᠢᠨ ᠵᠢᠯ ᠳᠤ᠂ ᠲᠡᠷᠡ ᠪᠦᠬᠦ  ᠭᠠᠴᠠᠭᠠᠨ ᠤ ᠮᠠᠯ ᠠᠵᠤ ᠠᠬᠤᠢ  ᠶᠢᠨ ᠰᠠᠭᠤᠷᠢ ᠨᠢᠮᠬᠡᠨ᠂ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠳᠤᠯᠠᠩ ᠪᠡᠯᠴᠢᠭᠡᠷ ᠤᠨ ᠦᠨᠳᠦᠰᠦᠨ ᠪᠦᠲᠦᠭᠡᠨ ᠪᠠᠶᠢᠭᠤᠯᠤᠯᠲᠠ᠂ ᠬᠠᠰᠢᠶ᠎ᠠ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ  ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠬᠥᠭᠵᠢᠭᠦᠯᠵᠡᠢ᠃ ᠬᠡᠳᠦᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠨ᠂ ᠮᠠᠯ ᠠᠵᠤ ᠠᠬᠤᠢ ᠶᠢᠨ ᠰᠠᠭᠤᠷᠢ ᠨᠥᠬᠦᠴᠡᠯ ᠨᠢ ᠰᠠᠶᠢᠵᠢᠷᠠᠵᠤ᠂ ᠭᠠᠴᠠᠭᠠᠨ ᠤ ᠮᠠᠯᠴᠢᠳ ᠤᠨ ᠮᠠᠯ ᠤᠨᠤᠭᠠᠨ ᠳᠤ ᠬᠡᠷᠡᠭᠰᠡᠬᠦ ᠲᠡᠵᠢᠭᠡᠯ ᠪᠣᠷᠳᠤᠭ᠎ᠠ ᠶᠢ ᠥᠪᠡᠷᠲᠡᠭᠡᠨ ᠬᠠᠩᠭᠠᠬᠤ ᠪᠣᠯᠵᠤ᠂ ᠵᠠᠷᠤᠳᠠᠯ ᠮᠥᠩᠭᠦ ᠶᠢ ᠨᠢ ᠠᠷᠪᠢᠯᠠᠨ ᠥᠭᠭᠦᠭᠰᠡᠨ ᠢᠶᠠᠷ ᠥᠷᠭᠡᠨ ᠣᠯᠠᠨ ᠮᠠᠯᠴᠢᠳ ᠤᠨ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ ᠢᠳᠡᠪᠬᠢᠵᠢᠯ ᠢ ᠶᠡᠬᠡᠪᠡᠷ ᠪᠠᠳᠠᠷᠠᠭᠤᠯᠤᠭᠰᠠᠨ ᠪᠠᠶᠢᠨ᠎ᠠ᠃ ᠲᠡᠷᠡᠪᠡᠷ᠂ 58 ᠮᠠᠯᠴᠢᠨ ᠡᠷᠦᠬᠡ ᠶᠢ ᠵᠣᠬᠢᠶᠠᠨ ᠪᠠᠶᠢᠭᠤᠯᠵᠤ᠂ ︽ᠬᠦᠪᠡᠭᠡᠲᠦ ᠰᠢᠷ᠎ᠠ ᠬᠤᠰᠢᠭᠤᠨ ᠤ ᠢᠩᠲᠤ ᠭᠠᠴᠠᠭᠠᠨ ᠤ ᠭᠠᠮᠰᠢᠭ ᠠᠴᠠ ᠠᠪᠤᠷᠠᠵᠤ ᠮᠠᠯ ᠠᠵᠤ ᠠᠬᠤᠢ ᠶᠢ ᠬᠥᠭᠵᠢᠬᠦᠯᠬᠦ ᠨᠡᠶᠢᠭᠡᠮᠯᠢᠭ︾ ᠢ ᠡᠭᠦᠰᠬᠡᠨ ᠪᠠᠶᠢᠭᠤᠯᠵᠤ᠂ 300 ᠮᠦ ᠥᠨᠳᠥᠷ ᠤᠨᠠᠯᠲᠠ ᠲᠠᠢ ᠲᠡᠵᠢᠭᠡᠯ ᠪᠣᠷᠳᠤᠭ᠎ᠠ ᠶᠢᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠂ 9000 ᠮᠦ ᠬᠠᠳᠤᠯᠠᠩ ᠤᠨ ᠲᠠᠯᠠᠪᠠᠢ ᠲᠤᠤᠷᠯᠠᠨ ᠪᠢᠲᠡᠭᠦᠮᠵᠢᠯᠡᠵᠤ᠂ 2000 ᠭᠠᠷᠤᠢ ᠬᠤᠷᠠᠭ᠎ᠠ ᠶᠢ ᠲᠥᠪᠯᠡᠷᠡᠭᠦᠯᠦᠨ ᠮᠠᠯᠵᠢᠭᠰᠠᠨ ᠤ ᠬᠠᠮᠲᠤ ᠮᠢᠬ᠎ᠠ ᠨᠤᠤᠰᠤ ᠬᠤᠤᠰᠯᠠᠭᠰᠠᠨ ᠳ᠋ᠧ ᠮᠧᠢ ᠬᠤᠨᠢᠨ ᠤ ᠭᠠᠷ ᠬᠡᠭᠡᠯᠲᠦᠭᠦᠯᠭᠡ ᠪᠠ ᠰᠢᠮᠧᠨ᠋ᠲ᠋ᠧᠷ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠵᠢᠨ‌ᠠᠵᠢᠯ ᠢ ᠥᠷᠨᠢᠭᠦᠯᠪᠡ᠃ ᠲᠡᠭᠦᠨ ᠤ ᠠᠯᠢ ᠣᠯᠠᠨ ᠰᠢᠨ᠎ᠡ ᠰᠡᠪᠡᠭᠦᠨ ᠤᠬᠠᠭᠠᠯᠢᠭ ᠥᠭᠡᠷᠡᠴᠢᠯᠡᠯᠲᠡ ᠨᠢ ᠨᠡᠶᠢᠭᠡᠮᠯᠢᠭ ᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ 58 ᠮᠠᠯᠴᠢᠨ ᠡᠷᠦᠬᠡ ᠡᠭᠦᠨ ᠤ ᠤᠯᠠᠮ ᠠᠴᠠ ᠠᠰᠢᠭ ᠬᠦᠷᠲᠡᠵᠤ ᠠᠮᠢᠳᠤᠷᠠᠯ ᠨᠢ ᠳᠡᠭᠵᠢᠷᠡᠭᠰᠡᠨ ᠤ ᠬᠠᠮᠲᠤ ᠮᠠᠯ ᠤᠨ ᠲᠤᠭ᠎ᠠ ᠲᠤᠯᠤᠭᠠᠢ ᠶᠢ ᠥᠷᠥᠭᠡᠰᠦᠯ ᠢᠶᠠᠷ ᠬᠥᠭᠡᠭᠡᠴᠡᠯᠳᠦᠵᠦ ᠣᠷᠣᠯᠭ᠎ᠠ ᠪᠠᠨ ᠨᠡᠮᠡᠭᠳᠡᠭᠦᠯᠬᠦ ᠬᠡᠪᠰᠢᠮᠡᠯ ᠦᠵᠡᠯᠲᠡ ᠪᠠ ᠠᠷᠭ᠎ᠠ ᠬᠢᠳᠡᠯ ᠢ ᠲᠤᠶᠢᠯᠪᠤᠷᠢᠲᠠᠶ ᠬᠤᠪᠢᠷᠠᠭᠤᠯᠵᠤ ᠴᠢᠳᠠᠭᠰᠠᠨ ᠪᠠᠶᠢᠨ᠎ᠠ᠃ ᠲᠡᠭᠦᠨ ᠤ ᠤᠯᠠᠨ ᠠᠴᠠ ᠬᠡᠲᠦᠶᠢᠳᠦᠭᠰᠡᠨ ᠦᠵᠡᠯ ᠪᠣᠳᠣᠯ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠡᠷᠡᠮᠡᠬᠡᠢ ᠵᠤᠷᠢᠮᠠᠭ ᠵᠠᠩ ᠴᠢᠨᠠᠷ ᠢ ᠨᠢ ᠮᠠᠯᠴᠢᠳ ᠠᠮᠠ ᠳᠠᠮᠵᠢᠨ ᠮᠠᠭᠲᠠᠵᠠᠭᠠᠨ᠎ᠠ᠃ 2009 ᠣᠨ ᠳᠤ᠂ ᠲᠡᠷᠡ ᠪᠠᠰᠠ ᠮᠠᠯᠴᠢᠳ ᠢ ᠳᠠᠶᠢᠴᠢᠯᠠᠨ ︽ᠢᠩᠲᠦ ᠮᠠᠯ ᠠᠵᠤ ᠠᠬᠤᠢ ᠶᠢᠨ ᠲᠤᠰᠬᠠᠶ  ᠬᠤᠷᠰᠢᠶᠠᠵᠢᠯ︾ ᠢ ᠪᠠᠶᠢᠭᠤᠯᠤᠭᠰᠠᠨ ᠪᠠᠶᠢᠨ᠎ᠠ᠃ 32 ᠮᠠᠯᠴᠢᠨ ᠡᠷᠦᠬᠡ ᠢ ᠵᠤᠬᠢᠶᠠᠨ ᠪᠠᠶᠢᠭᠤᠯᠵᠤ᠂ ᠪᠡᠯᠡ ᠮᠥᠩᠭᠦ  ᠬᠥᠳᠡᠯᠮᠦᠷᠢ ᠬᠦᠴᠦ ᠣᠷᠣᠭᠤᠯᠬᠤ ᠬᠡᠯᠪᠡᠷᠢ ᠪᠠᠷ ᠭᠠᠴᠠᠭᠠᠨ ᠤ 3000 ᠮᠦ ᠬᠠᠮᠲᠤ ᠶᠢᠨ ᠪᠡᠯᠴᠢᠭᠡᠷ ᠢ ᠠᠰᠢᠭᠯᠠ᠂ ᠬᠤᠷᠠᠭ᠎ᠠ ᠪᠣᠷᠳᠣᠬᠤ ᠴᠡᠭ ᠪᠠ ᠳ᠋ᠧ ᠮᠧᠶ ᠬᠤᠨᠢ ᠬᠡᠭᠡᠯᠲᠦᠭᠦᠯᠬᠦ ᠴᠡᠭ ᠢ ᠰᠢᠨ᠎ᠡ ᠪᠠᠷ ᠪᠠᠶᠢᠭᠤᠯᠵᠤ᠂ 32 ᠡᠷᠦᠬᠡ ᠶᠢᠨ 1000 ᠬᠤᠷᠠᠭ᠎ᠠ ᠶᠢ ᠰᠠᠭᠤᠷᠢᠨ ᠭᠠᠵᠠᠷ ᠲᠤ ᠲᠥᠪᠯᠡᠷᠡᠭᠦᠯᠦᠨ ᠮᠠᠯᠵᠢᠵᠤ ᠲᠠᠷᠭᠤ ᠬᠦᠴᠦ ᠠᠪᠤᠭᠤᠯᠬᠤ ᠠᠵᠢᠯ ᠢᠶᠠᠨ ᠡᠬᠢᠯᠡᠭᠦᠯᠦᠭᠰᠡᠨ ᠶᠤᠮ᠃ ᠨᠠᠷᠢᠨ ᠨᠢᠮᠪᠠᠢ ᠠᠷᠠᠴᠢᠯᠠᠨ ᠮᠠᠯᠵᠢᠭᠰᠠᠨ ᠢᠶᠠᠷ᠂ ᠬᠤᠷᠠᠭ᠎ᠠ ᠪᠦᠷᠢ ᠶᠢᠨ ᠭᠠᠷᠭᠠᠯᠲᠠ ᠳᠤ ᠳᠤᠮᠳᠠᠴᠢ ᠪᠠᠷ 73 ᠲᠥᠭᠦᠷᠢᠭ ᠤᠨ ᠢᠯᠡᠭᠦᠴᠡ ᠣᠷᠣᠯᠭ᠎ᠠ ᠶᠢ ᠣᠯᠵᠤ᠂ ᠮᠠᠯᠴᠢᠨ ᠤᠯᠠᠨ ᠤ ᠮᠠᠩᠨᠠᠢ ᠶᠢ ᠲᠡᠨᠢᠢᠯᠭᠡᠭᠰᠡᠨ ᠪᠢᠯᠡ᠃ ᠴᠡᠩᠭᠡᠯᠪᠠᠶᠠᠷ ᠡᠶᠢᠨᠬᠦ ᠬᠤᠷᠰᠢᠶᠠᠵᠢᠯ ᠤᠨ ᠬᠡᠯᠪᠡᠷᠢ ᠪᠠᠷ ᠳᠠᠮᠵᠢᠨ ᠮᠠᠯᠴᠢᠳ ᠲᠤ ᠥᠯᠡᠮᠵᠢ ᠦᠷ᠎ᠡ ᠠᠰᠢᠭ ᠬᠦᠷᠲᠡᠭᠡᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠭᠠᠪᠰᠢᠭᠠᠶᠢᠯᠠᠨ ᠪᠠᠶᠢᠯᠳᠤᠵᠤ᠂ ᠠᠷᠠᠳ ᠤᠨ ᠢᠶᠠᠨ ᠰᠡᠳᠬᠢᠯ ᠤᠨ ᠨᠤᠶᠠᠨ ᠨᠢᠷᠤᠭᠤ ᠪᠤᠯᠤᠨ ᠰᠡᠬᠦᠶᠢᠨ ᠰᠦᠨᠳᠡᠷᠯᠡᠭᠰᠡᠨ ᠪᠠᠶᠢᠨ᠎ᠠ᠃ ︽ᠡᠵᠡᠨ ᠬᠢᠴᠢᠶᠡᠪᠡᠯ ᠵᠠᠶᠠᠭ᠎ᠠ ᠬᠢᠴᠢᠶᠡᠨ᠎ᠡ︾ ᠭᠡᠰᠡᠨᠴᠢᠯᠡᠨ ᠲᠡᠭᠦᠨ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠭᠰᠠᠨ ᠳᠠᠭᠠᠭᠤᠯᠤᠭᠴᠢ ᠪᠠᠷ ᠦᠨᠡᠯᠡᠭᠰᠡᠨ ᠪᠢᠯᠡ᠃ ᠡᠭᠦᠨ ᠤ ᠬᠠᠮᠲᠤ ᠭᠤᠷᠪᠠᠨ ᠵᠢᠯ ᠳᠠᠷᠠᠭᠠᠯᠠᠨ ᠪᠦᠬᠦ ᠬᠤᠰᠢᠭᠤᠨ ᠤ ᠠᠷᠪᠠᠨ ᠰᠢᠯᠢᠳᠡᠭ ᠮᠠᠯᠴᠢᠨ᠂ ᠰᠢᠯᠢᠳᠡᠭ ᠭᠠᠴᠠᠭᠠᠨ ᠳᠠᠷᠤᠭ᠎ᠠ ᠪᠤᠯᠤᠨ ᠬᠦᠳᠡᠯᠮᠦᠷᠢ ᠶᠢᠨ ᠵᠢᠱᠢᠶᠡᠴᠢ ᠶᠢᠨ ᠴᠤᠯᠠ ᠶᠢ ᠬᠦᠷᠲᠡᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号