ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ | ᠰᠢᠨ᠎ᠡ ᠨᠢᠬᠡ ᠬᠤᠭᠤᠴᠠᠭᠠᠨ ᠤ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠭᠠᠴᠠᠭᠠᠨ ᠵᠦᠪᠯᠡᠯ ︵ᠲᠤᠤᠷ᠎ᠠ | ᠭᠠᠴᠠᠭᠠᠨ ᠤ ︽ᠬᠤᠶᠠᠷ ᠪᠠᠭ︾ ᠬᠡᠵᠦ ᠳᠦᠬᠦᠮᠴᠢᠯᠡᠨ᠎ᠡ︶ ᠤᠨ ᠬᠤᠭᠤᠴᠠᠭ᠎ᠠ ᠰᠣᠯᠢᠬᠤ ᠠᠵᠢᠯ ᠢ ᠨᠠᠷᠢᠨ ᠬᠢᠨᠠᠮᠠᠭᠠᠢ | ᠰᠠᠶᠢᠲᠤᠷ ᠬᠢᠬᠦ ᠶᠢᠨ ᠲᠦᠯᠦᠬᠡ᠂ ︽ᠳᠣᠮᠳᠠᠳᠣ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠣᠮᠳᠠᠳᠣ ᠣᠯᠣᠰ | ᠤᠨ ᠡᠪ ᠬᠠᠮᠲᠤ ᠨᠠᠮ ᠤᠨ ᠨᠠᠮ ᠤᠨ ᠡᠬᠦᠷ ᠤᠨ ᠠᠵᠢᠯ ᠤᠨ ᠳᠦᠷᠢᠮ ︵ᠲᠤᠷᠰᠢᠨ ᠬᠡᠷᠡᠭᠵᠢᠬᠦᠯᠬᠦ︶︾ ᠂ ︽ᠳᠣᠮᠳᠠᠳᠣ | ᠣᠯᠣᠰ ᠤᠨ ᠡᠪ ᠬᠠᠮᠲᠤ ᠨᠠᠮ ᠤᠨ ᠬᠦᠳᠡᠭᠡ ᠲᠤᠰᠬᠤᠨ ᠤ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠠᠵᠢᠯ | ᠤᠨ ᠳᠦᠷᠢᠮ︾᠂ ︽ᠳᠣᠮᠳᠠᠳᠣ ᠣᠯᠣᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ | ᠶᠢᠨ ᠰᠣᠩᠭᠤᠭᠤᠯᠢ ᠶᠢᠨ ᠠᠵᠢᠯ ᠤᠨ ᠳᠦᠷᠢᠮ︾ ᠵᠡᠷᠬᠡ ᠬᠤᠯᠪᠤᠭᠳᠠᠯ ᠪᠦᠬᠦᠢ ᠨᠠᠮ ᠤᠨ ᠳᠣᠳᠣᠭᠠᠳᠣ ᠶᠢᠨ ᠬᠠᠤᠯᠢ | ᠲᠤᠭᠳᠠᠭᠠᠯ ᠪᠠ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠤᠯᠤᠰ ᠤᠨ ᠲᠤᠰᠬᠤᠨ ᠤᠨ ᠠᠷᠠᠳ ᠤᠨ ᠵᠦᠪᠯᠡᠯ ᠤᠨ | ᠵᠤᠬᠢᠶᠠᠨ ᠪᠠᠶᠢᠭᠤᠯᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠤᠭᠳᠠᠭᠠᠯ ᠢ ᠦᠨᠳᠦᠰᠦᠯᠡᠨ᠂ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠤᠷᠳᠣᠨ ᠤ ᠬᠤᠶᠠᠷ ᠠᠯᠪᠠᠨ ᠬᠡᠷ ᠤᠨ ᠲᠠᠷᠤᠮᠯᠠᠨ ᠲᠠᠷᠬᠠᠭᠠᠭᠰᠠᠨ ︽ᠪᠦᠬᠦ ᠬᠤᠰᠢᠭᠤᠨ ᠤ | ᠭᠠᠴᠠᠭ᠎ᠠ ᠂ ᠨᠡᠶᠢᠬᠡᠮ ᠲᠤᠭᠤᠷᠢᠭ ᠤᠨ ︿ᠡᠭᠦᠷ ᠵᠦᠪᠯᠡᠯ﹀ ᠤᠨ ᠬᠤᠭᠤᠴᠠᠭ᠎ᠠ ᠰᠣᠯᠢᠬᠤ ᠠᠵᠢᠯ ᠤᠨ ᠲᠦᠰᠤᠪ︾ ︵ | ᠠᠯᠪᠠᠨ ᠦᠰᠦᠭ ﹇2020﹈ 81 ᠳ᠋ᠦ᠋ᠭᠡᠷ ᠲᠤᠭᠠᠲᠤ︶ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠮᠠᠨ ᠤ | ᠰᠤᠮᠤᠨ ᠤ ᠪᠤᠲᠠᠲᠠᠢ ᠪᠠᠶᠢᠳᠠᠯ ᠲᠠᠢ ᠣᠶᠠᠯᠳᠣᠭᠤᠯᠣᠨ᠂ ᠲᠤᠤᠷᠠᠬᠢ ᠮᠡᠲᠦ ᠠᠵᠢᠯ ᠤᠨ ᠲᠦᠰᠦᠪ ᠢ ᠲᠤᠭᠳᠠᠭᠠᠪᠠ᠃ | ᠨᠢᠬᠡ᠂ ᠶᠡᠷᠥᠩᠭᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠣᠭᠠᠷ᠂ ᠭᠤᠷᠪᠠᠳᠣᠭᠠᠷ᠂ ᠳᠦᠷᠪᠡᠳᠦᠭᠡᠷ᠂ ᠲᠠᠪᠤᠳᠣᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠶᠡᠷᠥᠩᠭᠡᠢ ᠱᠦᠵᠢ ᠶᠢᠨ | ᠦᠪᠦᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ | ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠱᠣᠭᠤᠮ ᠢ ᠲᠤᠤᠱᠯᠠᠭᠤᠯᠤᠨ᠂ ᠦᠨᠳᠦᠰᠦᠨ ᠱᠠᠲᠣᠨ ᠤ | ᠨᠠᠮ ᠤᠨ ᠵᠤᠬᠢᠶᠠᠨ ᠪᠠᠶᠢᠭᠤᠯᠤᠯᠲᠠ ᠶᠢᠨ ᠣᠯᠣᠰ ᠲᠦᠷᠦ ᠶᠢᠨ ᠴᠢᠳᠠᠮᠵᠢ ᠪᠤᠯᠤᠨ ᠵᠤᠬᠢᠶᠠᠨ ᠪᠠᠶᠢᠭᠤᠯᠤᠯᠲᠠ ᠶᠢᠨ ᠬᠦᠴᠦᠨ ᠢ | ᠳᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠤ᠂ ᠰᠠᠶᠢᠨ ᠪᠠᠭ ᠢ ᠰᠣᠩᠭᠤᠨ ᠭᠠᠷᠭᠠᠬᠤ᠂ ᠰᠠᠶᠢᠨ ᠪᠠᠶᠢᠳᠠᠯ ᠢ ᠢᠯᠡᠷᠡᠬᠦᠯᠦᠨ᠂ | ᠰᠠᠶᠢᠨ ᠬᠡᠪ ᠰᠣᠷᠲᠠᠯ ᠢ ᠪᠦᠷᠢᠯᠳᠦᠬᠦᠯᠵᠦ᠂ ᠰᠠᠶᠢᠨ ᠲᠤᠭᠳᠠᠴᠠ ᠶᠢ ᠪᠦᠷᠢᠨᠰᠢᠬᠦᠯᠬᠦ ᠪᠠᠷ ᠬᠠᠷᠠᠯᠲᠠ ᠪᠤᠯᠭᠠᠵᠤ᠂ ᠨᠠᠮ ᠤᠨ | ᠲᠦᠷᠦ ᠪᠠᠷᠢᠬᠤ ᠣᠯᠣᠰ ᠲᠦᠷᠦ ᠶᠢᠨ ᠰᠠᠭᠤᠷᠢ᠂ ᠵᠤᠬᠢᠶᠠᠨ ᠪᠠᠶᠢᠭᠤᠯᠤᠯᠲᠠ ᠶᠢᠨ ᠰᠠᠭᠤᠷᠢ᠂ ᠤᠯᠠᠨ ᠲᠦᠮᠡᠨ ᠤ ᠰᠠᠭᠤᠷᠢ | ᠶᠢ ᠤᠯᠠᠮ ᠨᠢᠬᠡ ᠠᠯᠬᠤᠮ ᠪᠠᠬᠢᠵᠢᠬᠦᠯᠵᠦ᠂ ᠨᠠᠮ ᠤᠨ ᠵᠤᠬᠢᠶᠠᠨ ᠪᠠᠶᠢᠭᠤᠯᠤᠯᠲᠠ ᠣᠳᠣᠷᠢᠳᠣᠭᠰᠠᠨ ᠦᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ᠂ ᠶᠤᠰᠤ ᠮᠤᠷᠠᠯ ᠢᠶᠠᠷ ᠵᠠᠰᠠᠬᠤ ᠶᠢ ᠣᠶᠠᠯᠳᠣᠭᠤᠯᠣᠭᠰᠠᠨ ᠬᠤᠲᠠ ᠬᠦᠳᠡᠭᠡ ᠶᠢᠨ ᠦᠨᠳᠦᠰᠦᠨ ᠱᠠᠲᠤᠨ | ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ︵ᠬᠤᠶᠠᠷ︶ ᠠᠵᠢᠯ ᠤᠨ ᠵᠠᠷᠴᠢᠮ | ⒈ᠨᠠᠮ ᠤᠨ ᠪᠦᠬᠦ ᠲᠠᠯ᠎ᠠ ᠶᠢᠨ ᠣᠳᠣᠷᠢᠳᠣᠯᠭ᠎ᠠ ᠶᠢ ᠪᠠᠷᠢᠮᠲᠠᠯᠠᠨ᠎ᠠ᠃ ᠨᠠᠮ ᠤᠨ ᠬᠤᠭᠤᠴᠠᠭ᠎ᠠ ᠰᠣᠯᠢᠬᠤ ᠠᠵᠢᠯ ᠤᠨ | ᠭᠤᠤᠯ ᠣᠳᠣᠷᠢᠳᠬᠤ ᠡᠷᠬᠡ ᠶᠢ ᠪᠠᠲᠤ ᠡᠵᠡᠮᠰᠢᠵᠦ᠂ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ | ᠣᠳᠣᠷᠢᠳᠬᠤ ᠪᠠ ᠬᠠᠷᠢᠭᠤᠴᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠵᠦᠪ | ᠴᠢᠭᠯᠡᠯ ᠢ ᠦᠨᠡᠨᠬᠦ ᠪᠠᠲᠤᠯᠠᠨ᠎ᠠ᠃ | ⒉ᠬᠦᠮᠦᠨ ᠬᠡᠷᠡᠭᠯᠡᠬᠦ ᠵᠦᠪ ᠣᠳᠣᠷᠢᠳᠣᠮᠵᠢ ᠶᠢ ᠪᠠᠷᠢᠮᠲᠠᠯᠠᠨ᠎ᠠ᠃ ᠵᠢᠱᠢᠭᠳᠡᠭᠴᠢ ᠶᠢᠨ ᠪᠠᠷᠢᠮᠵᠢᠶ᠎ᠠ ᠶᠢ ᠴᠢᠩᠳᠠᠯᠠᠵᠤ᠂ | ᠡᠬᠢ ᠡᠬᠦᠰᠦᠯ ᠠᠴᠠ ᠨᠢ ᠠᠳᠬᠤᠬᠤ ᠶᠢ ᠴᠢᠩᠭᠠᠳᠬᠠᠵᠤ᠂ ᠭᠠᠴᠠᠭᠠᠨ ᠤ ︽ᠬᠤᠶᠠᠷ ᠪᠠᠭ︾ ᠤᠨ ᠤᠳᠤᠷᠢᠳᠤᠯᠭ᠎ᠠ᠂ | ᠢᠯᠠᠩᠭᠤᠶ᠎ᠠ ᠳᠠᠭᠠᠭᠤᠯᠤᠭᠴᠢ ᠶᠢ ᠦᠨᠡᠨᠬᠦ ᠰᠢᠯᠢᠳᠡᠭ ᠢ ᠨᠢ ᠰᠣᠩᠭᠤᠨ ᠳᠣᠬᠢᠷᠠᠭᠤᠯᠵᠤ᠂ ᠦᠨᠳᠦᠰᠦᠨ ᠱᠠᠲᠤᠨ ᠤ ᠵᠤᠬᠢᠶᠠᠨ | ᠪᠠᠶᠢᠭᠤᠯᠤᠯᠲᠠ ᠶᠢᠨ ᠴᠤᠭᠴᠠᠯᠠᠯᠲᠠ ᠶᠢᠨ ᠪᠦᠬᠦᠯᠢ ᠴᠤᠭᠴᠠ ᠶᠢᠨ ᠳᠡᠭᠡᠭᠰᠢᠯᠡᠯᠲᠡ ᠶᠢ ᠪᠡᠶᠡᠯᠡᠬᠦᠯᠦᠨ᠎ᠡ᠃ | ⒊ᠦᠨᠳᠦᠰᠦᠨ ᠱᠠᠲᠤᠨ ᠤ ᠠᠷᠠᠳᠴᠢᠯᠠᠯ ᠢ ᠪᠠᠳᠠᠷᠠᠭᠤᠯᠬᠤ ᠶᠢ ᠪᠠᠷᠢᠮᠲᠠᠯᠠᠨ᠎ᠠ᠃ ᠨᠠᠮ ᠤᠨ ᠬᠡᠰᠢᠭᠦᠨ ᠪᠤᠯᠤᠨ ᠤᠯᠠᠨ | ᠲᠦᠮᠡᠨ ᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠨᠠᠮ ᠤᠨ ᠬᠡᠰᠢᠬᠦᠨ ᠪᠤᠯᠤᠨ ᠤᠯᠠᠨ ᠲᠦᠮᠡᠨ ᠤ | ᠠᠷᠠᠳᠴᠢᠯᠠᠯ ᠤᠨ ᠡᠷᠬᠡ ᠶᠢ ᠪᠠᠲᠤᠯᠠᠵᠤ᠂ ᠨᠠᠮ ᠤᠨ ᠬᠡᠰᠢᠬᠦᠨ ᠪᠤᠯᠤᠨ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ᠂ ᠰᠣᠩᠭᠤᠬᠤ ᠡᠷᠬᠡ᠂ ᠬᠢᠨᠠᠯᠲᠠ ᠲᠠᠯᠪᠢᠬᠤ ᠡᠷᠭᠡ ᠶᠢ ᠨᠠᠶᠢᠳᠠᠪᠤᠷᠢᠵᠢᠭᠤᠯᠤᠨ᠎ᠠ᠃ | ⒋ᠬᠠᠤᠯᠢ ᠲᠤᠭᠳᠠᠭᠠᠯ ᠶᠤᠰᠤᠭᠠᠷ ᠠᠬᠢᠭᠤᠯᠬᠤ ᠶᠢ ᠪᠠᠷᠢᠮᠲᠠᠯᠠᠨ᠎ᠠ᠃ ᠬᠤᠭᠤᠴᠠᠭ᠎ᠠ ᠰᠣᠯᠢᠬᠤ ᠰᠤᠩᠭᠤᠭᠤᠯᠢ ᠶᠢᠨ | ᠠᠵᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠦᠢᠴᠡᠳᠬᠡᠬᠦ ᠳᠡᠰ | ᠳᠠᠷᠠᠭᠠᠯᠠᠯ ᠶᠤᠰᠤᠭᠠᠷ᠂ ᠬᠠᠣᠯᠢ ᠴᠠᠭᠠᠵᠠ ᠶᠢ ᠬᠡᠷᠡᠭᠵᠢᠬᠦᠯᠵᠦ᠂ ᠬᠤᠭᠤᠴᠠᠭ᠎ᠠ ᠰᠣᠯᠢᠬᠤ ᠳᠡᠰ ᠳᠠᠷᠠᠭᠠᠯᠠᠯ ᠤᠨ ᠬᠠᠤᠯᠢ ᠳᠤ | ᠨᠡᠶᠢᠴᠡᠬᠦ᠂ ᠶᠠᠪᠤᠴᠠ ᠶᠢ ᠢᠯᠡ ᠪᠤᠯᠭᠠᠬᠤ᠂ ᠦᠷ᠎ᠡ ᠳ᠋ᠦᠩ ᠢ ᠪᠦᠲᠦᠮᠵᠢᠲᠠᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠴᠠᠭ ᠬᠤᠭᠤᠴᠠᠭᠠᠨ ᠤ ᠳᠣᠬᠢᠷᠠᠭᠤᠯᠤᠯᠲᠠ | ᠪᠦᠬᠦ ᠭᠠᠴᠠᠭᠠᠨ ᠤ ︽ᠡᠭᠦᠷ ᠵᠦᠪᠯᠡᠯ︾ ᠤᠨ ᠬᠤᠭᠤᠴᠠᠭ᠎ᠠ ᠰᠣᠯᠢᠬᠤ ᠠᠵᠢᠯ ᠨᠢ 2020 ᠣᠨ ᠤ 12 ᠰᠠᠷ᠎ᠠ ᠶᠢᠨ | ᠳᠣᠮᠳᠠᠴᠢ ᠠᠴᠠ ᠡᠬᠢᠯᠡᠵᠦ᠂ ᠣᠷᠢᠳ ᠢᠶᠠᠷ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ | ᠠᠵᠢᠯ ᠢ ᠬᠢᠵᠦ᠂ 2021 ᠣᠨ ᠤ 1 ᠰᠠᠷ᠎ᠠ ᠶᠢᠨ ᠰᠡᠬᠦᠯᠴᠢ ᠠᠴᠠ ᠡᠮᠦᠨ᠎ᠡ ᠪᠡᠶᠡᠯᠡᠬᠦᠯᠦᠨ᠎ᠡ᠃ ᠳᠠᠷᠠᠭ᠎ᠠ ᠨᠢ ᠭᠠᠴᠠᠭᠠᠨ ᠤ | ᠨᠠᠮ ᠤᠨ ᠵᠤᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ ᠳᠣᠣᠷ᠎ᠠ ᠭᠠᠴᠠᠭᠠᠨ ᠵᠦᠪᠯᠡᠯ ᠤᠨ ᠬᠤᠭᠤᠴᠠᠭ᠎ᠠ ᠰᠣᠯᠢᠬᠤ ᠠᠵᠢᠯ | ᠢ ᠦᠷᠨᠢᠬᠦᠯᠵᠦ᠂ 2021 ᠣᠨ ᠤ 2 ᠰᠠᠷ᠎ᠠ ᠶᠢᠨ ᠰᠡᠬᠦᠯᠴᠢ ᠠᠴᠠ ᠡᠮᠦᠨ᠎ᠡ ᠪᠡᠶᠡᠯᠡᠬᠦᠯᠦᠨ᠎ᠡ︔ ᠭᠠᠴᠠᠭᠠᠨ ᠤ ᠶᠠᠪᠤᠳᠠᠯ ᠳᠤ | ᠬᠢᠨᠠᠯᠲᠠ ᠲᠠᠯᠪᠢᠬᠤ ᠵᠦᠪᠯᠡᠯ ᠢ ᠰᠣᠩᠭᠤᠨ ᠭᠠᠷᠭᠠᠬᠤ ᠠᠵᠢᠯ ᠢ 2021 ᠣᠨ ᠤ 3 ᠳ᠋ᠣᠭᠠᠷ ᠰᠠᠷ᠎ᠠ ᠶᠢᠨ ᠰᠡᠬᠦᠯᠴᠢ ᠠᠴᠠ | ᠡᠮᠦᠨ᠎ᠡ ᠪᠡᠶᠡᠯᠡᠬᠦᠯᠦᠨ᠎ᠡ᠃ | ᠬᠤᠶᠠᠷ᠂ ᠠᠵᠢᠯ ᠤᠨ ᠡᠬᠦᠷᠭᠡ | ︵ᠨᠢᠬᠡ︶ ᠵᠢᠱᠢᠭᠳᠡᠭᠰᠡᠳ ᠤᠨ ᠬᠢᠷᠢ ᠬᠡᠮ ᠤᠨ ᠨᠦᠬᠦᠴᠡᠯ ᠢ ᠲᠤᠳᠤᠷᠬᠠᠶᠢᠯᠠᠨ᠎ᠠ᠃ ᠣᠯᠣᠰ ᠲᠦᠷᠦ ᠶᠢᠨ ᠪᠠᠷᠢᠮᠵᠢᠶ᠎ᠠ | ᠶᠢ ᠲᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠣᠯᠠᠨ ᠲᠦᠮᠡᠨ ᠢ ᠬᠦᠲᠦᠯᠦᠨ ᠵᠢᠯᠤᠭᠤᠳᠴᠤ ᠪᠠᠶᠢᠭᠠᠳ ︽ | ᠬᠤᠶᠠᠷ ᠰᠠᠶᠢᠨ ᠬᠤᠶᠠᠷ ᠬᠦᠴᠦᠷᠭᠡᠭ︾ ᠬᠦᠮᠦᠰ ᠢ ᠵᠢᠱᠢᠭᠳᠡᠭᠰᠡᠳ ᠢᠶᠠᠷ ᠰᠣᠩᠭᠤᠬᠤ ᠶᠢ ᠴᠢᠬᠤᠯᠠᠴᠢᠯᠠᠨ᠎ᠠ᠃⑴ ᠦᠵᠡᠯ | ᠰᠠᠨᠠᠭ᠎ᠠ ᠤᠯᠤᠰ ᠲᠦᠷᠦ ᠶᠢᠨ ᠬᠡᠪ ᠴᠢᠨᠠᠷ ᠰᠠᠶᠢᠨ᠃ ︽ᠳᠦᠷᠪᠡᠨ ᠤᠬᠠᠮᠰᠠᠷ︾ ᠢ ᠪᠠᠲᠤ ᠪᠠᠬᠢ ᠪᠤᠯᠭᠠᠵᠤ᠂ ︽ᠳᠦᠷᠪᠡᠨ | ᠢᠳᠡᠬᠡᠯ︾ ᠢ ᠪᠠᠲᠤᠳᠬᠠᠨ᠂ ︽ᠬᠤᠶᠠᠷ ᠢ ᠬᠦᠷᠢᠶᠡᠯᠡᠬᠦ︾ ᠶᠢ ᠪᠡᠶᠡᠯᠡᠬᠦᠯᠵᠦ᠂ ᠨᠠᠮ ᠤᠨ ᠱᠣᠭᠤᠮ ᠴᠢᠭᠯᠡᠯᠲᠡ ᠲᠦᠷᠦ ᠶᠢᠨ | ᠪᠤᠳᠤᠯᠭ᠎ᠠ ᠶᠢ ᠡᠷᠡᠰ ᠲᠤᠤᠱᠯᠠᠭᠤᠯᠵᠤ᠂ ᠣᠬᠠᠮᠰᠠᠷ ᠠᠴᠠ ᠪᠠᠨ ᠳᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠤᠭᠴᠠ | ᠶᠢᠨ ᠣᠬᠠᠮᠰᠠᠷ ᠢ ᠪᠠᠳᠤ ᠴᠤᠭᠴᠠᠯᠠᠳᠠᠭ᠃⑵ ᠶᠤᠰᠤ ᠰᠣᠷᠲᠠᠬᠤᠨ ᠵᠠᠩ ᠰᠣᠷᠲᠠᠯ ᠰᠠᠶᠢᠨ᠃ ᠲᠦᠪ ᠭᠤᠤᠯᠴᠢ᠂ | ᠠᠷᠠᠳᠴᠢᠯᠠᠯ ᠤᠨ ᠰᠤᠷᠳᠠᠯ ᠲᠠᠢ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ | ᠂ ᠨᠡᠯᠢᠶᠡᠳ ᠴᠢᠩᠭ᠎ᠠ ᠵᠤᠷᠢᠯᠲᠠ ᠶᠢᠨ ᠣᠬᠠᠮᠰᠠᠷ ᠪᠠ ᠬᠠᠷᠠᠮ ᠦᠬᠡᠢ ᠵᠤᠷᠢᠭᠤᠯᠬᠤ ᠵᠤᠷᠢᠭ ᠰᠠᠨᠠᠭ᠎ᠠ ᠲᠠᠢ ᠪᠠᠶᠢᠵᠤ᠂ ᠪᠦᠬᠦ | ᠰᠡᠳᠬᠢᠯ ᠪᠦᠬᠦ ᠵᠤᠷᠢᠭ ᠢᠶᠠᠷ ᠢᠶᠠᠨ ᠣᠯᠠᠨ ᠲᠦᠮᠡᠨ ᠳᠤ ᠪᠤᠲᠠᠲᠤ ᠶᠠᠪᠤᠳᠠᠯ ᠰᠠᠶᠢᠨ ᠶᠠᠪᠤᠳᠠᠯ ᠬᠢᠵᠦ ᠴᠢᠳᠠᠳᠠᠭ᠃⑶ | ᠳᠠᠭᠠᠭᠤᠯᠤᠨ ᠪᠠᠶᠠᠵᠢᠬᠤ ᠴᠢᠳᠠᠪᠤᠷᠢ ᠪᠠᠷ ᠬᠦᠴᠦᠷᠬᠡᠭ᠃ ᠬᠠᠷᠠᠴᠠ ᠦᠷᠭᠡᠨ᠂ ᠵᠤᠷᠢᠭᠲᠠᠢ ᠲᠡᠮᠡᠴᠡᠵᠦ ᠣᠯᠠᠨ ᠲᠦᠮᠡᠨ ᠢ | ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠬᠦᠯᠬᠦ ᠴᠢᠳᠠᠪᠤᠷᠢ ᠲᠠᠢ ᠪᠠᠶᠢᠵᠤ᠂ ᠣᠯᠠᠨ ᠲᠦᠮᠡᠨ ᠢ | ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠳᠤᠮᠵᠢ ᠶᠢ ᠪᠠᠬᠢᠵᠢᠬᠦᠯᠬᠦ ᠪᠠ ᠬᠦᠳᠡᠭᠡ | ᠲᠤᠰᠬᠤᠨ ᠢ ᠬᠦᠭᠵᠢᠬᠦᠯᠦᠨ ᠮᠠᠨᠳᠣᠭᠤᠯᠬᠤ ᠶᠢ ᠦᠷᠬᠦᠯᠵᠢᠯᠡᠨ ᠠᠬᠢᠭᠤᠯᠳᠠᠭ᠃⑷ ᠵᠤᠬᠢᠴᠠᠭᠤᠯᠬᠤ ᠴᠢᠳᠠᠪᠤᠷᠢ ᠪᠠᠷ | ᠬᠦᠴᠦᠷᠬᠡᠭ᠃ ᠬᠤᠲᠠ ᠬᠦᠳᠡᠭᠡ ᠶᠢᠨ ᠦᠨᠳᠦᠰᠦᠨ ᠱᠠᠲᠤᠨ ᠤ ᠵᠠᠰᠠᠯᠲᠠ ᠪᠤᠯᠤᠨ ᠦᠨᠳᠦᠰᠦᠲᠡᠨ ᠤᠨ ᠠᠵᠢᠯ ᠤᠨ | ᠬᠡᠷᠡᠭᠴᠡᠭᠡ ᠳᠤ ᠵᠤᠬᠢᠴᠠᠵᠤ᠂ ᠳᠣᠪᠣᠶᠢᠮ᠎ᠠ ᠵᠦᠷᠢᠴᠡᠯ ᠪᠠ ᠪᠤᠳᠣᠯᠢᠶᠠᠨᠲᠠᠢ ᠠᠰᠠᠭᠤᠳᠠᠯ ᠢ ᠰᠢᠢᠳᠪᠤᠷᠢᠯᠡᠬᠦ ᠳᠤ ᠪᠠᠨ | ᠴᠢᠳᠠᠮᠠᠭᠠᠢ ᠪᠠᠶᠢᠵᠤ᠂ ᠭᠠᠴᠠᠭᠠᠨ ᠤ ᠪᠠᠨ ᠡᠯ᠎ᠡ ᠲᠦᠷᠦᠯ ᠤᠨ ᠵᠤᠬᠢᠶᠠᠨ ᠪᠠᠶᠢᠭᠤᠯᠤᠯᠲᠠ ᠶᠢ ᠵᠤᠬᠢᠴᠠᠭᠤᠯᠤᠨ ᠠᠵᠢᠯ ᠢᠶᠠᠨ | ᠦᠷᠨᠢᠭᠦᠯᠳᠡᠭ᠃ | ᠳᠣᠣᠷᠠᠬᠢ ᠪᠠᠶᠢᠳᠠᠯ ᠤᠨ ᠨᠢᠬᠡ ᠨᠢ ᠤᠷᠤᠰᠢᠪᠠᠯ ᠭᠠᠴᠠᠭᠠᠨ ᠤ ︽ ᠬᠤᠶᠠᠷ ᠪᠠᠭ︾ ᠤᠨ ᠭᠡᠰᠢᠬᠦᠨ ᠤ ᠵᠢᠱᠢᠭᠳᠡᠭᠴᠢ ᠪᠠᠷ | ᠳᠣᠭᠳᠠᠭᠠᠵᠤ ᠪᠤᠯᠬᠤ ᠦᠬᠡᠢ᠂ ᠲᠤᠤᠷᠠᠬᠢ ᠬᠦᠮᠦᠰ ᠰᠤᠩᠭᠤᠭᠳᠠᠨ ᠭᠠᠷᠤᠭᠰᠠᠨ ᠴᠤ ᠬᠦᠴᠦᠨ ᠦᠬᠡᠢ᠄⑴ ᠡᠷᠡᠬᠦᠦ ᠶᠢᠨ | ᠰᠢᠳᠬᠡᠯ ᠤᠯᠵᠤ ᠦᠩᠭᠡᠷᠡᠭᠰᠡᠨ ᠂ ᠡᠰᠡᠬᠦᠯ᠎ᠡ ᠶᠠᠯ᠎ᠠ ᠬᠢᠭᠰᠡᠨ ᠦᠢᠯᠡ ᠪᠠᠶᠢᠳᠠᠯ ᠨᠢ ᠬᠦᠩᠭᠡᠪᠳᠦᠷ᠂ ᠠᠷᠠᠳ ᠤᠨ | ᠪᠠᠶᠢᠴᠠᠭᠠᠬᠤ ᠬᠤᠷᠢᠶ᠎ᠠ ᠬᠠᠤᠯᠢ ᠶᠤᠰᠤᠭᠠᠷ ᠦᠯᠦ ᠵᠠᠭᠠᠯᠳᠣᠬᠤ ᠳᠣᠭᠳᠠᠭᠠᠯ ᠢ ᠭᠠᠷᠭᠠᠭᠰᠠᠨ ᠪᠤᠶᠤ ᠠᠷᠠᠳ ᠤᠨ ᠰᠢᠬᠦᠬᠦ | ᠬᠤᠷᠢᠶᠠᠡᠴᠠ ᠡᠷᠡᠬᠦᠦ ᠶᠢᠨ ᠰᠢᠳᠬᠡᠯ ᠢ ᠨᠢ ᠬᠡᠯᠳᠦᠷᠢᠬᠦᠯᠦᠭᠰᠡᠨ︔⑵ ᠬᠤᠤᠷ ᠳᠠᠳᠠᠬᠤ᠂ ᠱᠠᠯᠢᠭ ᠵᠠᠪᠬᠠᠢ ᠵᠡᠷᠭᠡ ᠦᠢᠯᠡ | ᠠᠵᠢᠯᠯᠠᠭ᠎ᠠ ᠠᠴᠠ ᠪᠤᠯᠵᠤ ᠵᠠᠰᠠᠭ ᠵᠠᠬᠢᠷᠭᠠᠨ ᠤ ᠰᠢᠳᠬᠡᠯ ᠤᠯᠤᠭᠰᠠᠨ ᠡᠰᠡᠬᠦᠯ᠎ᠡ ᠵᠤᠭᠤᠰ ᠮᠦᠷᠦᠶᠢᠴᠡᠭᠡᠭᠰᠡᠨ ᠠᠴᠠ ᠪᠤᠯᠵᠤ | ᠵᠠᠰᠠᠭ ᠵᠠᠬᠢᠷᠭᠠᠨ ᠢᠶᠠᠷ ᠲᠦᠷ ᠬᠤᠷᠢᠭᠳᠠᠵᠤ ᠦᠩᠭᠡᠷᠡᠭᠰᠡᠨ︔⑶ ᠬᠠᠷ᠎ᠠ ᠪᠦᠯᠦᠭᠲᠡᠨ ᠬᠠᠷᠬᠢᠰ ᠬᠦᠴᠦᠨ ᠳᠤ | ᠬᠤᠯᠪᠤᠭᠳᠠᠭᠰᠠᠨ ᠪᠤᠶᠤ ︽ᠭᠠᠴᠠᠭᠠᠨ ᠤ ᠡᠵᠡᠷᠭᠡᠭᠴᠢ︾ ᠪᠠᠷ ᠮᠠᠭᠠᠳᠯᠠᠨ ᠲᠤᠭᠳᠠᠭᠠᠭᠳᠠᠭᠰᠠᠨ︔⑷ᠢᠳᠡᠬᠡᠯ ᠠᠯᠳᠠᠭᠰᠠᠨ | ᠦᠢᠯᠡ ᠠᠵᠢᠯᠯᠠᠭ᠎ᠠ ᠠᠴᠠ ᠪᠤᠯᠵᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠰᠢᠢᠳᠪᠦᠷᠢᠯᠡᠭᠳᠡᠭᠡᠳ ᠪᠦᠬᠦᠯᠢ3 ᠵᠢᠯ | ᠪᠤᠯᠤᠭᠠᠳᠣᠢ ᠪᠠᠶᠢᠬᠤ︔⑸ ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠲᠠ ᠳᠤ ᠤᠷᠤᠯᠴᠠᠵᠤ᠂ ᠬᠠᠤᠯᠢ ᠪᠤᠰᠤ ᠱᠠᠰᠢᠨ | ᠰᠣᠷᠲᠠᠬᠤᠨ ᠤ ᠠᠵᠢᠯᠯᠠᠭ᠎ᠠ ᠬᠢᠬᠦ᠂ ᠹᠸᠤᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠭᠰᠠᠨ︔⑹ | ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠤᠯᠵᠤ ᠬᠤᠭᠤᠴᠠᠭ᠎ᠠ ᠨᠢ ᠳᠠᠭᠤᠰᠣᠭᠠᠳᠣᠢ ᠪᠠᠶᠢᠬᠤ︔⑺ | ᠣᠯᠣᠰ ᠤᠨ ᠨᠢᠬᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠶᠠᠪᠤᠭᠳᠠᠭᠤᠯᠬᠤ ᠳᠣᠮᠳᠠ᠂ | ᠬᠠᠷᠢᠭᠤᠴᠠᠯᠭ᠎ᠠ ᠡᠬᠦᠷᠭᠡᠯᠡᠬᠦ ᠦᠭᠡᠢ᠂ ᠠᠵᠢᠯ ᠬᠢᠬᠦ ᠦᠬᠡᠢ ᠠᠴᠠ ᠪᠤᠯᠵᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ | ᠤᠨ ᠰᠢᠳᠬᠡᠯ ᠤᠯᠤᠭᠰᠠᠨ ᠪᠤᠶᠤ ᠦᠨᠳᠦᠰᠦᠲᠡᠨ ᠤ ᠠᠰᠠᠭᠤᠳᠠᠯ ᠢ ᠠᠰᠢᠭᠯᠠᠨ ᠪᠤᠰᠣᠳ ᠢ ᠦᠳᠤᠭᠡᠨ ᠨᠠᠵᠠᠭᠠᠢ ᠪᠠᠷ | ᠡᠰᠡᠷᠭᠦᠴᠡᠨ ᠬᠤᠷᠢᠭᠯᠠᠬᠤ ᠮᠠᠭᠤ ᠨᠦᠯᠦᠬᠡ ᠭᠠᠷᠭᠠᠭᠰᠠᠨ︔⑻ ᠭᠠᠴᠠᠭᠠᠨ ᠤ ︽ᠬᠤᠶᠠᠷ ᠪᠠᠭ︾ ᠤᠨ ᠺᠠᠳ᠋ᠷ ᠤᠨ ᠲᠤᠰᠢᠶᠠᠯ | ᠢ ᠬᠠᠷᠢᠭᠤᠴᠠᠵᠤ ᠪᠠᠶᠢᠭ᠎ᠠ ᠬᠤᠭᠤᠴᠠᠭᠠᠨ ᠳᠤ᠂ ᠬᠠᠮᠲᠤ ᠶᠢᠨ ᠪᠡᠯᠡ ᠮᠦᠩᠭᠦ ᠡᠳ᠋ ᠬᠦᠷᠦᠩᠭᠡ ᠶᠢᠨ ᠡᠬᠢ ᠪᠠᠶᠠᠯᠢᠭ ᠪᠤᠶᠤ | ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠪᠡᠯᠡ ᠮᠦᠩᠭᠦ᠂ ᠬᠠᠪᠰᠣᠷᠣᠨ ᠳᠡᠳᠬᠦᠬᠦ ᠪᠡᠯᠡ ᠮᠦᠩᠭᠦ᠂ ᠨᠡᠶᠢᠬᠡᠮ ᠤᠨ | ᠠᠪᠤᠷᠠᠨ ᠲᠤᠰᠠᠯᠠᠬᠤ ᠪᠡᠯᠡ ᠮᠦᠩᠭᠦ ᠶᠢ ᠡᠵᠡᠯᠡᠨ ᠠᠪᠤᠭᠰᠠ ᠠᠴᠠ ᠪᠤᠯᠵᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ | ᠪᠠᠶᠢᠴᠠᠭᠠᠨ ᠰᠢᠳᠬᠡᠭᠳᠡᠭᠰᠡᠨ︔⑼ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠤᠳᠣᠯᠳᠠ ᠪᠤᠶᠤ ᠪᠤᠰᠣᠳ ᠲᠤᠰᠬᠠᠢ ᠵᠦᠢᠯ ᠤᠨ ᠬᠢᠨᠠᠨ ᠪᠤᠳᠣᠯᠳᠠ ᠶᠢᠨ ᠳᠣᠮᠳᠠ ᠣᠷᠣᠰᠢᠵᠦ ᠪᠠᠶᠢᠭ᠎ᠠ ᠠᠰᠠᠭᠤᠳᠠᠯ ᠤᠨ | ᠰᠦᠪᠡᠭᠴᠢ ᠶᠢ ᠬᠠᠷᠠᠬᠠᠨ ᠪᠠᠶᠢᠴᠠᠭᠠᠨ ᠳᠣᠳᠣᠷᠬᠠᠶᠢᠯᠠᠭᠠᠳᠣᠢ ᠪᠠᠶᠢᠬᠤ︔⑽ ᠰᠠᠬᠢᠯᠭ᠎ᠠ ᠪᠠᠲᠤ ᠶᠢ ᠵᠦᠷᠢᠴᠡᠵᠦ ᠬᠠᠤᠯᠢ ᠶᠢ | ᠵᠦᠷᠢᠴᠡᠭᠰᠡᠨ ᠢᠶᠠᠷ ᠰᠡᠵᠢᠭᠯᠡᠭᠳᠡᠭᠡᠳ ᠶᠠᠭ ᠰᠠᠬᠢᠯᠭ᠎ᠠ ᠪᠠᠲᠤ ᠶᠢᠨ ᠬᠢᠨᠠᠯᠳᠠ᠂ ᠬᠢᠨᠠᠨ ᠪᠠᠶᠢᠴᠠᠭᠠᠯᠲᠠ ᠶᠢᠨ ᠪᠠᠶᠢᠴᠠᠭᠠᠯᠲᠠ ᠶᠢ | ᠬᠦᠯᠢᠶᠡᠵᠦ ᠪᠠᠶᠢᠬᠤ ᠪᠤᠶᠤ ᠶᠠᠯ᠎ᠠ ᠬᠢᠭᠰᠡᠨ ᠰᠡᠵᠢᠭᠯᠡᠯᠲᠡᠢ ᠪᠠᠷ ᠬᠠᠤᠯᠢ ᠴᠠᠭᠠᠵᠠ ᠶᠢᠨ ᠶᠠᠪᠤᠴᠠᠨ ᠨᠢ ᠬᠠᠷᠠᠬᠠᠨ | ᠲᠠᠭᠤᠰᠬᠠᠭᠠᠲᠤᠢ ᠪᠠᠶᠢᠬᠤ︔⑾ ᠣᠣᠯ ᠤᠨ ᠭᠠᠴᠠᠭᠠᠨ ᠤ ︽ᠡᠭᠦᠷ ᠵᠦᠪᠯᠡᠯ︾ ᠤᠨ ᠪᠦᠷᠢᠯᠳᠦᠬᠦᠨ ᠨᠢ ᠣᠶᠢᠷ᠎ᠠ ᠶᠢᠨ | ᠬᠤᠶᠠᠷ ᠵᠢᠯ ᠤᠨ ᠳᠣᠳᠣᠷ᠎ᠠ ᠠᠯᠪᠳᠠᠯᠭᠠ ᠪᠠᠷ ᠲᠤᠰᠢᠶᠠᠯ ᠠᠴᠠ ᠪᠠᠨ ᠪᠠᠭᠤᠭᠰᠠᠨ ᠪᠤᠶᠤ ᠲᠤᠰᠢᠶᠠᠯ ᠠᠴᠠ ᠪᠠᠨ | ᠤᠭᠴᠠᠷᠠᠭᠤᠯᠤᠭᠳᠠᠭᠰᠠᠨ᠂ ᠠᠷᠠᠳᠴᠢᠯᠠᠯ ᠢᠶᠠᠷ ᠦᠨᠡᠯᠡᠬᠦ ᠳᠤ ᠵᠠᠯᠭᠠᠪᠠᠷ ᠬᠤᠶᠠᠷ ᠣᠳᠠᠭ᠎ᠠ ᠳᠣᠰᠢᠶᠠᠯ ᠳᠤ ᠪᠠᠨ ᠲᠡᠩᠴᠡᠬᠦ | ᠦᠬᠡᠢ ᠪᠤᠶᠤ ᠬᠢᠷᠢ ᠲᠡᠩᠴᠡᠬᠦ ᠦᠬᠡᠢ ᠨᠠᠮ ᠤᠨ ᠬᠡᠰᠢᠬᠦᠨ ᠭᠡᠵᠦ ᠦᠨᠡᠯᠡᠭᠳᠡᠭᠰᠡᠨ︔⑿ ᠶᠤᠰᠤ ᠮᠤᠷᠠᠯ ᠵᠠᠩ ᠰᠣᠷᠲᠠᠯ ᠨᠢ | ᠮᠠᠭᠤ᠂ ᠤᠯᠠᠨ ᠲᠦᠮᠡᠨ ᠤ ᠳᠣᠮᠳᠠ ᠨᠡᠯᠢᠶᠡᠳ ᠮᠠᠭᠤ ᠨᠦᠯᠦᠬᠡ ᠭᠠᠷᠭᠠᠭᠰᠠᠨ︔⒀ ᠤᠷᠲᠤ ᠬᠤᠭᠤᠴᠠᠭ᠎ᠠ ᠪᠠᠷ ᠶᠤᠰᠤ | ᠪᠤᠰᠤ ᠪᠠᠷ ᠳᠡᠭᠡᠭᠰᠢ ᠵᠠᠭᠠᠯᠳᠤᠬᠤ ᠪᠤᠶᠤ ᠤᠯᠠᠨ ᠲᠦᠮᠡᠨ ᠢ ᠵᠤᠬᠢᠶᠠᠨ ᠪᠠᠶᠢᠭᠤᠯᠵᠤ᠂ ᠦᠳᠦᠭᠡᠵᠦ ᠪᠠᠶᠢᠭᠠᠳ ᠳᠡᠭᠡᠭᠰᠢ | ᠵᠠᠭᠠᠯᠳᠤᠬᠤ᠂ ᠨᠡᠶᠢᠬᠡᠮ ᠤᠨ ᠲᠤᠭᠳᠠᠭᠤᠨ ᠪᠠᠶᠢᠳᠠᠯ ᠢ ᠨᠦᠯᠦᠬᠡᠯᠡᠭᠰᠡᠨ︔⒁ ᠰᠣᠩᠭᠤᠭᠤᠯᠢ ᠶᠢᠨ ᠫᠢᠶᠤᠤ ᠳᠠᠳᠠᠵᠤ | ᠬᠠᠭ᠋ᠤᠤᠯᠢᠲᠤ ᠰᠣᠩᠭᠤᠭᠤᠯᠢ ᠬᠢᠬᠦ ᠵᠡᠷᠭᠡ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠦᠷᠢᠴᠡᠭᠰᠡᠨ ᠦᠢᠯᠡ ᠠᠵᠢᠯᠯᠠᠭ᠎ᠠ | ᠣᠷᠣᠰᠢᠵᠤ ᠪᠠᠶᠢᠬᠤ᠂ ᠡᠰᠡᠬᠦᠯ᠎ᠡ ᠴᠣᠣᠷᠬᠠᠯ ᠲᠠᠯᠪᠢᠬᠤ᠂ ᠬᠦᠳᠬᠡᠨ ᠵᠠᠭᠠᠯᠳᠣᠬᠤ᠂ ᠬᠦᠴᠦᠷᠬᠡᠭᠯᠡᠯ ᠢᠶᠠᠷ ᠰᠦᠷᠳᠡᠬᠦᠯᠬᠦ᠂ | ᠮᠡᠬᠡᠯᠡᠬᠦ ᠵᠡᠷᠭᠡ ᠠᠷᠭ᠎ᠠ ᠪᠠᠷᠢᠯ ᠢᠶᠠᠷ ᠬᠤᠭᠤᠴᠠᠭ᠎ᠠ ᠰᠣᠯᠢᠬᠤ ᠶᠢ ᠬᠠᠷᠰᠢᠯᠠᠭᠰᠠᠨ︔ ⒂ᠨᠠᠮ ᠤᠨ ᠭᠡᠰᠢᠬᠦᠨ ᠡᠯᠰᠡᠬᠦ ᠶᠠᠪᠣᠴᠠ | ᠶᠢᠨ ᠳᠣᠮᠳᠠ ᠠᠰᠠᠭᠤᠳᠠᠯ ᠲᠠᠢ ᠪᠠᠷ ᠨᠠᠮ ᠳᠤ ᠣᠷᠣᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠤᠪᠢ ᠶᠢᠨ ᠨᠡᠶᠢᠷ | ᠢᠶᠠᠷ ᠬᠠᠣᠯᠢ ᠶᠣᠰᠣ ᠶᠢ ᠵᠥᠷᠢᠴᠡᠬᠦ᠂ ᠨᠠᠮ ᠳᠤ ᠣᠷᠣᠬᠤ ᠲᠥᠷᠢᠮ ᠢ ᠬᠦᠨᠳᠦ ᠨᠣᠴᠢᠲᠠᠢ ᠵᠥᠷᠢᠴᠡᠬᠦ ᠵᠡᠷᠭᠡ ᠳᠦᠷᠪᠡᠨ | ᠲᠥᠷᠥᠯ ᠤᠨ ᠳᠦᠷᠢᠮ ᠲᠣᠭᠳᠠᠭᠠᠯ ᠰᠠᠬᠢᠯᠭ᠎ᠠ ᠪᠠᠲᠦ ᠠᠴᠠ ᠵᠥᠷᠢᠴᠡᠭᠰᠡᠨ ᠠᠰᠠᠭᠤᠳᠠᠯ ᠣᠷᠣᠰᠢᠵᠦ᠂ ᠲᠣᠰ ᠬᠥᠮᠥᠨ ᠨᠢ | ᠨᠠᠮ ᠤᠨ ᠭᠡᠰᠢᠬᠦᠨ ᠤ ᠨᠦᠬᠦᠴᠡᠯ ᠳᠤ ᠨᠡᠶᠢᠴᠡᠬᠦ ᠥᠭᠡᠢ᠂ ᠨᠠᠮ ᠤᠨ ᠭᠡᠰᠢᠬᠦᠨ ᠤ ᠪᠠᠶ᠎ᠠ ᠶᠢᠨ ᠭᠠᠷᠣᠯ ᠢ ᠵᠥᠪᠰᠢᠶᠠᠷᠡᠬᠦ | ᠥᠭᠡᠢ ᠭᠡᠵᠦ ᠳᠣᠭᠲᠠᠭᠠᠭᠰᠠᠨ ᠬᠥᠮᠥᠰ᠃ ⒃ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠠ ᠶᠢ ᠬᠡᠷᠡᠭᠵᠢᠬᠦᠯᠬᠦ ᠥᠭᠡᠢ᠂ ᠳᠣᠰᠢᠶᠠᠯ | ᠬᠠᠷᠢᠭᠤᠴᠠᠯᠭ᠎ᠠ ᠪᠠᠨ ᠬᠦᠢᠴᠡᠳᠭᠡᠬᠦ ᠶᠢ ᠳᠡᠪᠴᠢᠵᠦ᠂ ᠨᠠᠮ ᠤᠨ ᠰᠠᠬᠢᠯᠭ᠎ᠠ ᠪᠠᠲᠦ ᠵᠠᠰᠠᠭ ᠤᠨ ᠶᠠᠪᠣᠳᠠᠯ ᠤᠨ ᠰᠢᠢᠳᠬᠡᠯ | ᠣᠯᠣᠭᠰᠠᠨ ᠪᠣᠶᠣ ᠬᠦᠨᠲᠦ ᠨᠣᠴᠢᠲᠠᠢ ᠮᠠᠭᠤ ᠨᠥᠯᠥᠭᠡ ᠭᠠᠷᠭᠠᠭᠰᠠᠨ᠃ ⒄ ᠠᠵᠢᠯᠯᠠᠭᠠᠨ ᠤ ᠴᠢᠳᠠᠪᠣᠷᠢ ᠪᠠᠨ ᠠᠯᠳᠠᠭᠰᠠᠨ | ᠵᠡᠷᠭᠡ ᠪᠤᠰᠤᠳ ᠵᠢᠱᠢᠭᠳᠡᠭᠰᠡᠳ ᠢᠶᠠᠷ ᠳᠣᠭᠳᠠᠭᠠᠬᠤ ᠳᠤ ᠳᠣᠬᠢᠷᠠᠮᠵᠢ ᠥᠭᠡᠢ ᠬᠦᠮᠦᠰ᠃ ᠭᠠᠴᠠᠭᠠᠨ ᠤ ᠨᠠᠮ ᠤᠨ ᠡᠭᠦᠷ | ᠨᠢ ᠳᠡᠭᠡᠷ᠎ᠡ ᠳᠣᠷᠠᠳᠣᠭᠰᠠᠨ ᠲᠥᠷᠢᠮ ᠳᠣᠭᠲᠠᠭᠠᠯ ᠢ ᠴᠢᠩᠭ᠎ᠠ ᠵᠢᠷᠣᠮᠯᠠᠵᠦ᠂ ᠪᠣᠳᠠᠲᠠᠢ ᠪᠠᠶᠢᠳᠠᠯ ᠢᠶᠠᠨ ᠥᠨᠳᠣᠰᠣᠯᠡᠨ᠂ | ᠵᠢᠱᠢᠭᠳᠡᠭᠰᠡᠳ ᠤᠨ ᠨᠥᠬᠦᠴᠡᠯ᠂ ᠵᠢᠱᠢᠭᠳᠡᠭᠰᠡᠳ ᠢᠶᠠᠷ ᠰᠣᠩᠭᠤᠬᠤ ᠳᠤ ᠳᠣᠬᠢᠷᠠᠬᠤ ᠥᠭᠡᠢ ᠪᠠᠶᠢᠳᠠᠯ ᠢ ᠨᠠᠷᠢᠯᠢᠬᠵᠢᠭᠤᠯᠤᠨ | ᠲᠣᠳᠣᠷᠬᠠᠶᠢᠯᠠᠵᠦ᠂ ᠳᠡᠭᠡᠷᠡᠬᠢ ᠠᠭᠤᠯᠭ᠎ᠠ ᠶᠢ ᠭᠠᠴᠠᠭᠠᠨ ᠤ ᠪᠠᠨ ᠬᠤᠭᠤᠴᠠᠭ᠎ᠠ ᠰᠤᠯᠢᠬᠤ ᠰᠣᠩᠭᠤᠭᠤᠯᠢ ᠶᠢᠨ ᠠᠷᠭ᠎ᠠ ᠳᠤ | ᠪᠠᠨ ᠪᠢᠴᠢᠨ ᠣᠷᠣᠭᠤᠯᠵᠦ᠂ ᠲᠣᠰ ᠲᠣᠰ ᠨᠠᠮ ᠤᠨ ᠭᠡᠰᠢᠬᠦᠳ ᠤᠨ ᠶᠡᠭᠡ ᠬᠤᠷᠠᠯ᠂ ᠭᠠᠴᠠᠭᠠᠨ ᠤ ᠮᠠᠯᠴᠢᠳ ᠤᠨ | ᠲᠥᠯᠦᠭᠡᠯᠡᠭᠴᠢ ᠶᠢᠨ ᠬᠤᠷᠠᠯ ᠪᠣᠶᠣ ᠭᠠᠴᠠᠭᠠᠨ ᠤ ᠮᠠᠯᠴᠢᠳ ᠤᠨ ᠬᠤᠷᠠᠯ ᠲᠤ ᠲᠤᠰᠢᠶᠠᠨ ᠪᠠᠲᠤᠯᠠᠭᠤᠯᠤᠭᠰᠠᠨ ᠤ ᠳᠠᠷᠠᠭ᠎ᠠ | ᠴᠢᠩᠭ᠎ᠠ ᠬᠡᠷᠡᠭᠵᠢᠭᠦᠯᠦᠨ᠎ᠡ᠃ | ︵ᠬᠤᠶᠠᠷ︶ ︽ ᠬᠤᠶᠠᠷ ᠪᠠᠭ︾ ᠤᠨ ᠬᠡᠰᠢᠭᠦᠨ ᠤ ᠣᠷᠣᠨ ᠲᠤᠭ᠎ᠠ ᠶᠢ ᠵᠤᠬᠢᠰᠲᠠᠢ ᠪᠠᠶᠢᠷᠢᠯᠠᠭᠤᠯᠤᠨ᠎ᠠ᠃ | ᠲᠦᠷᠬᠡᠨ ᠦᠨᠳᠤᠷ ᠠᠰᠢᠭᠯᠠᠮᠵᠢ ᠲᠠᠢ ᠪᠠᠶᠢᠬᠤ ᠵᠠᠷᠴᠢᠮ ᠢ ᠪᠠᠷᠢᠮᠳᠠᠯᠠᠵᠤ᠂ ᠬᠤᠯᠪᠣᠭᠳᠠᠯ ᠪᠦᠬᠦᠢ ᠨᠠᠮ ᠤᠨ ᠳᠣᠳᠣᠭᠠᠲᠦ | ᠶᠢᠨ ᠬᠠᠣᠯᠢ ᠳᠥᠷᠢᠮ ᠪᠣᠯᠣᠨ ᠬᠠᠣᠯᠢ ᠴᠠᠭᠠᠵᠠ ᠶᠢ ᠵᠢᠷᠤᠮᠯᠡᠨ᠂ ᠳᠡᠭᠡᠳᠦ ᠱᠠᠳᠣᠨ ᠤ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠭᠠᠴᠠᠭᠠᠨ ᠤ ᠬᠦᠷᠢᠶ᠎ᠠ ᠬᠡᠪᠴᠢᠶ᠎ᠠ ᠶᠢ ᠥᠨᠳᠣᠰᠣᠯᠡᠨ᠂ ᠭᠠᠴᠠᠭᠠᠨ ᠤ ︽ᠬᠤᠶᠠᠷ ᠪᠠᠭ︾ ᠤᠨ | ᠬᠡᠰᠢᠭᠦᠨ ᠤ ᠳᠣᠰᠢᠶᠠᠯ ᠤᠨ ᠲᠤᠭ᠎ᠠ ᠶᠢ ᠲᠠᠪᠣᠨ ᠬᠥᠮᠥᠨ ᠢᠶᠠᠷ ᠳᠣᠭᠲᠠᠭᠠᠵᠦ᠂ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠣᠯᠲᠠ ᠳᠤ ᠰᠠᠬᠢᠯᠭ᠎ᠠ ᠪᠠᠲᠦ ᠪᠠᠶᠢᠴᠠᠭᠠᠬᠤ ᠭᠡᠰᠢᠬᠦᠨ ᠢ ᠲᠤᠬᠢᠷᠠᠭᠤᠯᠬᠤ ᠬᠡᠷᠡᠭᠳᠡᠢ᠂ ᠨᠠᠮ ᠤᠨ ᠡᠬᠦᠷ ᠤᠨ ᠱᠦᠵᠢ | ᠂ ᠭᠠᠴᠠᠭᠠᠨ ᠳᠠᠷᠤᠭ᠎ᠠ ᠶᠢ ︽ᠨᠢᠬᠡ ᠬᠥᠮᠥᠨ ᠬᠠᠷᠢᠭᠤᠴᠠᠬᠤ︾ ᠭᠠᠴᠠᠭᠠᠨ ᠤ ᠨᠠᠮ ᠤᠨ ᠵᠣᠬᠢᠶᠠᠨ ᠪᠠᠶᠢᠭᠤᠯᠣᠯᠲᠠ ᠳᠤ | ᠳᠡᠳ᠋ ᠱᠦᠵᠢ ᠳᠣᠬᠢᠷᠠᠭᠤᠯᠵᠦ ᠪᠣᠯᠣᠨ᠎ᠠ᠃ | ︵ᠭᠤᠷᠪᠠ︶ ᠬᠥᠮᠥᠨ ᠰᠣᠩᠭᠤᠨ ᠬᠡᠷᠡᠭᠯᠡᠬᠦ ᠬᠡᠪᠴᠢᠶ᠎ᠠ ᠪᠠᠨ ᠥᠷᠭᠡᠳᠬᠡᠨ᠎ᠡ᠃ ︽ᠵᠢᠷᠭᠤᠭ᠎ᠠ ᠶᠢ ᠴᠢᠬᠤᠯᠠᠴᠢᠯᠠᠬᠤ︾ | ᠶᠢ ᠪᠠᠷᠢᠮᠲᠠᠯᠠᠵᠦ ᠂ ᠭᠠᠴᠠᠭᠠᠨ ᠤ ︽ ᠬᠤᠶᠠᠷ ᠪᠠᠭ︾ ᠤᠨ ᠣᠳᠣᠷᠢᠳᠬᠤ ᠪᠠᠭ ᠣᠨᠴᠠᠭᠠᠶᠢᠯᠠᠨ ᠳᠠᠭᠠᠭᠤᠯᠣᠭᠴᠢ ᠶᠢ | ᠰᠢᠯᠢᠳᠡᠭ ᠶᠢ ᠰᠤᠩᠭᠤᠨ᠎ᠠ᠃ ᠤᠳᠤ ᠶᠢᠨ ᠨᠠᠮ ᠤᠨ ᠭᠡᠰᠢᠬᠦᠨ ᠭᠠᠴᠠᠭᠠᠨ ᠤ ᠺᠠᠳ᠋ᠷ ᠤᠨ ᠲᠤᠳᠤᠷ᠎ᠡ ᠠᠴᠠ ᠰᠢᠯᠢᠳᠡᠭ ᠢ ᠨᠢ | ᠰᠤᠩᠭᠤᠨ ᠦᠯᠡᠳᠡᠬᠡᠬᠦ ᠶᠢ ᠴᠢᠬᠤᠯᠠᠴᠢᠯᠠᠨ᠎ᠠ︔ ᠪᠡᠯᠡᠳᠬᠡᠯ ᠺᠠᠳ᠋ᠷ᠂ ᠨᠠᠮ ᠤᠨ ᠭᠡᠰᠢᠬᠦᠨ ᠭᠤᠣᠯᠳᠠᠯᠭᠠᠲᠦ ᠡᠷᠦᠬᠡ᠂ | ᠳᠣᠣᠷᠴᠢᠯᠠᠯᠲᠠ ᠶᠢᠨ ᠭᠡᠰᠢᠬᠦᠨ᠂ ᠭᠠᠴᠠᠭᠠᠨ ᠤ ᠪᠠᠶᠠᠵᠢᠯ ᠤᠨ ᠴᠢᠳᠠᠪᠣᠷᠢᠲᠠᠨ ᠵᠡᠷᠭᠡ ᠡᠴᠠᠰᠤᠩᠭᠤᠨ ᠲᠡᠭᠦᠯᠳᠡᠷᠵᠢᠭᠦᠯᠭᠦ ᠶᠢ | ᠴᠢᠬᠤᠯᠠᠴᠢᠯᠠᠨ᠎ᠠ︔ ᠰᠣᠩᠭᠤᠨ ᠲᠤᠬᠢᠷᠠᠭᠤᠯᠤᠬᠰᠠᠨ ᠰᠣᠷᠣᠭᠴᠢ᠂ ᠴᠡᠷᠢᠭ ᠠᠴᠠ ᠬᠠᠯᠠᠭᠳᠠᠭᠰᠠᠳ ᠂ ᠭᠠᠴᠭᠠᠨ ᠤ ᠡᠮᠴᠢ᠂ | ᠠᠷᠠᠳ ᠤᠨ ᠶᠠᠪᠣᠳᠠᠯ ᠤᠨ ᠰᠠᠶᠢᠨ ᠲᠤᠷᠠᠴᠤᠤᠯ᠂ ᠮᠠᠯᠴᠢᠳ ᠤᠨ ᠬᠤᠷᠰᠢᠵᠢᠶᠠᠯ ᠤᠨ ᠬᠠᠷᠢᠭᠤᠴᠠᠯᠭᠠᠲᠠᠨ ᠵᠡᠷᠭᠡ ᠬᠦᠮᠤᠰ | ᠠᠴᠠ ᠤᠨᠤᠪᠴᠢᠳᠠᠢ ᠰᠤᠩᠭᠤᠨ ᠲᠡᠪᠰᠢᠭᠦᠯᠭᠦ ᠶᠢ ᠴᠢᠬᠤᠯᠠᠴᠢᠯᠠᠨ᠎ᠠ︔ ᠭᠠᠳᠠᠭᠰᠢ ᠭᠠᠷᠴᠦ ᠠᠵᠢᠯᠯᠠᠵᠤ ᠠᠷᠠᠯᠵᠢᠶ᠎ᠡ ᠡᠷᠬᠢᠯᠡᠨ | ᠨᠣᠲᠤᠭ ᠳᠠᠭᠠᠨ ᠪᠣᠴᠠᠭᠰᠠᠨ ᠬᠦᠮᠤᠰ᠂ ᠲᠣᠰ ᠨᠣᠲᠤᠭ ᠤᠨ ᠤᠶᠤᠳᠠᠨ ᠢ ᠬᠦᠮᠤᠵᠢᠭᠦᠯᠤᠨ ᠬᠡᠷᠡᠭᠯᠡᠬᠦ ᠶᠢ ᠴᠢᠬᠤᠯᠠᠴᠢᠯᠠᠨ᠎ᠠ︔ | ᠠᠯᠪᠠᠨ ᠪᠠᠶᠢᠭᠤᠯᠭ᠎ᠠ ᠶᠢᠨ ᠭᠤᠤᠯ ᠠᠵᠢᠯ ᠠᠴᠠ ᠰᠠᠯᠵᠤ ᠬᠤᠶᠠᠳᠤᠭᠠᠷ ᠹᠠᠷᠤᠨᠲ ᠳᠤ ᠪᠠᠶᠢᠬᠤ ᠲᠣᠰ ᠭᠠᠴᠠᠭᠠᠨ ᠤ ᠠᠯᠪᠠᠨ | ᠠᠵᠢᠯᠳᠠᠨᠡᠴᠠ ᠤᠷᠢᠨ ᠵᠠᠯᠠᠬᠤ ᠶᠢ ᠴᠢᠬᠤᠯᠠᠴᠢᠯᠠᠨ᠎ᠠ︔ ᠶᠠᠳᠠᠭᠤ ᠠᠴᠠ ᠠᠩᠭᠢᠵᠢᠷᠠᠭᠤᠯᠣᠨ ᠪᠣᠭᠤᠮᠲᠠ ᠰᠢᠪᠳᠣᠯᠬᠤ᠂ ᠬᠠᠷ᠎ᠠ | ᠪᠥᠯᠥᠭᠲᠡᠨ ᠬᠠᠷᠭᠢᠰ ᠬᠦᠴᠦᠨ ᠢ ᠠᠷᠢᠯᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠯᠣᠰ ᠤᠨ ᠨᠢᠭᠡᠳᠦᠯᠲᠠᠢ | ᠵᠢᠭᠠᠬᠤ ᠮᠠᠲ᠋ᠧᠷᠢᠶᠠᠯ ᠢ ᠳᠥᠯᠬᠢᠨ ᠠᠬᠢᠭᠤᠯᠬᠤ ᠵᠡᠷᠭᠡ ᠴᠢᠬᠤᠯᠠ ᠶᠡᠭᠡ ᠡᠭᠦᠷᠭᠡ ᠶᠢ ᠨᠠᠶᠢᠳᠠᠪᠣᠷᠢᠵᠢᠭᠤᠯᠬᠤ ᠳᠤ ᠳᠣᠪᠣᠶᠢᠮ᠎ᠠ | ᠢᠯᠡᠷᠡᠯ ᠲᠠᠢ ᠬᠥᠮᠥᠰ ᠠᠴᠠ ᠰᠢᠭ᠍ᠰᠢᠵᠤ ᠰᠤᠩᠭᠤᠨ ᠬᠡᠷᠡᠭᠯᠡᠬᠦ ᠶᠢ ᠴᠢᠬᠤᠯᠠᠴᠢᠯᠠᠨ᠎ᠠ᠃ ᠭᠠᠴᠠᠭᠠᠨ ᠳᠤ ᠨᠢ ᠣᠳᠣᠬᠠᠨ ᠳᠠᠭᠠᠨ | ᠨᠠᠮ ᠤᠨ ᠵᠣᠬᠢᠶᠠᠨ ᠪᠠᠶᠢᠭᠤᠯᠣᠯᠲᠠ ᠶᠢᠨ ᠱᠦᠵᠢ ᠳᠤ ᠳᠣᠬᠢᠷᠠᠬᠤ ᠬᠥᠮᠥᠨ ᠥᠭᠡᠢ ᠪᠣᠯ ᠰᠤᠮᠤᠨ ᠤ ᠪᠠᠶᠢᠭᠤᠯᠭ᠎ᠠ ᠶᠢᠨ | ᠰᠢᠯᠢᠳᠡᠭ ᠺᠠᠳ᠋ᠷ ᠠᠴᠠ ᠰᠤᠩᠭᠤᠨ ᠲᠤᠮᠢᠯᠠᠬᠤ ᠪᠣᠶᠣ ᠨᠥᠬᠦᠴᠡᠯ ᠲᠠᠢ ᠪᠣᠯ ᠰᠤᠮᠦ ᠲᠤᠳᠤᠷ᠎ᠠ ᠪᠠᠨ ᠭᠠᠴᠠᠭ᠎ᠠ ᠠᠯᠣᠰᠯᠠᠨ | ᠳᠣᠰᠢᠶᠠᠯ ᠡᠭᠦᠷᠭᠡᠯᠡᠬᠦ ᠶᠢ ᠪᠤᠳᠤᠯᠬᠢᠯᠡᠵᠤ ᠪᠣᠯᠣᠨ᠎ᠠ᠃ | ︵ᠲᠦᠷᠪᠡ︶ ᠵᠢᠱᠢᠭᠳᠡᠭᠰᠡᠳ ᠤᠨ ᠬᠢᠷᠢ ᠬᠡᠮ ᠢ ᠴᠢᠩᠭ᠎ᠠ ᠪᠠᠶᠢᠴᠠᠭᠠᠨ᠎ᠠ᠃ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠣᠯᠲᠠ ᠶᠢᠨ ᠱᠦᠵᠢ ᠨᠢ ᠬᠤᠰᠢᠭᠤ ᠵᠣᠬᠢᠶᠠᠨ ᠪᠠᠶᠢᠭᠤᠯᠬᠤ ᠭᠡᠯᠲᠡᠰ ᠲᠤ ᠳᠠᠩᠰᠠᠯᠠᠭᠤᠯᠬᠤ ᠳᠥᠷᠢᠮ ᠢ ᠪᠦᠬᠦ ᠲᠠᠯ᠎ᠠ | ᠪᠠᠷ ᠨᠠᠶᠢᠳᠠᠪᠣᠷᠢᠵᠢᠭᠤᠯᠵᠦ᠂ ᠬᠤᠰᠢᠭᠤ ᠵᠣᠬᠢᠶᠠᠨ ᠪᠠᠶᠢᠭᠤᠯᠬᠤ ᠭᠡᠯᠲᠡᠰ ᠪᠠ ᠰᠣᠮᠣᠨ ᠤ ᠨᠠᠮ ᠤᠨ ᠬᠤᠷᠢᠶ᠎ᠠ ᠨᠢ ᠭᠠᠴᠠᠭ᠎ᠠ | ᠳᠠᠷᠠᠭᠠᠯᠠᠨ ᠰᠣᠳᠣᠯᠣᠨ ᠮᠠᠭᠠᠳᠯᠠᠵᠦ᠂ ᠲᠤᠷᠤᠭᠰᠢ ᠬᠦᠨᠵᠡᠭᠡᠶᠢᠷᠡᠵᠤ ᠨᠠᠷᠢᠨ ᠬᠢᠨᠠᠮᠠᠭᠠᠢ ᠬᠢᠨᠠᠨ ᠰᠢᠯᠭᠠᠵᠤ᠂ ᠵᠢᠱᠢᠭᠳᠡᠭᠰᠡᠳ | ᠤᠨ ᠣᠯᠣᠰ ᠲᠥᠷᠦ᠂ ᠴᠢᠳᠠᠪᠣᠷᠢ᠂ ᠠᠷᠢᠭᠤᠨ ᠴᠢᠬᠡᠴᠢ ᠪᠠ ᠵᠠᠩ ᠰᠣᠷᠲᠠᠯ ᠤᠨ ᠪᠣᠭᠤᠮᠲᠠ ᠶᠢ ᠴᠢᠩᠭ᠎ᠠ ᠠᠳᠬᠤᠨ᠂ | ᠵᠣᠬᠢᠶᠠᠨ ᠪᠠᠶᠢᠭᠤᠯᠣᠯᠲᠠ ᠶᠢᠨ ᠵᠣᠷᠢᠯᠲᠠ ᠪᠠ ᠣᠯᠠᠨ ᠲᠥᠮᠡᠨ ᠤ ᠰᠠᠨᠠᠭᠠᠴᠢᠯᠠᠭ᠎ᠠ ᠲᠠᠢ ᠨᠢᠭᠡᠳᠬᠡᠬᠦ ᠶᠢ ᠥᠨᠡᠨᠬᠦ ᠪᠠᠳᠣᠯᠠᠬᠤ | ᠬᠡᠷᠡᠭᠲᠠᠢ᠃ ᠭᠠᠴᠠᠭᠠᠨ ᠤ ︽ᠬᠤᠶᠠᠷ ᠪᠠᠭ︾ ᠤᠨ ᠭᠡᠰᠢᠬᠦᠨ᠂ ᠬᠢᠨᠠᠯᠲᠠ ᠳᠠᠯᠪᠢᠬᠤ ᠵᠥᠪᠯᠡᠯ ᠤᠨ ᠭᠡᠰᠢᠬᠦᠨ ᠪᠠ | ᠰᠣᠩᠭᠤᠭᠤᠯᠢ ᠶᠢᠨ ᠵᠥᠪᠯᠡᠯ ᠤᠨ ᠭᠡᠰᠢᠬᠦᠨ ᠤ ᠣᠶᠢᠷ᠎ᠠ ᠲᠥᠷᠥᠯ ᠠᠴᠠ ᠵᠠᠶᠢᠯᠠᠰᠬᠢᠬᠦ ᠲᠦᠷᠢᠮ ᠢ ᠬᠡᠷᠡᠭᠵᠢᠬᠦᠯᠦᠨ᠎ᠡ᠃ | ︵ᠲᠠᠪᠤ︶ ︽ᠨᠢᠭᠡ ᠬᠥᠮᠥᠨ ᠬᠤᠶᠠᠷ ᠲᠤᠰᠢᠶᠠᠯ ᠬᠠᠷᠢᠭᠤᠴᠠᠬᠤ︾ ᠶᠢ ᠢᠳᠡᠪᠬᠢᠲᠠᠢ ᠯᠠᠪᠳᠠᠭᠤᠨ ᠪᠠᠳᠣᠲᠠᠢ | ᠬᠡᠷᠡᠭᠵᠢᠬᠦᠯᠦᠨ᠎ᠡ᠃ ᠳᠣᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠬᠢᠷᠠᠭᠤᠯᠣᠨ᠂ ᠭᠠᠴᠠᠭᠠᠨ ᠤ ᠨᠠᠮ ᠤᠨ ᠵᠤᠬᠢᠶᠠᠨ | ᠪᠠᠶᠢᠭᠤᠯᠣᠯᠲᠠ ᠶᠢᠨ ᠱᠦᠵᠢ ᠨᠢ ᠬᠠᠣᠯᠢ ᠳᠥᠷᠢᠮ ᠤᠨ ᠠᠯᠬᠤᠮ ᠳᠠᠷᠠᠭ᠎ᠠ ᠪᠠᠷ ᠭᠠᠴᠠᠭᠠᠨ ᠲᠠᠷᠤᠭ᠎ᠠ ᠶᠢᠨ ᠳᠣᠰᠢᠶᠠᠯ ᠢ | ᠡᠭᠦᠷᠭᠡᠯᠡᠬᠦ ᠶᠢ ᠪᠦᠬᠦ ᠬᠦᠴᠦᠨ ᠪᠠᠷ ᠳᠥᠯᠬᠢᠨ ᠠᠬᠢᠭᠤᠯᠬᠤ ᠬᠡᠷᠡᠭᠲᠠᠢ᠃ ᠲᠣᠰ ᠭᠠᠴᠠᠭᠠᠨ ᠳᠤ ᠨᠢ ᠤᠳᠤᠬᠠᠨ ᠳᠠᠭᠠᠨ | ᠳᠣᠬᠢᠷᠠᠮᠵᠢᠲᠠᠢ ᠬᠥᠮᠥᠨ ᠪᠠᠶᠢᠬᠤ ᠥᠭᠡᠢ᠂ ᠺᠠᠳ᠋ᠷ ᠪᠠᠭᠤᠯᠭᠠᠨ ᠭᠠᠴᠠᠭᠠᠨ ᠤ ᠨᠠᠮ ᠤᠨ ᠵᠣᠬᠢᠶᠠᠨ ᠪᠠᠶᠢᠭᠤᠯᠣᠯᠲᠠ ᠶᠢᠨ ᠱᠦᠵᠢ | ᠪᠠᠷ ᠲᠤᠮᠢᠯᠠᠭᠰᠠᠨ ᠪᠤᠯ᠂ ᠡᠩ ᠤᠨ ᠪᠠᠶᠢᠳᠠᠯ ᠳᠤ ︽ᠨᠢᠭᠡ ᠬᠥᠮᠥᠨ ᠬᠤᠶᠠᠷ ᠲᠤᠰᠢᠶᠠᠯ ᠬᠠᠷᠢᠭᠤᠴᠠᠬᠤ︾ ᠶᠢ ᠬᠡᠷᠡᠭᠵᠢᠬᠦᠯᠬᠦ | ᠥᠭᠡᠢ᠃ ᠰᠤᠮᠤᠨ ᠤ ᠨᠠᠮ ᠤᠨ ᠬᠤᠷᠢᠶ᠎ᠡ ᠪᠠ ᠲᠣᠮᠢᠯᠠᠭᠰᠠᠨ ᠺᠠᠳ᠋ᠷ ᠨᠢ ᠲᠣᠰ ᠭᠠᠴᠠᠭᠠᠨ ᠳᠤ ᠳᠣᠬᠢᠷᠠᠮᠵᠢᠲᠠᠢ ᠨᠠᠮ ᠤᠨ | ᠵᠣᠬᠢᠶᠠᠨ ᠪᠠᠶᠢᠭᠤᠯᠣᠯᠲᠠ ᠶᠢᠨ ᠱᠦᠵᠢ ᠪᠣᠯᠬᠤ ᠬᠥᠮᠥᠨ ᠢ ᠬᠠᠪᠰᠣᠷᠣᠨ ᠬᠦᠮᠤᠵᠢᠭᠦᠯᠤᠨᠠ᠃ | ︵ᠵᠢᠷᠭᠤᠭ᠎ᠠ︶ ︽ ᠬᠤᠷᠠᠷ ᠪᠠᠭ︾ ᠤᠨ ᠪᠦᠷᠢᠯᠲᠦᠬᠦᠨ ᠤ ᠪᠥᠳᠥᠴᠡ ᠶᠢ ᠬᠦᠴᠦᠯᠡᠨ ᠰᠢᠯᠢᠳᠡᠭᠵᠢᠬᠦᠯᠦᠨ᠎ᠡ᠃ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠣᠯᠲᠠ ᠶᠢᠨ ᠱᠦᠵᠢ ᠨᠢ ᠡᠩ ᠤᠨ ᠪᠠᠶᠢᠳᠠᠯ ᠲᠣᠣᠷ᠎ᠠ ᠨᠠᠮ ᠤᠨ ᠠᠮᠢ ᠨᠠᠰᠤ ᠨᠢ | ᠨᠢᠭᠡ ᠵᠢᠯ ᠪᠤᠯᠤᠭᠰᠠᠨ ᠪᠠᠶᠢᠬᠤ ᠬᠡᠷᠡᠭᠲᠠᠢ᠂ ᠭᠠᠴᠠᠭᠠᠨ ᠤ ︽ᠡᠬᠦᠷ ᠵᠥᠪᠯᠡᠯ︾ ᠤᠨ ᠪᠥᠷᠢᠯᠳᠦᠬᠦᠨ ᠤ ᠰᠤᠯᠪᠢᠴᠢᠯᠠᠨ | ᠳᠣᠰᠢᠶᠠᠯ ᠡᠭᠦᠷᠭᠡᠯᠡᠬᠦ ᠶᠢ ᠳᠥᠯᠬᠢᠨ ᠠᠬᠢᠭᠤᠯᠵᠤ᠂ ᠭᠠᠴᠠᠭᠠᠨ ᠤ ᠵᠥᠪᠯᠡᠯ ᠤᠨ ᠪᠥᠷᠢᠯᠳᠦᠬᠦᠨ ᠤ ᠳᠣᠲᠣᠷᠠᠬᠢ ᠨᠠᠮ ᠤᠨ | ᠭᠡᠰᠢᠬᠦᠨ ᠤ ᠬᠠᠷᠢᠴᠠᠯ ᠶᠢ 50% ᠠᠴᠠ ᠲᠡᠭᠡᠭᠰᠢ ᠪᠠᠶᠢᠯᠭᠠᠬᠤ ᠶᠢ ᠪᠠᠲᠤᠯᠠᠵᠤ ᠬᠠᠷᠢᠴᠠᠯ ᠢ ᠳᠡᠭᠡᠷ᠎ᠡ ᠨᠢᠭᠡ | ᠬᠤᠭᠤᠴᠠᠭᠠᠨ ᠠᠴᠠ ᠦᠨᠳᠦᠷ ᠪᠤᠯᠭᠠᠨ᠎ᠠ᠃ ᠰᠤᠶᠤᠯ ᠤᠨ ᠬᠡᠮᠵᠢᠶ᠎ᠡ ᠶᠢ ᠰᠢᠯᠢᠭᠳᠡᠭᠵᠢᠬᠦᠯᠦᠨ ᠰᠢᠨ᠎ᠡ ᠪᠠᠷ ᠰᠤᠩᠭᠤᠭᠳᠠᠬᠤ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠣᠯᠲᠠ ᠶᠢᠨ ᠱᠦᠵᠢ ᠨᠢ ᠡᠩ ᠪᠠᠶᠢᠳᠠᠯ ᠳᠤ ᠳᠡᠭᠡᠳᠦ ᠵᠡᠷᠭᠡ ᠶᠢᠨ ᠳᠣᠰᠬᠠᠢ | ᠮᠡᠷᠭᠡᠵᠢᠯ ︵ᠰᠤᠷᠤᠯᠴᠠᠵᠤ ᠪᠠᠶᠢᠭ᠎ᠠ︶ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠠ ᠲᠠᠢ ᠪᠠᠶᠢᠬᠤ ᠬᠡᠷᠡᠭᠲᠠᠢ | ᠃ ᠭᠠᠴᠠᠭᠠᠨ ᠤ ︽ᠬᠤᠶᠠᠷ ᠪᠠᠭ︾ ᠤᠨ ᠭᠡᠰᠢᠬᠦᠨ ᠤ ᠲᠤᠳᠤᠷ᠎ᠡ ᠳᠡᠭᠡᠳᠦ ᠵᠡᠷᠭᠡ ᠶᠢᠨ ᠳᠣᠰᠬᠠᠢ ᠮᠡᠷᠭᠡᠵᠢᠯ ᠵᠢᠴᠢ ᠲᠡᠭᠦᠨ | ᠠᠴᠠ ᠳᠡᠭᠡᠰᠢᠬᠢ ᠰᠣᠶᠣᠯ ᠤᠨ ᠬᠡᠮᠵᠢᠶ᠎ᠠ ᠶᠢᠨ ᠨᠣᠷᠮ᠎ᠠ ᠶᠢ ᠳᠡᠭᠡᠷ᠎ᠡ ᠬᠤᠭᠤᠴᠠᠭᠠᠨ ᠤ ᠬᠢ ᠠᠴᠠ ᠥᠨᠳᠦᠷ ᠪᠠᠶᠢᠯᠭᠠᠬᠤ | ᠬᠡᠷᠡᠭᠲᠠᠢ᠃ ᠨᠠᠰᠣᠨ ᠤ ᠪᠥᠳᠥᠴᠡ ᠶᠢ ᠰᠢᠯᠢᠳᠡᠭᠵᠢᠬᠦᠯᠵᠦ᠂ ᠰᠢᠨ᠎ᠡ ᠪᠠᠷ ᠰᠣᠩᠭᠤᠨ ᠲᠣᠮᠢᠯᠠᠭᠰᠠᠨ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠣᠯᠲᠠ ᠶᠢᠨ ᠱᠦᠵᠢ ᠨᠢ ᠶᠡᠷᠦᠳᠡᠭᠡᠨ ᠪᠦᠬᠦᠯᠢ 55 ᠨᠠᠰᠣᠨ ᠠᠴᠠ ᠳᠣᠷᠣᠭᠰᠢ ᠪᠠᠶᠢᠵᠦ᠂ ᠵᠠᠷᠴᠢᠮ | ᠳᠡᠭᠡᠷ᠎ᠡ ᠪᠠᠨ ᠭᠠᠴᠠᠭᠠᠨ ᠪᠦᠷᠢ ᠶᠢᠨ ︽ ᠬᠤᠶᠠᠷ ᠪᠠᠭ︾ ᠤᠨ ᠬᠡᠰᠢᠭᠦᠨ ᠤ ᠳᠣᠲᠣᠷ᠎ᠠ 35 ᠨᠠᠰᠣᠨ ᠠᠴᠠ ᠳᠣᠷᠣᠭᠰᠢᠬᠢ | ᠵᠠᠯᠠᠭᠤ ᠺᠠᠳ᠋ᠷ 1 ᠨᠡᠷ᠎ᠡ ᠪᠠᠶᠢᠵᠦ᠂ ︽ ᠨᠢᠬᠡ ᠭᠠᠴᠠᠭᠠᠨ ᠤ ᠡᠭᠦᠷ ᠵᠦᠪᠯᠡᠯ ᠳᠤ ᠨᠢᠭᠡ ᠨᠠᠷᠠᠤᠶᠤᠳᠠᠨ︾ ᠬᠦᠮᠦᠵᠢᠬᠦᠯᠬᠦ | ᠲᠦᠰᠦᠪ ᠤᠨ ᠲᠤᠳᠤᠷᠡᠬᠢ ᠬᠦᠮᠤᠰ ᠠᠴᠠ ᠵᠠᠯᠠᠭᠤ ᠺᠠᠳ᠋ᠷ ᠢ ᠰᠣᠩᠭᠤᠨ ᠳᠡᠪᠰᠢᠬᠦᠯᠬᠦ ᠶᠢ ᠴᠢᠬᠤᠯᠠᠴᠢᠯᠠᠬᠤ ᠬᠡᠷᠡᠭᠲᠠᠢ᠃ 60 | ᠨᠠᠰᠣ ᠭᠡᠲᠦᠷᠡᠭᠰᠡᠨ ᠭᠠᠴᠠᠭᠠᠨ ᠤ ᠰᠢᠯᠢᠳᠡᠭ ᠨᠠᠮ ᠤᠨ ᠵᠣᠬᠢᠶᠠᠨ ᠪᠠᠶᠢᠭᠤᠯᠣᠯᠲᠠ ᠶᠢᠨ ᠱᠦᠵᠢ ᠨᠢ ᠥᠷᠭᠦᠯᠵᠢᠯᠡᠨ | ᠳᠣᠰᠢᠶᠠᠯ ᠡᠭᠦᠷᠭᠡᠯᠡᠵᠦ ᠪᠣᠯᠣᠨ᠎ᠠ᠃ ᠴᠢᠨᠠᠷ ᠤᠨ ᠢᠯᠭᠠᠯ ᠤᠨ ᠪᠥᠳᠦᠴᠡ ᠶᠢ ᠰᠢᠯᠢᠳᠡᠭᠵᠢᠬᠦᠯᠵᠦ᠂ ︽ᠳᠣᠰᠬᠠᠢ ᠳᠣᠰᠢᠶᠠᠯ | ᠳᠤ ᠳᠣᠰᠬᠠᠢ ᠬᠦᠮᠤᠨ ᠢ ᠰᠤᠩᠭᠤᠬᠤ︾ ᠶᠢ ᠪᠠᠷᠢᠮᠲᠠᠯᠠᠨ᠂ ᠭᠠᠴᠠᠭ᠎ᠠ ᠨᠢᠭᠡᠪᠦᠷᠢ ︽ᠬᠤᠶᠠᠷ ᠪᠠᠭ︾ ᠤᠨ ᠪᠦᠷᠢᠯᠲᠦᠬᠦᠨ | ᠳᠣᠲᠣᠷ᠎ᠠ ᠠᠳᠠᠭ ᠳᠠᠭᠠᠨ 1 ᠨᠠᠷᠠ ᠡᠮᠡᠭᠲᠠᠢ ᠭᠡᠰᠢᠬᠦᠨ ᠪᠠᠶᠢᠬᠤ ᠶᠢ ᠪᠠᠳᠣᠯᠠᠬᠤ ᠬᠡᠷᠡᠭᠲᠠᠢ᠃ ᠰᠢᠨ᠎ᠡ ᠨᠢᠭᠡ ᠬᠤᠭᠤᠴᠠᠭᠠᠨ ᠤ | ︽ᠬᠤᠶᠠᠷ ᠪᠠᠭ︾ ᠤᠨ ᠪᠦᠷᠢᠯᠲᠦᠬᠦᠨ ᠳᠣᠲᠣᠷ᠎ᠠ ᠠᠴᠠ ᠡᠪᠯᠡᠯ ᠤᠨ ᠡᠭᠦᠷ ᠤᠨ ᠱᠦᠵᠢ᠂ ᠡᠮᠡᠭᠲᠠᠶᠢᠴᠣᠳ ᠤᠨ | ᠬᠤᠯᠪᠣᠭᠠᠲᠦ ᠬᠤᠷᠠᠯ ᠤᠨ ᠲᠡᠷᠢᠬᠦᠯᠡᠭᠴᠢ ᠪᠠᠶᠢᠬᠤ ᠶᠢ ᠰᠤᠩᠭᠤᠨ ᠭᠠᠷᠭᠠᠬᠤ ᠶᠢ ᠴᠢᠬᠤᠯᠠᠴᠢᠯᠠᠨ᠎ᠠ᠃ | ︵ᠳᠣᠯᠤᠭ᠎ᠠ︶ ︽ᠳᠦᠷᠪᠡᠨ ᠱᠠᠳᠣ ᠬᠠᠮᠳᠣᠷᠠᠨ ᠭᠠᠷ ᠤᠨ ᠥᠰᠥᠭ ᠵᠢᠷᠣᠬᠤ︾ ᠳᠥᠷᠢᠮ ᠢ ᠬᠡᠷᠡᠭᠵᠢᠭᠦᠯᠦᠨ᠎ᠡ᠃ | ᠰᠣᠩᠭᠤᠭᠤᠯᠢ ᠶᠢᠨ ᠪᠡᠯᠡᠳᠬᠡᠯ ᠠᠵᠢᠯ ᠢ ᠰᠠᠶᠢᠳᠣᠷ ᠪᠡᠯᠡᠳᠭᠡᠭᠰᠡᠨ ᠭᠠᠴᠠᠭᠠᠨ ᠤ ᠨᠠᠮ ᠤᠨ ᠵᠣᠬᠢᠶᠠᠨ ᠪᠠᠶᠢᠭᠤᠯᠣᠯᠲᠠ ᠪᠣᠯᠣᠨ | ᠭᠠᠴᠠᠭᠠᠨ ᠵᠥᠪᠯᠡᠯ ᠤᠨ ᠰᠣᠩᠭᠤᠭᠤᠯᠢ ᠶᠢᠨ ᠶᠡᠭᠡ ᠬᠤᠷᠠᠯ ᠬᠤᠷᠠᠯᠳᠣᠬᠤ ᠠᠴᠠ ᠡᠮᠦᠨ᠎ᠡ ᠳᠦᠷᠪᠡᠨ ᠱᠠᠳᠦ ᠬᠠᠮᠳᠣᠷᠠᠨ ᠭᠠᠷ | ᠤᠨ ᠥᠰᠥᠭ ᠵᠢᠷᠣᠬᠤ ᠳᠥᠷᠢᠮ ᠢ ᠬᠡᠷᠡᠭᠵᠢᠬᠦᠯᠵᠦ᠂ ᠰᠤᠮᠤᠨ ᠤ ᠨᠠᠮ ᠤᠨ ᠬᠤᠷᠢᠶᠠᠨ ᠤ ᠱᠦᠵᠢ᠂ ᠭᠠᠴᠠᠭ᠎ᠠ ᠲᠠᠢ | ᠬᠠᠷᠢᠴᠠᠵᠦ ᠪᠠᠶᠢᠭ᠎ᠠ ᠭᠠᠵᠠᠷ ᠤᠨ ᠳᠡᠰ ᠤᠨ ᠣᠳᠣᠷᠢᠳᠣᠯᠭ᠎ᠠ ᠺᠠᠳ᠋ᠷ᠂ ᠬᠤᠰᠢᠭᠤ ᠬᠤᠭᠤᠴᠠᠭ᠎ᠠ ᠰᠣᠯᠢᠬᠤ ᠰᠤᠩᠭᠤᠭᠤᠯᠢ ᠶᠢᠨ | ᠠᠯᠪᠠᠨ ᠭᠡᠷ ᠤᠨ ᠡᠷᠬᠢᠯᠡᠭᠴᠢ᠂ ᠱᠠᠭᠠᠷᠳᠠᠨ ᠵᠢᠯᠣᠭᠤᠳᠬᠤ ᠳᠣᠭᠤᠶᠢᠯᠠᠩ ᠤᠨ ᠳᠠᠷᠤᠭ᠎ᠠ ᠬᠤᠯᠪᠤᠭᠠᠯᠠᠨ ᠬᠢᠨᠠᠵᠤ ᠭᠠᠷ ᠤᠨ | ᠥᠰᠦᠭ ᠵᠢᠷᠣᠪᠠᠯ ᠰᠠᠶ᠋ᠢ ᠰᠣᠩᠭᠤᠭᠤᠯᠢ ᠬᠢᠵᠤ ᠪᠤᠯᠤᠨ᠎ᠠ᠃ | ︵ᠨᠠᠢᠮᠠ︶ ᠪᠦᠬᠦ ᠶᠠᠪᠣᠴᠠ ᠳᠤ ᠬᠢᠨᠠᠯᠲᠠ ᠲᠠᠯᠪᠢᠵᠦ ᠨᠣᠲᠠᠯᠠᠬᠤ ᠳᠥᠷᠢᠮ ᠢ ᠬᠡᠷᠡᠭᠵᠢᠬᠦᠯᠦᠨ᠎ᠡ᠃ ᠬᠤᠭᠤᠴᠠᠭ᠎ᠠ | ᠰᠣᠯᠢᠬᠤ ᠰᠤᠩᠭᠤᠭᠤᠯᠢ ᠶᠢᠨ ᠠᠵᠢᠯ ᠤᠨ ᠠᠵᠢᠯᠲᠠᠨ᠂ ︽ ᠬᠤᠶᠠᠷ ᠪᠠᠭ︾ ᠤᠨ ᠭᠡᠰᠢᠬᠦᠨ᠂ ᠨᠠᠮ ᠤᠨ ᠭᠡᠰᠢᠬᠦᠳ᠂ | ᠰᠣᠩᠭᠤᠭᠤᠯᠢ ᠳᠤ ᠣᠷᠣᠯᠴᠠᠭᠰᠠᠳ ᠵᠡᠷᠭᠡ ᠶᠢ ᠵᠤᠬᠢᠶᠠᠨ ᠪᠠᠶᠢᠭᠤᠯᠵᠤ ᠬᠤᠭᠤᠴᠠᠭ᠎ᠠ ᠰᠣᠯᠢᠬᠤ ᠰᠠᠬᠢᠯᠭ᠎ᠠ ᠪᠠᠲᠦ ᠶᠢᠨ | ᠠᠮᠯᠠᠯᠲᠠ ᠬᠢᠵᠦ᠂ ᠨᠠᠮ ᠤᠨ ᠬᠡᠰᠢᠬᠦᠨ ᠢ ᠳᠠᠶᠢᠴᠢᠯᠠᠬᠤ᠂ ᠰᠣᠩᠭᠤᠭᠤᠯᠢ ᠠᠷᠠᠳ ᠢ ᠲᠠᠩᠰᠠᠯᠠᠬᠤ᠂ ᠵᠢᠱᠢᠭᠳᠡᠭᠰᠡᠳ ᠤᠨ | ᠰᠣᠩᠭᠤᠭᠤᠯᠢ ᠳᠤ ᠣᠷᠣᠯᠴᠠᠬᠤ ᠬᠢᠷᠢ ᠬᠡᠮ ᠢ ᠬᠢᠨᠠᠨ ᠪᠠᠶᠢᠴᠠᠭᠠᠬᠤ᠂ ᠰᠣᠩᠭᠤᠭᠤᠯᠢ ᠶᠢᠨ ᠲᠡᠰ ᠳᠠᠷᠠᠭᠠᠯᠠᠯ᠂ ᠰᠣᠩᠭᠤᠭᠤᠯᠢ | ᠶᠢᠨ ᠥᠷ᠎ᠡ ᠳ᠋ᠦᠩ ᠵᠡᠷᠭᠡ ᠴᠢᠬᠤᠯᠠ ᠭᠤᠭᠴᠤᠭ᠎ᠠ ᠪᠣᠯᠣᠨ ᠵᠠᠩᠭᠢᠯᠭ᠎ᠠ ᠶᠢᠨ ᠭᠤᠭᠴᠤᠭ᠎ᠠ ᠳᠤ ᠪᠦᠬᠦ ᠲᠠᠯ᠎ᠠ ᠶᠢᠨ ᠬᠢᠨᠡᠨᠯᠲᠠ | ᠲᠠᠯᠪᠢᠵᠦ᠂ ᠭᠤᠭᠴᠤᠭ᠎ᠠ ᠪᠦᠷᠢ ᠶᠢᠨ ᠠᠵᠢᠯ ᠤᠨ ᠪᠣᠳᠠᠲᠦ ᠪᠠᠶᠢᠳᠠᠯ ᠢ ᠳᠡᠮᠳᠡᠭᠯᠡᠯ ᠬᠢᠵᠦ ᠭᠠᠷ ᠤᠨ ᠥᠰᠥᠭ ᠵᠢᠷᠣᠵᠦ | ᠨᠣᠲᠠᠯᠠᠨ᠎ᠠ᠃ | ᠭᠤᠷᠪᠠ᠂ ᠠᠵᠢᠯ ᠤᠨ ᠠᠯᠬᠤᠮ ᠳᠠᠷᠠᠭ᠎ᠠ ᠵᠢᠴᠢ ᠭᠤᠤᠯᠳᠠᠯᠭ᠎ᠠ ᠲᠠᠢ ᠡᠭᠦᠷᠭᠡ | ᠪᠦᠬᠦ ᠠᠶᠢᠮᠠᠭ᠂ ᠪᠦᠬᠦ ᠬᠤᠰᠢᠭᠤᠨ ᠤ ᠭᠠᠴᠠᠭᠠᠨ ᠤ《 ᠬᠤᠶᠠᠷ ᠪᠠᠭ 》 ᠤᠨ ᠬᠤᠭᠤᠴᠠᠭ᠎ᠠ ᠰᠣᠯᠢᠬᠤ ᠠᠵᠢᠯ ᠤᠨ | ᠬᠤᠷᠠᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠰᠤᠮᠤᠨ ᠤ ᠭᠠᠴᠠᠭᠠᠨ ᠤ ︽ ᠬᠤᠶᠠᠷ ᠪᠠᠭ︾ | ᠤᠨ ᠬᠤᠭᠤᠴᠠᠭ᠎ᠠ ᠰᠣᠯᠢᠬᠤ ᠠᠵᠢᠯ ᠢ ᠶᠡᠷᠦᠩᠬᠡᠢ ᠳᠡᠭᠡᠨ ᠪᠡᠯᠡᠳᠬᠡᠯ ᠱᠠᠲᠤ᠂ ᠬᠡᠷᠡᠭᠵᠢᠭᠦᠯᠬᠦ ᠱᠠᠲᠤ᠂ ᠳ᠋ᠦᠩᠨᠡᠯᠳᠡ ᠶᠢᠨ | ᠱᠠᠲᠤ ᠵᠡᠷᠭᠡ 3 ᠱᠠᠲᠤ ᠬᠤᠪᠢᠶᠠᠨ ᠶᠠᠪᠤᠭᠳᠠᠭᠤᠯᠤᠨ᠎ᠠ᠃ | ︵ᠨᠢᠭᠡ︶ ᠪᠡᠯᠡᠳᠬᠡᠯ ᠱᠠᠲᠤ ᠦᠶ᠎ᠡ ︵2020 ᠣᠨ ᠤ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ︶ | ⒈ ᠵᠢᠭᠰᠠᠭᠠᠨ ᠪᠠᠶᠢᠴᠠᠭᠠᠵᠤ ᠴᠡᠭᠴᠡᠯᠡᠬᠦ ᠠᠵᠢᠯ ᠢ ᠰᠠᠶᠢᠲᠤᠷ ᠬᠢᠨ᠎ᠡ᠃ ︽ᠭᠠᠴᠠᠭ᠎ᠠ᠂ ᠨᠡᠶᠢᠭᠡᠮ ᠲᠣᠭᠤᠷᠢᠭ ᠤᠨ ︿ | ᠡᠭᠦᠷ ᠵᠥᠪᠯᠡᠯ﹀ ᠤᠨ ᠬᠤᠭᠤᠴᠠᠭ᠎ᠠ ᠰᠣᠯᠢᠬᠤ ᠰᠣᠩᠭᠤᠭᠤᠯᠢ ᠠᠴᠠ ᠡᠮᠤᠨ᠎ᠡ ᠬᠤᠭᠤᠴᠠᠭᠠᠨ ᠤ ᠲᠤᠰᠬᠠᠶ ᠵᠢᠭᠰᠠᠭᠠᠨ | ᠪᠠᠶᠢᠴᠠᠭᠠᠵᠤ ᠴᠡᠭᠴᠡᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ︵ᠬᠥᠪᠡᠭᠡᠲᠦ ᠨᠠᠮ ᠵᠤᠬᠢᠶᠠᠨ ᠲᠠᠷᠭᠬᠠᠭᠠᠬᠤ | ﹇2020﹈ 44 ᠳ᠋ᠦ᠋ᠭᠡᠷ ᠲᠣᠭᠠᠲᠤ︶ ᠪᠢᠴᠢᠩ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠭᠠᠵᠠᠷ ᠤᠨ ᠲᠡᠰ ᠤᠨ | ᠤᠳᠤᠷᠢᠳᠤᠯᠭ᠎ᠠ ᠲᠤᠰᠬᠠᠶ ᠵᠢᠭᠰᠠᠭᠠᠨ ᠪᠠᠶᠢᠴᠠᠭᠠᠬᠤ ᠠᠵᠢᠯ ᠤᠨ ᠳᠤᠭᠤᠶᠢᠯᠠᠩ ᠳᠠᠭᠠᠭᠤᠯᠵᠦ᠂ 《ᠤᠳᠤᠷᠢᠳᠤᠯᠭ᠎ᠠ | ᠳᠠᠭᠠᠭᠤᠯᠵᠦ᠂ ᠡᠷᠦᠬᠡ ᠦᠯᠡᠳᠡᠭᠡᠯ ᠦᠭᠡᠢ ᠳᠤᠭᠤᠷᠢᠬᠤ》ᠵᠠᠷᠴᠢᠮ ᠶᠣᠰᠣᠭᠠᠷ᠂ ᠭᠠᠴᠠᠭ᠎ᠠ ᠲᠠᠷᠠᠭᠠᠯᠠᠨ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠶᠢ ᠦᠷᠨᠢᠭᠦᠯᠵᠦ᠂《 ᠳᠥᠷᠪᠡᠨ ᠨᠢᠭᠡ︾ ᠠᠵᠢᠯ ᠤᠨ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠦ᠂ ᠲᠣᠷᠣᠢ ᠪᠠᠭᠤᠷᠠᠶ ᠰᠤᠯᠠ ᠵᠠᠳᠠᠭᠠᠶ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠴᠡᠭᠴᠡᠯᠡᠵᠦ᠂ ᠰᠣᠩᠭᠤᠭᠤᠯᠢ ᠶᠢᠨ ᠪᠠᠶᠢᠳᠠᠯ ᠪᠤᠳᠤᠯᠢᠶᠠᠨᠲᠠᠶ ᠭᠠᠴᠠᠭᠠᠨ ᠳᠤ《ᠨᠢᠭᠡ ᠭᠠᠴᠠᠭᠠᠨ ᠳᠤ ᠨᠢᠭᠡ | ᠠᠷᠭᠠᠠᠪᠴᠠᠯ》ᠠᠪᠴᠤ ᠴᠡᠭᠴᠡᠯᠡᠨ ᠵᠠᠰᠠᠵᠤ᠂ ᠴᠡᠭᠴᠡᠯᠡᠬᠦ ᠦᠭᠡᠶ ᠪᠣᠯ ᠬᠤᠭᠤᠴᠠᠭ᠎ᠠ ᠰᠣᠯᠢᠬᠤ ᠦᠭᠡᠶ ᠪᠠᠶᠢᠬᠤ ᠶᠢ | ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠣᠯᠠᠨ ᠲᠦᠮᠡᠨ ᠢ ᠳᠠᠶᠢᠴᠢᠯᠠᠬᠤ ᠶᠢ ᠭᠦᠨᠵᠡᠭᠡᠶ ᠤᠬᠠᠭᠤᠯᠵᠤ᠂ | ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠵᠡᠷᠭᠡ ᠤᠯᠠᠨ ᠵᠦᠢᠯ ᠤᠨ ᠠᠷᠭ᠎ᠠ | ᠬᠡᠯᠪᠡᠷᠢ ᠪᠠᠷ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠤᠬᠠᠭᠤᠯᠤᠨ | ᠲᠠᠶᠢᠯᠪᠤᠷᠢᠯᠠᠬᠤ ᠪᠠᠷ ᠳᠠᠮᠵᠢᠭᠤᠯᠤᠨ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠬᠤᠭᠤᠴᠠᠭ᠎ᠠ ᠰᠣᠯᠢᠬᠤ ᠰᠤᠩᠭᠤᠭᠤᠯᠢ | ᠶᠢᠨ ᠠᠵᠢᠯ ᠳᠤ ᠢᠳᠡᠪᠬᠢᠲᠡᠶ ᠤᠷᠤᠯᠴᠠᠭᠤᠯᠬᠤ ᠶᠢᠨ ᠬᠠᠮᠲᠤ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠵᠢᠷᠤᠮᠯᠠᠬᠤ ᠤᠬᠠᠮᠰᠠᠷ ᠢ ᠨᠢ ᠴᠢᠩᠭᠠᠳᠬᠠᠨ᠎ᠠ᠃ | ⒉ᠲᠤᠰᠢᠶᠠᠯ ᠠᠴᠠ ᠪᠠᠨ ᠰᠠᠯᠬᠤ ᠬᠢᠨᠠᠨ ᠪᠤᠳᠤᠯᠳᠠ ᠵᠢᠨᠠᠵᠢᠯ ᠢ ᠰᠠᠶᠢᠲᠤᠷ ᠬᠢᠨ᠎ᠠ᠃ ᠡᠯ᠎ᠡ ᠭᠠᠴᠠᠭ᠎ᠠ ᠨᠢ ᠡᠮᠦᠨᠡᠬᠢ | ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠲᠠᠢ ᠤᠶᠠᠯᠳᠤᠭᠤᠯᠤᠨ᠂ ︽ᠬᠤᠶᠠᠷ ᠪᠠᠭ ︾ | ᠤᠨ ᠣᠳᠣᠬᠢ ᠪᠠᠶᠢᠳᠠᠯ᠂ ᠣᠯᠠᠨ ᠲᠦᠮᠡᠨ ᠤ ᠦᠵᠡᠯ ᠰᠠᠨᠠᠭᠠᠨ ᠤ ᠪᠠᠶᠢᠳᠠᠯ ᠢ ᠲᠣᠳᠣᠷᠬᠠᠶ ᠣᠶᠢᠯᠠᠭᠠᠵᠤ᠂ ᠬᠤᠭᠤᠴᠠᠭ᠎ᠠ | ᠰᠣᠯᠢᠬᠤ ᠠᠵᠢᠯ ᠢ ᠨᠥᠯᠥᠭᠡᠯᠡᠵᠦ ᠮᠡᠳᠡᠬᠦ ᠵᠥᠷᠢᠴᠡᠯ ᠵᠢᠭᠤᠷᠭᠠᠨ ᠤ ᠠᠰᠠᠭᠤᠳᠠᠯ ᠢ ᠡᠷᠲᠡ ᠠᠴᠠ ᠡᠵᠡᠮᠰᠢᠨ ᠵᠠᠳᠠᠯᠵᠤ᠂ ︽ | ᠲᠠᠬᠢᠨ ᠪᠠᠶᠢᠴᠠᠭᠠᠬᠤ︾ ᠠᠵᠢᠯᠯᠠᠭ᠎ᠠ ᠥᠷᠨᠢᠭᠦᠯᠵᠦ᠂ ︽ᠲᠠᠬᠢᠨ ᠪᠠᠶᠢᠴᠠᠭᠠᠬᠤ︾ ᠳᠤ ᠢᠯᠡᠷᠡᠭᠦᠯᠦᠭᠰᠡᠨ ᠪᠣᠳᠠᠲᠠᠶ | ᠠᠰᠠᠭᠤᠳᠠᠯ ᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠥᠷᠢᠯᠡᠵᠦ᠂ ᠬᠢᠨᠠᠨ ᠪᠣᠳᠣᠬᠤ ᠳᠤᠮᠳᠠ | ᠠᠰᠠᠭᠤᠳᠠᠯ ᠣᠷᠣᠰᠢᠵᠤ ᠪᠠᠶᠢᠭ᠎ᠠ ᠭᠠᠴᠠᠭᠠᠨ ᠤ ᠺᠠᠳ᠋ᠷ ᠢ ᠬᠤᠯᠪᠤᠭᠳᠠᠯ ᠪᠦᠬᠦᠢ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ | ᠵᠢᠷᠤᠮᠯᠠᠨ ᠬᠢᠨᠠᠨ ᠪᠠᠶᠢᠴᠠᠭᠠᠨ᠎ᠠ᠃ | ⒊ᠰᠡᠳᠬᠢᠯ ᠢᠶᠠᠨ ᠤᠶᠢᠯᠭᠠᠯᠴᠠᠬᠤ ᠶᠠᠷᠢᠯᠴᠠᠭ᠎ᠠ ᠦᠷᠨᠢᠭᠦᠯᠤᠨ᠎ᠠ᠃ ᠭᠠᠴᠠᠭᠠᠨ ᠤ ︽ᠬᠤᠶᠠᠷ ᠪᠠᠭ︾ ᠤᠨ | ᠪᠦᠷᠢᠯᠳᠦᠭᠦᠨ ᠲᠠᠢ ᠰᠡᠳᠬᠢᠯ ᠢᠶᠠᠨ ᠤᠶᠢᠯᠠᠭᠠᠯᠴᠠᠬᠤ ᠶᠠᠷᠢᠯᠴᠠᠭ᠎ᠠ ᠦᠷᠨᠢᠭᠦᠯᠤᠨ᠂ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠪᠣᠯᠤᠨ ᠭᠠᠴᠠᠭᠠᠨ ᠳᠠᠷᠤᠭ᠎ᠠ ᠲᠠᠢ ᠰᠤᠮᠤᠨ ᠤ ᠨᠠᠮ ᠤᠨ ᠬᠤᠷᠢᠶᠠᠨ ᠤ ᠱᠦᠵᠢ ᠪᠣᠯᠤᠨ | ᠵᠣᠬᠢᠶᠠᠨ ᠪᠠᠶᠢᠭᠤᠯᠬᠤ ᠬᠡᠰᠢᠭᠦᠨ ᠬᠠᠮᠲᠤ ᠪᠠᠷ ᠶᠠᠷᠢᠯᠴᠠᠵᠤ᠂ ᠪᠤᠰᠤᠳ ᠬᠡᠰᠢᠭᠦᠳ ᠲᠠᠢ ᠰᠤᠮᠤᠨ ᠤ ᠨᠠᠮ ᠤᠨ ᠬᠤᠷᠢᠶᠠᠨ ᠤ | ᠪᠤᠰᠤᠳ ᠬᠡᠰᠢᠭᠦᠳ ᠶᠠᠷᠢᠯᠴᠠᠵᠤ ᠦᠵᠡᠯ ᠰᠠᠨᠠᠭᠠᠨ ᠤ ᠠᠵᠢᠯ ᠢ ᠭᠦᠨᠵᠡᠭᠡᠶ ᠨᠠᠷᠢᠨ ᠨᠢᠮᠪᠠᠶ ᠬᠢᠵᠦ᠂ ᠰᠡᠳᠬᠢᠯ ᠢᠶᠠᠨ | ᠤᠶᠢᠯᠭᠠᠯᠴᠠᠭᠰᠠᠨ ᠶᠠᠷᠢᠯᠴᠠᠭᠠᠨ ᠤ ᠲᠡᠮᠳᠡᠭᠯᠡᠯ ᠬᠢᠬᠦ ᠬᠡᠷᠡᠭᠲᠡᠶ᠃ | ⒋ᠳᠠᠶᠢᠴᠢᠯᠠᠨ ᠪᠠᠶᠢᠷᠢᠯᠠᠭᠤᠯᠬᠤ ᠠᠵᠢᠯ ᠢ ᠥᠷᠨᠢᠭᠦᠯᠦᠨ᠎ᠡ᠃ ᠡᠯ᠎ᠡ ᠭᠠᠴᠠᠭ᠎ᠠ ᠨᠢ ᠬᠤᠭᠤᠴᠠᠭ᠎ᠠ ᠰᠤᠯᠢᠬᠤ | ᠰᠤᠩᠭᠤᠭᠤᠯᠢ ᠶᠢᠨ ᠠᠵᠢᠯ ᠤᠨ ᠲᠥᠰᠦᠯ ᠲᠣᠭᠲᠠᠭᠠᠵᠤ᠂ ᠰᠤᠮᠤᠨ ᠳᠤ ᠮᠡᠳᠡᠭᠦᠯᠵᠦ ᠬᠢᠨᠠᠨ ᠬᠠᠷᠭᠤᠭᠤᠯᠵᠤ᠂ ᠳᠠᠶᠢᠴᠢᠯᠠᠨ | ᠪᠠᠶᠢᠷᠢᠯᠠᠭᠤᠯᠬᠤ ᠬᠤᠷᠠᠯ ᠬᠤᠷᠠᠯᠳᠤᠭᠤᠯᠬᠤ ᠬᠡᠷᠡᠭᠲᠡᠶ᠃ ᠰᠤᠮᠤ ᠨᠢ ᠭᠤᠣᠯᠳᠠᠯᠭ᠎ᠠ ᠪᠠᠨ ᠬᠡᠷᠡᠭᠵᠢᠭᠦᠯᠬᠦ ᠳᠡᠰ ᠳᠠᠷᠠᠭᠠᠯᠠᠯ ᠪᠠ | ᠰᠣᠩᠭᠤᠭᠤᠯᠢ ᠶᠢᠨ ᠠᠷᠭ᠎ᠠ ᠶᠢ ᠳᠣᠭᠳᠠᠭᠠᠬᠤ ᠳᠡᠭᠡᠷ᠎ᠡ ᠲᠠᠯᠪᠢᠵᠤ᠂ ᠴᠠᠭ ᠤᠨ ᠱᠠᠭᠠᠷᠳᠠᠯᠭ᠎ᠠ᠂ ᠠᠵᠢᠯ ᠤᠨ ᠳᠡᠰ ᠳᠠᠷᠠᠭᠠᠯᠠᠯ᠂ | ᠲᠤᠰᠢᠶᠠᠯ ᠤᠨ ᠲᠤᠭ᠎ᠠ ᠶᠢᠨ ᠲᠣᠬᠢᠷᠠᠭᠤᠯᠤᠯᠲᠠ᠂ ᠰᠣᠩᠭᠤᠭᠤᠯᠢ ᠶᠢᠨ ᠠᠷᠭ᠎ᠠ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠠ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ | ᠰᠣᠩᠭᠤᠭᠤᠯᠢ ᠶᠢᠨ ᠠᠵᠢᠯ ᠤᠨ ᠲᠥᠰᠦᠯ ᠢ ᠬᠤᠰᠢᠭᠤᠨ ᠤ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠠᠯᠪᠠᠨ | ᠭᠡᠷ ᠲᠤ ᠮᠡᠳᠡᠭᠦᠯᠵᠦ ᠬᠢᠨᠠᠨ ᠪᠠᠳᠣᠯᠠᠭᠤᠯᠤᠭᠰᠠᠨ ᠤ ᠳᠠᠷᠠᠭ᠎ᠠ᠂ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠵᠦ | ᠪᠣᠯᠤᠨ᠎ᠠ᠃ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠭᠠᠴᠠᠭᠠᠨ ᠵᠥᠪᠯᠡᠯ ᠤᠨ ᠰᠣᠩᠭᠤᠭᠤᠯᠢ ᠶᠢᠨ ᠲᠥᠰᠦᠯ᠂ | ᠰᠣᠩᠭᠤᠭᠤᠯᠢ ᠶᠢᠨ ᠠᠷᠭ᠎ᠠ ᠪᠠᠨ ᠭᠠᠴᠠᠭᠠᠨ ᠤ ᠨᠠᠮ ᠤᠨ ᠭᠡᠰᠢᠭᠦᠳ ᠤᠨ ᠶᠡᠭᠡ ᠬᠤᠷᠠᠯ᠂ ᠮᠠᠯᠴᠢᠨ ᠲᠥᠯᠥᠭᠡᠯᠡᠭᠴᠢᠳ ᠤᠨ | ᠶᠡᠭᠡ ᠬᠤᠷᠠᠯ ᠪᠠᠷ ᠪᠠᠲᠤᠯᠠᠭᠰᠠᠨ ᠤ ᠳᠠᠷᠠᠭ᠎ᠠ᠂ ᠰᠤᠮᠤᠨ ᠤ ᠨᠠᠮ ᠤᠨ ᠬᠤᠷᠢᠶᠠᠨ ᠳᠤ ᠮᠡᠳᠡᠭᠦᠯᠦᠨ ᠳᠠᠩᠰᠠᠯᠠᠭᠤᠯᠵᠤ ᠬᠢᠨᠠᠨ | ᠬᠠᠷᠭᠤᠭᠤᠯᠤᠨ᠎ᠠ᠃ ᠡᠯ᠎ᠡ ᠭᠠᠴᠠᠭ᠎ᠠ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠳᠠ ᠶᠢᠨ ᠬᠤᠷᠠᠯ ᠢ 12 ᠰᠠᠷ᠎ᠠ ᠶᠢᠨ | 20 ᠤ ᠡᠳᠦᠷ ᠠᠴᠠ ᠡᠮᠦᠨ᠎ᠡ ᠬᠤᠷᠠᠯᠳᠤᠭᠤᠯᠬᠤ ᠬᠡᠷᠡᠭᠲᠡᠶ᠃ | ⒌ᠭᠤᠤᠯᠯᠠᠭᠴᠢ ᠬᠦᠴᠦᠨ ᠤ ᠪᠣᠯᠪᠠᠰᠤᠷᠠᠯ ᠢ ᠴᠢᠩᠭᠠᠳᠬᠠᠨ᠎ᠠ᠃ ᠱᠠᠲᠤ ᠬᠤᠪᠢᠶᠠᠨ ᠬᠠᠷᠢᠭᠤᠴᠠᠬᠤ᠂ ᠱᠠᠲᠤ | ᠳᠠᠷᠠᠭᠠᠯᠠᠨ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠷ ᠪᠣᠯᠪᠠᠰᠤᠷᠠᠯ ᠬᠦᠮᠦᠵᠢᠯ ᠤᠨ ᠠᠵᠢᠯᠯᠠᠭ᠎ᠠ ᠥᠷᠨᠢᠭᠦᠯᠵᠦ᠂ ᠰᠤᠮᠤᠨ | ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠯᠪᠠᠨ ᠭᠡᠷ ᠠᠴᠠ ᠰᠤᠮᠤ᠂ ᠭᠠᠴᠠᠭ᠎ᠠ ᠬᠤᠶᠠᠷ ᠱᠠᠲᠤᠨ ᠤ ᠬᠤᠭᠤᠴᠠᠭ᠎ᠠ | ᠰᠣᠯᠢᠬᠤ ᠳᠤ ᠤᠷᠤᠯᠴᠠᠬᠤ ᠺᠠᠳ᠋ᠷ ᠪᠣᠯᠤᠨ ᠭᠠᠴᠠᠭᠠᠨ ᠤ ︽ᠬᠤᠶᠠᠷ ᠪᠠᠭ︾ ᠤᠨ ᠵᠢᠩᠬᠢᠨᠢ ᠲᠤᠰᠢᠶᠠᠯᠳᠠᠨ ᠳᠤ | ᠲᠥᠪᠯᠡᠷᠡᠩᠭᠦᠶ ᠪᠣᠯᠪᠠᠰᠤᠷᠠᠯ ᠬᠢᠬᠦ ᠶᠢ ᠬᠠᠷᠢᠭᠤᠴᠠᠨ᠎ᠠ᠃ ᠰᠤᠮᠤᠨ ᠤ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ | ᠳᠤᠭᠤᠶᠢᠯᠠᠩ ᠠᠴᠠ ᠭᠠᠴᠠᠭᠠᠨ ᠤ ︽ᠬᠤᠶᠠᠷ ᠪᠠᠭ︾ ᠤᠨ ᠬᠡᠰᠢᠭᠦᠨ ᠢ ᠲᠥᠪᠯᠡᠷᠡᠭᠦᠯᠦᠨ ᠪᠤᠯᠪᠠᠰᠤᠷᠠᠭᠤᠯᠬᠤ ᠶᠢ | ᠬᠠᠷᠢᠭᠤᠴᠠᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠦᠨᠳᠦᠰᠦᠨ ᠮᠡᠳᠡᠯᠭᠡ ᠪᠠ | ᠠᠵᠢᠯᠯᠠᠬᠤ ᠳᠦᠷᠢᠮ ᠢ ᠲᠣᠳᠣᠷᠬᠠᠶ ᠤᠶᠢᠯᠭᠠᠭᠤᠯᠤᠨ ᠡᠵᠡᠮᠰᠢᠭᠦᠯᠵᠦ᠂ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ | ᠢ ᠬᠠᠤᠯᠢ ᠲᠣᠭᠲᠠᠭᠠᠯ ᠶᠣᠰᠣᠭᠠᠷ ᠵᠢᠭᠠᠨ ᠵᠢᠯᠣᠭᠤᠳᠬᠤ ᠴᠢᠳᠠᠪᠤᠷᠢ ᠪᠠ ᠪᠣᠳᠠᠲᠠᠶ ᠠᠵᠢᠯ ᠤᠨ ᠬᠢᠷᠢ ᠲᠦᠪᠰᠢᠨ ᠢ ᠨᠢ | ᠦᠨᠡᠨᠬᠦ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠨᠠᠮ ᠤᠨ ᠬᠢᠴᠢᠶᠡᠯ ᠤᠷᠤᠬᠤ᠂ ᠤᠬᠠᠭᠤᠯᠤᠨ ᠲᠠᠶᠢᠯᠪᠤᠷᠢᠯᠠᠬᠤ ᠵᠡᠷᠭᠡ | ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠭᠠᠴᠠᠭᠠᠨ ᠤ ᠮᠠᠯᠴᠢᠨ ᠨᠠᠮ ᠤᠨ ᠭᠡᠰᠢᠭᠦᠨ᠂ ᠣᠯᠠᠨ ᠲᠦᠮᠡᠨ ᠤ | ᠪᠣᠯᠪᠠᠰᠤᠷᠠᠯ ᠬᠦᠮᠦᠵᠢᠯ ᠢ ᠴᠢᠩᠭᠠᠳᠬᠠᠵᠤ᠂ ᠨᠠᠮ ᠤᠨ ᠭᠡᠰᠢᠭᠦᠨ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ᠂ ᠰᠣᠩᠭᠤᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠡᠷᠡᠭᠵᠢᠭᠦᠯᠬᠦ ᠱᠠᠲᠤ ᠦᠶ᠎ᠡ ︵2021 ᠣᠨ ᠤ 3 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | ︶ | ⒈ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠠᠵᠢᠯ ᠢ ᠰᠠᠶᠢᠳᠤᠷ ᠬᠢᠨ᠎ᠠ ︵ | 2021 ᠣᠨ ᠤ 1 ᠰᠠᠷ᠎ᠠ ᠶᠢᠨ 31 ᠤ ᠡᠳᠦᠷ ᠠᠴᠠ ᠡᠮᠦᠨ᠎ᠡ︶᠃ ᠰᠢᠨ᠎ᠡ ᠨᠢᠭᠡ ᠬᠤᠭᠤᠴᠠᠭᠠᠨ ᠤ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠢ᠂ ᠨᠠᠮ ᠤᠨ ᠭᠡᠰᠢᠭᠦᠨ ᠪᠠ ᠭᠠᠴᠠᠭᠠᠨ ᠤ ᠮᠠᠯᠴᠢᠨ ᠲᠥᠯᠥᠭᠡᠯᠡᠭᠴᠢᠳ ᠤᠨ | ᠬᠤᠷᠠᠯ ᠢᠶᠠᠷ ᠲᠠᠨᠢᠯᠴᠠᠭᠤᠯᠬᠤ᠂ ᠰᠤᠮᠤᠨ ᠤ ᠨᠠᠮ ᠤᠨ ᠬᠤᠷᠢᠶ᠎ᠠ ᠠᠴᠠ ᠲᠠᠨᠢᠯᠴᠠᠭᠤᠯᠬᠤ᠂ ᠨᠠᠮ ᠤᠨ ᠭᠡᠰᠢᠭᠦᠳ ᠤᠨ ᠶᠡᠭᠡ | ᠬᠤᠷᠠᠯ ᠢᠶᠠᠷ ᠰᠤᠩᠭᠤᠬᠤ ︽ᠬᠤᠶᠠᠷ ᠲᠠᠨᠢᠯᠴᠭᠤᠯᠵᠤ᠂ ᠨᠢᠭᠡ ᠰᠣᠩᠭᠤᠬᠤ ︾ ᠠᠷᠭ᠎ᠠ ᠪᠠᠷ ᠰᠤᠩᠭᠤᠨ ᠭᠠᠷᠭᠠᠨ᠎ᠠ᠃ | ⑴ᠨᠠᠮ ᠤᠨ ᠭᠡᠰᠢᠭᠦᠨ ᠪᠠ ᠣᠯᠠᠨ ᠲᠦᠮᠡᠨ ᠲᠠᠨᠢᠯᠴᠠᠭᠤᠯᠬᠤ ︵2020 ᠣᠨ ᠤ 12 ᠰᠠᠷ᠎ᠠ ᠶᠢᠨ 25 ᠤ | ᠡᠳᠦᠷ ᠠᠴᠠ ᠡᠮᠦᠨ᠎ᠡ︶᠃ ᠰᠤᠮᠤᠨ ᠤ ᠨᠠᠮ ᠤᠨ ᠬᠤᠷᠢᠶ᠎ᠠ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠳᠠ ᠶᠢ | ᠵᠢᠯᠣᠭᠤᠳᠴᠤ᠂ ᠨᠠᠮ ᠤᠨ ᠳᠣᠲᠣᠭᠠᠳᠤ ᠳᠤ ᠳᠠᠨᠢᠯᠴᠠᠭᠤᠯᠬᠤ ᠪᠠ ᠣᠯᠠᠨ ᠲᠦᠮᠡᠨ ᠳᠠᠨᠢᠯᠴᠠᠭᠤᠯᠬᠤ ᠶᠢ ᠤᠶᠠᠯᠳᠤᠭᠤᠯᠬᠤ | ᠠᠷᠭ᠎ᠠ ᠪᠠᠷ ᠳᠠᠮᠵᠢᠭᠤᠯᠤᠨ᠂ ᠬᠡᠰᠢᠬᠦᠨ ᠤ ᠲᠤᠰᠢᠶᠠᠯ ᠤᠨ ᠲᠣᠭᠠᠨ ᠤ 20% ᠠᠴᠠ ᠳᠣᠣᠷ᠎ᠠ ᠦᠭᠡᠢ ᠵᠥᠷᠢᠶ᠎ᠡ ᠶᠢᠨ | ᠬᠠᠷᠢᠴᠠᠯ ᠢᠶᠠᠷ᠂ ᠰᠢᠨ᠎ᠡ ᠨᠢᠭᠡ ᠬᠤᠭᠤᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ | ᠵᠢᠱᠢᠭᠳᠡᠭᠰᠡᠳ ᠤᠨ ᠠᠩᠬ᠎ᠠ ᠠᠯᠬᠤᠮ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠲᠠᠨᠢᠯᠴᠠᠭᠤᠯᠤᠨ ᠭᠠᠷᠭᠠᠵᠤ᠂ | ᠰᠤᠮᠤᠨ ᠤ ᠨᠠᠮ ᠤᠨ ᠬᠤᠷᠢᠶ᠎ᠠ ᠳᠤ ᠮᠡᠳᠡᠭᠦᠯᠦᠨ᠎ᠡ᠃ ᠲᠠᠨᠢᠯᠴᠠᠭᠤᠯᠬᠤ ᠳᠠᠭᠠᠨ ᠤᠷᠢᠳᠠᠪᠠᠷ ᠨᠠᠮ ᠤᠨ ᠡᠭᠦᠷ ᠠᠴᠠ ᠨᠠᠮ ᠤᠨ | ᠭᠡᠰᠢᠭᠦᠳ ᠢ ᠵᠣᠬᠢᠶᠠᠨ ᠪᠠᠶᠢᠭᠤᠯᠵᠤ ᠬᠤᠷᠠᠯ ᠢᠶᠠᠷ ᠶᠠᠷᠢᠯᠴᠠᠨ ᠲᠠᠨᠢᠯᠴᠠᠭᠤᠯᠤᠭᠠᠳ᠂ ᠲᠠᠷᠠᠭ᠎ᠠ ᠨᠢ ᠮᠠᠯᠴᠢᠳ ᠪᠤᠶᠤ ᠮᠠᠯᠴᠢᠳ | ᠤᠨ ᠲᠥᠯᠥᠭᠡᠯᠡᠭᠴᠢ ᠪᠠ《 ᠬᠤᠶᠠᠷ ᠪᠠᠭ》 ᠤᠨ ᠬᠡᠰᠢᠭᠦᠨ᠂《 ᠬᠤᠶᠠᠷ ᠲᠥᠯᠥᠭᠡᠯᠡᠭᠴᠢ ᠨᠢᠭᠡ ᠭᠡᠰᠢᠭᠦᠨ》ᠵᠢᠴᠢ | ᠪᠤᠰᠤᠳ ᠣᠷᠣᠯᠴᠠᠬᠤ ᠴᠢᠬᠤᠯᠠᠲᠠᠶ ᠬᠥᠮᠦᠰ ᠢ ᠵᠣᠬᠢᠶᠠᠨ ᠪᠠᠶᠢᠭᠤᠯᠵᠤ ᠲᠠᠨᠢᠯᠴᠠᠭᠤᠯᠤᠨ᠎ᠠ᠃ ᠲᠠᠨᠢᠯᠴᠠᠭᠤᠯᠬᠤ ᠠᠵᠢᠯ ᠢ | ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠡᠷᠬᠡᠪᠰᠢ ᠵᠢᠱᠢᠭᠳᠡᠭᠰᠡᠳ ᠤᠨ ᠬᠢᠷᠢ ᠬᠡᠮ ᠤᠨ ᠨᠥᠬᠦᠴᠡᠯ ᠵᠢᠴᠢ ᠳᠡᠰ | ᠳᠠᠷᠠᠭᠠᠯᠠᠯ ᠤᠨ ᠱᠠᠭᠠᠷᠳᠠᠯᠭ᠎ᠠ ᠶᠢ ᠤᠬᠠᠭᠤᠯᠵᠤ ᠳᠤᠤᠱᠠᠯᠠᠭᠤᠯᠤᠨ᠂ ᠨᠠᠮ ᠤᠨ ᠭᠡᠰᠢᠭᠦᠨ ᠢ ᠳᠠᠶᠢᠴᠢᠯᠠᠨ ᠢᠳᠡᠪᠬᠢᠲᠡᠢ | ᠣᠷᠣᠯᠴᠠᠭᠤᠯᠵᠤ᠂ ᠰᠢᠯᠢᠳᠡᠭ ᠨᠠᠮ ᠤᠨ ᠭᠡᠰᠢᠭᠦᠨ ᠤ ᠪᠡᠶ᠎ᠡ ᠪᠠᠨ ᠲᠠᠨᠢᠯᠴᠠᠭᠤᠯᠬᠤ ᠶᠢ ᠵᠣᠷᠢᠭᠵᠢᠭᠤᠯᠤᠨ᠎ᠠ᠃ | ⑵ᠵᠢᠱᠢᠭᠳᠡᠭᠰᠡᠳ ᠤᠨ ᠪᠡᠯᠡᠳᠬᠡᠯ ᠵᠢᠱᠢᠭᠳᠡᠭᠴᠢ ᠶᠢᠨ ᠬᠢᠨᠠᠨ ᠪᠠᠶᠢᠴᠠᠭᠠᠬᠤ ᠨᠢᠭᠤᠷᠯᠠᠯ ᠢ ᠰᠤᠳᠤᠯᠤᠨ ᠳᠣᠭᠳᠠᠭᠠᠨ᠎ᠠ | ︵2020 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ︶᠃ ᠰᠤᠮᠤᠨ ᠤ ᠨᠠᠮ ᠤᠨ ᠬᠤᠷᠢᠶ᠎ᠠ ᠨᠢ ᠨᠠᠮ ᠤᠨ | ᠬᠤᠷᠢᠶᠠᠨ ᠤ ᠬᠤᠷᠠᠯ ᠬᠤᠷᠠᠯᠳᠤᠭᠤᠯᠵᠤ᠂ ᠲᠠᠨᠢᠯᠴᠠᠭᠤᠯᠬᠤ ᠪᠠ ᠡᠳᠦᠷ ᠲᠤᠲᠤᠮ ᠤᠨ ᠠᠵᠢᠯ ᠤᠨ ᠪᠠᠶᠢᠳᠠᠯ ᠲᠠᠢ ᠨᠢ | ᠤᠶᠠᠯᠳᠤᠭᠤᠯᠤᠨ᠂ ᠠᠩᠬ᠎ᠠ ᠠᠯᠬᠤᠮ ᠤᠨ ᠵᠢᠱᠢᠭᠳᠡᠭᠴᠢ ᠶᠢ ᠰᠤᠳᠤᠯᠤᠨ ᠲᠣᠭᠲᠠᠭᠠᠬᠤ ᠶᠢᠨ ᠬᠠᠮᠲᠤ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ ᠳᠤ ᠬᠠᠷᠢᠭᠤ ᠲᠤᠰᠬᠠᠨ᠎ᠠ᠃ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠬᠤᠷᠠᠯ | ᠬᠤᠷᠠᠯᠳᠤᠭᠤᠯᠵᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠵᠢᠱᠢᠭᠳᠡᠭᠰᠡᠳ ᠤᠨ ᠪᠡᠯᠡᠳᠬᠡᠯ | ᠵᠢᠱᠢᠭᠳᠡᠭᠴᠢ ᠶᠢ ᠰᠤᠳᠤᠯᠤᠨ ᠳᠤᠭᠳᠠᠭᠠᠵᠦ᠂ ᠰᠤᠮᠤᠨ ᠤ ᠨᠠᠮ ᠤᠨ ᠬᠤᠷᠢᠶᠠᠨ ᠳᠤ ᠮᠡᠳᠡᠭᠦᠯᠦᠨ᠎ᠡ᠃ | ⑶ᠪᠡᠯᠡᠳᠬᠡᠯ ᠵᠢᠱᠢᠭᠳᠡᠭᠴᠢ ᠶᠢᠨ ᠰᠢᠯᠭᠠᠨ ᠪᠠᠶᠢᠴᠠᠭᠠᠭᠳᠠᠬᠤ ᠨᠢᠭᠤᠷᠯᠠᠯ ᠲᠤ ᠬᠢᠷᠢ ᠬᠡᠮ ᠤᠨ ᠬᠢᠨᠠᠨ ᠪᠠᠶᠢᠴᠠᠭᠠᠯᠳᠠ | ᠬᠢᠬᠦ ᠪᠠ ᠵᠣᠬᠢᠶᠠᠨ ᠪᠠᠶᠢᠭᠤᠯᠤᠯᠳᠠ ᠶᠢᠨ ᠬᠢᠨᠠᠨ ᠰᠢᠯᠭᠠᠯᠳᠠ ᠬᠢᠨ᠎ᠠ ︵2021 ᠣᠨ ᠤ 1 ᠰᠠᠷ᠎ᠠ ᠶᠢᠨ 10 ᠤ ᠡᠲᠦᠷ ᠠᠴᠠ | ᠡᠮᠦᠨ᠎ᠡ︶᠃ ᠰᠤᠮᠤᠨ ᠤ ᠨᠠᠮ ᠤᠨ ᠬᠤᠷᠢᠶ᠎ᠠ ᠨᠢ ᠳᠡᠭᠡᠭᠰᠢ ᠮᠡᠳᠡᠭᠦᠯᠦᠭᠰᠡᠨ ᠨᠠᠮ ᠤᠨ ᠵᠣᠬᠢᠶᠠᠨ ᠪᠠᠶᠢᠭᠤᠯᠤᠯᠳᠠ ᠶᠢᠨ | ᠭᠡᠰᠢᠭᠦᠨ ᠤ ᠪᠡᠯᠡᠳᠬᠡᠯ ᠵᠢᠱᠢᠭᠳᠡᠭᠴᠢ ᠶᠢᠨ ᠲᠤᠰᠢᠶᠠᠯ ᠡᠭᠦᠷᠭᠡᠯᠡᠬᠦ ᠬᠢᠷᠢ ᠬᠡᠮ ᠢ ᠠᠩᠬᠠᠨ ᠤ ᠬᠢᠨᠠᠨ ᠰᠢᠯᠭᠠᠯᠳᠠ ᠬᠢᠵᠦ᠂ | ᠭᠡᠰᠢᠭᠦᠨ ᠤ ᠪᠡᠯᠡᠳᠬᠡᠯ ᠵᠢᠱᠢᠭᠳᠡᠭᠴᠢ ᠶᠢᠨ ᠬᠢᠨᠠᠨ ᠪᠠᠶᠢᠴᠠᠭᠠᠭᠳᠠᠬᠤ ᠨᠢᠭᠤᠷᠯᠠᠯ ᠤᠨ ᠨᠡᠷᠡᠰ ᠢ ᠬᠤᠰᠢᠭᠤᠨ ᠤ ᠬᠤᠭᠤᠴᠠᠭ᠎ᠠ | ᠰᠣᠯᠢᠬᠤ ᠠᠯᠪᠠᠨ ᠭᠡᠷ ᠲᠤ ᠮᠡᠳᠡᠭᠦᠯᠦᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠂ ᠨᠢᠭᠡᠳᠦᠮᠡᠯ ᠹᠷᠣᠨᠲ᠂ ᠳᠣᠲᠣᠭᠠᠳᠤ ᠶᠢ ᠬᠠᠮᠠᠭᠠᠯᠠᠬᠤ ᠳᠤᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ | ᠴᠠᠭᠠᠵᠠ ᠶᠢᠨ ᠳᠤᠪᠴᠢᠶ᠎ᠠ᠂ ᠵᠠᠬᠢᠳᠠᠯ ᠰᠤᠷᠪᠤᠯᠵᠢᠯᠠᠭ᠎ᠠ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ | ᠲᠣᠭᠤᠷᠢᠨ᠂ ᠤᠰᠤᠨ ᠠᠰᠢᠭᠯᠠᠯᠳᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ | ᠵᠠᠮ ᠬᠠᠷᠢᠯᠴᠠᠭ᠎ᠠ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ᠂ ᠬᠢᠨᠠᠨ ᠪᠣᠳᠣᠯᠲᠠ᠂ | ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠤᠨ ᠰᠠᠨᠠᠯ ᠢ ᠨᠢᠭᠡᠳᠦᠯᠲᠡᠶ ᠬᠤᠷᠢᠶᠠᠵᠤ᠂ ᠬᠢᠷᠢ ᠬᠡᠮ ᠤᠨ ᠬᠤᠯᠪᠤᠭᠠᠯᠠᠭᠰᠠᠨ | ᠬᠢᠨᠠᠯᠳᠠ ᠬᠢᠯᠭᠡᠵᠦ᠂ ᠬᠤᠰᠢᠭᠤ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠯᠪᠠᠨ ᠭᠡᠷ ᠠᠴᠠ ᠬᠤᠯᠪᠤᠭᠠᠯᠠᠨ ᠬᠢᠨᠠᠭᠰᠠᠨ | ᠰᠠᠨᠠᠯ ᠢ ᠰᠤᠮᠤᠨ ᠤ ᠨᠠᠮ ᠤᠨ ᠬᠤᠷᠢᠶ᠎ᠠ ᠳᠤ ᠪᠢᠴᠢᠭᠯᠡᠭᠰᠡᠨ ᠬᠡᠯᠪᠡᠷᠢ ᠪᠠᠷ ᠬᠠᠷᠢᠭᠤ ᠲᠤᠰᠬᠠᠨ᠎ᠠ᠃ ᠬᠢᠨᠠᠨ ᠪᠠᠶᠢᠴᠠᠭᠠᠯᠳᠠ ᠳᠤ | ᠬᠢᠷᠢ ᠲᠡᠩᠴᠡᠭᠰᠡᠳ ᠲᠤ ᠰᠤᠮᠤᠨ ᠤ ᠨᠠᠮ ᠤᠨ ᠬᠤᠷᠢᠶ᠎ᠡ ᠠᠴᠠ ᠬᠢᠨᠠᠨ ᠰᠢᠯᠭᠠᠬᠤ ᠲᠤᠭᠤᠶᠢᠯᠠᠩ ᠲᠤᠮᠢᠯᠠᠵᠤ ᠬᠢᠨᠠᠨ | ᠰᠢᠯᠭᠠᠯᠳᠠ ᠬᠢᠵᠤ᠂ ᠬᠢᠨᠠᠨ ᠰᠢᠯᠭᠠᠯᠳᠠ ᠵᠢᠨᠦᠷ᠎ᠡ ᠳ᠋ᠦᠩ ᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠳᠤ | ᠬᠠᠷᠢᠭᠤ ᠲᠤᠰᠬᠠᠨ᠎ᠠ᠃ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠭᠳᠡᠭᠴᠢ ᠶᠢ ᠬᠢᠨᠠᠨ | ᠰᠢᠯᠭᠠᠬᠤ ᠳᠤ ᠬᠤᠰᠢᠭᠤ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠯᠪᠠᠨ ᠭᠡᠷ ᠠᠴᠠ ᠠᠵᠢᠯᠲᠠᠨ ᠲᠣᠮᠢᠯᠠᠨ | ᠣᠷᠣᠯᠴᠠᠭᠤᠯᠤᠨ᠎ᠠ᠃ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠬᠤᠷᠠᠯᠳᠤᠭᠤᠯᠵᠤ᠂ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠨᠡᠷᠡᠰ ᠢ ᠰᠤᠳᠤᠯᠤᠨ | ᠲᠣᠭᠲᠠᠭᠠᠵᠤ᠂ ᠭᠠᠴᠠᠭᠠᠨ ᠳᠤ 5 ᠡᠳᠦᠷ ᠠᠴᠠ ᠳᠡᠭᠡᠭᠰᠢ ᠢᠯᠡ ᠨᠡᠶᠢᠲᠡᠯᠡᠵᠦ᠂ ᠳᠠᠷᠠᠭ᠎ᠠ ᠨᠢ ᠪᠡᠯᠡᠳᠬᠡᠯ ᠵᠢᠱᠢᠭᠳᠡᠭᠴᠢ ᠶᠢᠨ | ᠨᠡᠷᠡᠰ ᠢ ᠰᠤᠮᠤᠨ ᠤ ᠨᠠᠮ ᠤᠨ ᠬᠤᠷᠢᠶ᠎ᠠ ᠳᠤ ᠮᠡᠳᠡᠭᠦᠯᠵᠦ᠂ ᠰᠤᠮᠤᠨ ᠤ ᠨᠠᠮ ᠤᠨ ᠬᠤᠷᠢᠶ᠎ᠠ ᠠᠴᠠ ᠨᠠᠮ ᠤᠨ ᠬᠤᠷᠢᠶᠠᠨ ᠤ | ᠬᠤᠷᠠᠯ ᠬᠤᠷᠠᠯᠳᠤᠭᠤᠯᠵᠤ ᠰᠤᠳᠤᠯᠤᠭᠰᠠᠨ ᠤ ᠳᠠᠷᠠᠭ᠎ᠠ ᠴᠣᠬᠤᠯᠠᠪᠤᠷᠢᠯᠠᠨ ᠬᠠᠷᠢᠭᠤ ᠳᠤᠰᠬᠠᠨ᠎ᠠ᠃ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠪᠣᠯᠬᠤ ᠬᠥᠮᠦᠨ ᠢ ᠬᠤᠰᠢᠭᠤ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠯᠪᠠᠨ | ᠭᠡᠷ ᠳᠤ ᠮᠡᠳᠡᠭᠦᠯᠦᠨ ᠬᠢᠨᠠᠨ ᠵᠦᠪᠯᠡᠭᠦᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠤ | ᠳᠡᠪᠰᠢᠭᠦᠯᠵᠦ ᠰᠤᠳᠤᠯᠤᠨ ᠵᠦᠪᠰᠢᠶᠡᠷᠡᠭᠦᠯᠦᠭᠰᠡᠨ ᠤ ᠳᠠᠷᠠᠭ᠎ᠠ᠂ ᠰᠤᠮᠤᠨ ᠤ ᠨᠠᠮ ᠤᠨ ᠬᠤᠷᠢᠶ᠎ᠠ ᠠᠴᠠ ᠭᠠᠴᠠᠭᠠᠨ ᠤ | ᠨᠠᠮ ᠤᠨ ᠵᠣᠬᠢᠶᠠᠨ ᠪᠠᠶᠢᠭᠤᠯᠤᠯᠲᠠ ᠳᠤ ᠴᠤᠬᠤᠯᠠᠪᠤᠷᠢᠯᠠᠨ ᠬᠠᠷᠢᠭᠤ ᠳᠤᠰᠬᠠᠨ᠎ᠠ᠃ ᠰᠤᠮᠤᠨ ᠤ ᠨᠠᠮ ᠤᠨ ᠬᠤᠷᠢᠶᠠᠨ ᠤ | ᠱᠦᠵᠢ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠵᠢᠩᠬᠢᠨᠢ ᠵᠢᠱᠢᠭᠳᠡᠭᠰᠡᠳ ᠲᠠᠢ ᠰᠣᠩᠭᠤᠭᠤᠯᠢ ᠶᠠᠪᠤᠭᠤᠯᠬᠤ ᠠᠴᠠ | ᠡᠮᠦᠨ᠎ᠡ ᠶᠠᠷᠢᠯᠴᠠᠵᠤ᠂ ᠲᠡᠷᠡᠴᠢᠯᠡᠨ ᠬᠢᠨᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠦᠭᠡᠢ ᠬᠥᠮᠦᠰ ᠤᠨ ᠦᠵᠡᠯ ᠰᠠᠨᠠᠭ᠎ᠠ | ᠤᠯᠤᠰ ᠲᠦᠷᠦ ᠶᠢᠨ ᠠᠵᠢᠯ ᠢ ᠭᠦᠨ ᠭᠦᠨᠵᠡᠭᠡᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠡᠳᠡᠨ ᠢ ᠢᠳᠬᠠᠵᠤ ᠪᠠᠶᠢᠭᠠᠳ | ᠰᠣᠩᠭᠤᠭᠤᠯᠢ ᠳᠤ ᠦᠷᠢᠰᠤᠯᠳᠤᠬᠦ ᠶᠢ ᠨᠢ ᠪᠠᠶᠢᠯᠭᠠᠨ᠎ᠠ᠃ | ⑷ᠰᠣᠩᠭᠤᠭᠤᠯᠢ ᠶᠢᠨ ᠬᠤᠷᠠᠯ ᠢ ᠵᠣᠬᠢᠶᠠᠨ ᠪᠠᠶᠢᠭᠤᠯᠤᠨ᠎ᠠ ( 2021 ᠣᠨ ᠤ 1 ᠰᠠᠷ᠎ᠠ ᠶᠢᠨ 20 ᠤ | ᠡᠳᠦᠷ ᠠᠴᠠ ᠡᠮᠦᠨ᠎ᠡ)᠃ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ ᠰᠣᠩᠭᠤᠭᠤᠯᠢ ᠬᠢᠬᠦ ᠳᠤ ᠳᠡᠭᠡᠷ᠎ᠡ | ᠨᠢᠭᠡ ᠬᠤᠭᠤᠴᠠᠭᠠᠨ ᠤ ᠭᠠᠴᠠᠭᠠᠨ ᠤ ᠨᠠᠮ ᠤᠨ ᠡᠭᠦᠷ ᠤᠨ ᠱᠦᠵᠢ ᠠᠴᠠ ᠡᠷᠬᠢᠯᠡᠨ ᠬᠤᠷᠠᠯᠳᠤᠭᠤᠯᠤᠨ᠎ᠠ᠃ ᠨᠠᠮ ᠤᠨ | ᠭᠡᠰᠢᠭᠦᠳ ᠤᠨ ᠶᠡᠭᠡ ᠬᠤᠷᠠᠯ ᠠᠴᠠ ᠤᠷᠢᠳᠠᠪᠠᠷ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠢ | ᠰᠣᠩᠭᠤᠨ ᠭᠠᠷᠭᠠᠵᠤ᠂ ᠳᠠᠬᠢᠨ ᠰᠢᠨ᠎ᠡ ᠪᠠᠷ ᠰᠣᠩᠭᠤᠵᠤ ᠭᠠᠷᠭᠠᠭᠰᠠᠨ ᠡᠭᠦᠷ ᠤᠨ ᠬᠡᠰᠢᠭᠦᠨ ᠤ ᠬᠤᠷᠠᠯ ᠢᠶᠠᠷ ᠱᠦᠵᠢ | ᠰᠣᠩᠭᠤᠨ ᠭᠠᠷᠭᠠᠵᠤ ᠪᠣᠯᠤᠨ᠎ᠠ᠃ ᠪᠠᠰᠠ ᠨᠠᠮ ᠤᠨ ᠭᠡᠰᠢᠭᠦᠳ ᠤᠨ ᠶᠡᠭᠡ ᠬᠤᠷᠠᠯ ᠠᠴᠠ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠳᠠ ᠶᠢᠨ ᠪᠦᠷᠢᠯᠳᠦᠭᠦᠨ᠂ ᠱᠦᠵᠢ ᠶᠢ ᠰᠢᠭᠤᠳ ᠰᠣᠩᠭᠤᠨ ᠭᠠᠷᠭᠠᠵᠤ ᠪᠣᠯᠤᠨ᠎ᠠ᠃ ᠰᠣᠩᠭᠤᠭᠤᠯᠢ ᠶᠢᠨ ᠦᠷ᠎ᠡ | ᠳ᠋ᠥᠩ ᠢ ᠰᠤᠮᠤᠨ ᠤ ᠨᠠᠮ ᠤᠨ ᠬᠤᠷᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠤᠩᠭᠤᠭᠤᠯᠢ ᠨᠢ᠂ ᠰᠣᠩᠭᠤᠬᠤ ᠡᠷᠬᠡ ᠲᠠᠢ ᠬᠤᠷᠠᠯ ᠳᠤ ᠤᠷᠤᠯᠴᠠᠭᠰᠠᠨᠬᠥ᠋ᠮᠦᠨ ᠤ ᠲᠤᠭ᠎ᠠ ᠨᠢ | ᠬᠤᠷᠠᠯ ᠳᠤ ᠣᠷᠣᠯᠴᠠᠬᠤ ᠵᠤᠬᠢᠰᠳᠠᠢ ᠬᠦᠮᠦᠨ ᠤ ᠲᠣᠭᠠᠨ ᠤ 4/5 ᠠᠴᠠ ᠢᠯᠡᠭᠦᠦ ᠪᠠᠶᠢᠪᠠᠯ ᠬᠤᠷᠠᠯ ᠨᠢ ᠬᠦᠴᠦᠨ ᠲᠠᠢ᠂ | ᠵᠢᠩᠬᠢᠨᠢ ᠰᠣᠩᠭᠤᠭᠤᠯᠢ ᠶᠠᠪᠤᠭᠤᠯᠬᠤ ᠥᠶ᠎ᠡ ᠳᠤ᠂ ᠰᠣᠩᠭᠤᠭᠳᠠᠭᠰᠠᠳ ᠤᠨ ᠣᠯᠤᠭᠰᠠᠨ ᠵᠥᠪᠰᠢᠶᠡᠷᠡᠭᠰᠡᠨ ᠪᠢᠯᠧᠲ ᠨᠢ | ᠬᠤᠷᠠᠯ ᠳᠤ ᠣᠷᠣᠯᠴᠠᠬᠤ ᠵᠤᠬᠢᠰᠳᠠᠢ ᠰᠣᠩᠭᠤᠬᠤ ᠡᠷᠬᠡ ᠲᠠᠢ ᠬᠥᠮᠦᠨ ᠤ ᠳᠣᠭᠠᠨ ᠤ ᠬᠠᠭᠠᠰ ᠠᠴᠠ ᠢᠯᠡᠭᠦᠥ ᠪᠠᠶᠢᠪᠠᠯ | ᠰᠠᠶ᠋ᠢ ᠰᠣᠩᠭᠤᠭᠳᠠᠭᠰᠠᠨ ᠳᠤ ᠳᠣᠭᠠᠴᠠᠭᠳᠠᠨ᠎ᠠ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠳᠤ ᠮᠡᠳᠡᠷᠡᠯ ᠤᠨ ᠡᠪᠡᠳᠴᠢᠨ ᠪᠤᠶᠤ ᠪᠤᠰᠤᠳ | ᠡᠪᠡᠳᠴᠢᠨ ᠳᠤ ᠨᠡᠷᠪᠡᠭᠳᠡᠭᠡᠳ ᠥᠪᠡᠷ ᠤᠨ ᠬᠦᠰᠡᠯ ᠰᠠᠨᠠᠭ᠎ᠠ ᠪᠠᠨ ᠢᠯᠡᠳᠬᠡᠵᠦ ᠴᠢᠳᠠᠬᠤ ᠦᠭᠡᠢ︔ ᠬᠤᠪᠢ ᠶᠢᠨ | ᠵᠠᠷᠤᠳᠠᠯ ᠢᠶᠠᠷ ᠤᠯᠤᠰ ᠠᠴᠠ ᠭᠠᠷᠴᠤ ᠬᠠᠭᠠᠰ ᠵᠢᠯ ᠠᠴᠠ ᠳᠡᠭᠡᠭᠰᠢ ᠪᠣᠯᠤᠭᠰᠠᠨ︔ ᠨᠠᠮ ᠳᠤ ᠪᠠᠶᠢᠯᠭᠠᠵᠤ ᠬᠢᠨᠠᠨ ᠦᠵᠡᠬᠦ | ᠠᠴᠠ ᠲᠡᠭᠡᠭᠰᠢᠬᠢ ᠨᠠᠮ ᠤᠨ ᠰᠠᠬᠢᠯᠭ᠎ᠠ ᠪᠠᠲᠤ ᠵᠢᠨᠰᠢᠳᠬᠡᠯ ᠢ ᠣᠯᠤᠭᠰᠠᠨ ᠦᠭᠡᠢ ᠪᠣᠯᠪᠠᠴᠦ ᠶᠠᠭ ᠲᠦᠷ ᠬᠤᠷᠢᠭᠳᠠᠵᠤ | ᠪᠠᠶᠢᠬᠤ︔ ᠨᠠᠰᠤ ᠠᠬᠠᠰᠢᠷᠠᠵᠤ ᠪᠡᠶ᠎ᠡ ᠮᠠᠭᠤᠳᠠᠭᠠᠳ ᠭᠡᠪᠳᠡᠷᠢ ᠳᠤ ᠣᠷᠤᠭᠰᠠᠨ ᠪᠠ ᠤᠷᠲᠤ ᠬᠤᠭᠤᠴᠠᠭ᠎ᠠ ᠪᠠᠷ | ᠡᠪᠡᠳᠴᠢᠯᠡᠵᠤ ᠠᠮᠢᠳᠤᠷᠠᠯ ᠢᠶᠠᠨ ᠠᠷᠭᠠᠴᠠᠵᠤ ᠴᠢᠳᠠᠬᠤ ᠦᠭᠡᠢ ᠪᠤᠯᠤᠭᠰᠠᠨ ᠬᠦᠮᠦᠰ︔ ᠠᠵᠢᠯ ᠤᠨ ᠳᠤᠬᠢᠷᠠᠭᠤᠯᠭ᠎ᠠ ᠪᠠᠷ | ᠭᠠᠳᠠᠭᠰᠢ ᠭᠠᠷᠴᠦ ᠪᠤᠯᠪᠠᠰᠣᠷᠠᠯ ᠬᠦᠷᠳᠡᠵᠦ ᠪᠠᠶᠢᠭ᠎ᠠ᠂ ᠲᠤᠭᠳᠠᠭᠰᠠᠨ ᠴᠢᠭ ᠲᠤ ᠰᠠᠭᠤᠵᠦ ᠪᠠᠶᠢᠭ᠎ᠠ ᠂ ᠬᠠᠭᠠᠰ ᠵᠢᠯ ᠠᠴᠠ | ᠳᠡᠭᠡᠭᠰᠢ ᠭᠠᠳᠠᠭᠰᠢ ᠭᠠᠷᠴᠤ ᠰᠤᠷᠤᠯᠴᠠᠬᠤ ᠪᠤᠶᠤ ᠠᠵᠢᠯᠯᠠᠬᠤ ᠪᠠᠶᠢᠭ᠎ᠠ ᠬᠦᠮᠦᠰ᠂ ᠳᠣᠭᠳᠠᠭᠠᠯ ᠶᠤᠰᠤᠭᠠᠷ ᠵᠣᠬᠢᠶᠠᠨ | ᠪᠠᠶᠢᠭᠤᠯᠤᠯᠲᠠ ᠶᠢᠨ ᠬᠠᠷᠢᠴᠠᠭ᠎ᠠ ᠪᠠᠨ ᠰᠢᠯᠵᠢᠭᠦᠯᠬᠦ ᠵᠤᠬᠢᠰᠳᠠᠢ ᠪᠤᠯᠪᠠᠴᠦ ᠰᠢᠯᠵᠢᠭᠦᠯᠦᠭᠡᠳᠦᠢ ᠵᠡᠷᠭᠡ 5 ᠵᠦᠢᠯ ᠤᠨ ᠪᠠᠶᠢᠳᠠᠯ | ᠲᠠᠢ ᠨᠠᠮ ᠤᠨ ᠭᠡᠰᠢᠭᠦᠨ ᠢ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠮᠡᠳᠡᠭᠦᠯᠵᠦ ᠵᠥᠪᠰᠢᠶᠡᠷᠡᠭᠦᠯᠦᠭᠰᠡᠨ | ᠪᠥᠭᠡᠳ ᠨᠠᠮ ᠤᠨ ᠭᠡᠰᠢᠭᠦᠨ ᠤ ᠶᠡᠭᠡ ᠬᠤᠷᠠᠯ ᠢᠶᠠᠷ ᠪᠠᠲᠤᠯᠠᠭᠤᠯᠤᠭᠰᠠᠨ ᠤ ᠲᠠᠷᠠᠭ᠎ᠠ᠂ ᠨᠠᠮ ᠤᠨ ᠭᠡᠰᠢᠭᠦᠨ ᠤ | ᠰᠣᠩᠭᠤᠭᠤᠯᠢ ᠶᠢᠨ ᠶᠡᠭᠡ ᠬᠤᠷᠠᠯ ᠳᠤ ᠣᠷᠣᠯᠴᠠᠬᠤ ᠶᠣᠰᠣᠲᠠᠶ ᠬᠥᠮᠦᠨ ᠤ ᠲᠤᠭ᠎ᠠ ᠳᠤ ᠣᠷᠣᠭᠤᠯᠬᠤ ᠦᠭᠡᠢ ᠪᠠᠶᠢᠵᠤ | ᠪᠣᠯᠤᠨ᠎ᠠ᠃ ᠶᠠᠮᠠᠷ ᠨᠢᠭᠡᠨ ᠤᠴᠢᠷ ᠰᠢᠯᠲᠠᠭᠠᠨ ᠠᠴᠠ ᠪᠤᠯᠵᠤ ᠬᠤᠷᠠᠯ ᠳᠤ ᠣᠷᠣᠯᠴᠠᠭᠰᠠᠨ ᠦᠭᠡᠢ ᠨᠠᠮ ᠤᠨ ᠭᠡᠰᠢᠭᠦᠨ | ᠪᠤᠰᠤᠳ ᠬᠥᠮᠦᠨ ᠳᠤ ᠨᠠᠶᠢᠳᠠᠵᠤ ᠣᠷᠣᠯᠠᠨ ᠪᠢᠯᠧᠲ ᠦᠭᠴᠤ ᠪᠣᠯᠬᠤ ᠦᠭᠡᠢ᠃ | ⒉ᠭᠠᠴᠠᠭᠠᠨ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠨ᠎ᠡ ︵2021 ᠣᠨ ᠤ 2 ᠰᠠᠷ᠎ᠠ ᠶᠢᠨ | 28 ᠤ ᠡᠳᠦᠷ ᠠᠴᠠ ᠡᠮᠦᠨ᠎ᠡ︶᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ ᠭᠠᠴᠠᠭᠠᠨ | ᠵᠥᠪᠯᠡᠯ ᠤᠨ ᠰᠣᠩᠭᠤᠭᠤᠯᠢ ᠶᠢᠨ ᠠᠵᠢᠯ ᠢ ᠦᠷᠨᠢᠭᠦᠯᠵᠦ᠂ ᠮᠠᠯᠴᠢᠳ ᠤᠨ ᠠᠷᠠᠳᠴᠢᠯᠠᠯ ᠤᠨ ᠡᠷᠬᠡ ᠪᠠᠨ ᠬᠦᠢᠴᠡᠳ | ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ | ⑴ᠭᠠᠴᠠᠭᠠᠨ ᠤ ᠰᠣᠩᠭᠤᠭᠤᠯᠢ ᠶᠢᠨ ᠠᠵᠢᠯ ᠤᠨ ᠵᠥᠪᠯᠡᠯ ᠢ ᠪᠠᠶᠢᠭᠤᠯᠤᠨ᠎ᠠ ︵2020 ᠣᠨ ᠤ 12 ᠰᠠᠷ᠎ᠠ ᠶᠢᠨ | 25 ᠤ ᠡᠳᠦᠷ ᠠᠴᠠ ᠡᠮᠦᠨ᠎ᠡ︶᠃ ᠰᠤᠮᠤᠨ ᠤ ᠨᠠᠮ ᠤᠨ ᠬᠤᠷᠢᠶ᠎ᠠ ᠪᠣᠯᠤᠨ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠳᠠ ᠶᠢᠨ ᠤᠳᠤᠷᠢᠳᠤᠯᠭ᠎ᠠ ᠳᠣᠣᠷ᠎ᠠ ᠭᠠᠴᠠᠭᠠᠨ ᠤ ᠰᠣᠩᠭᠤᠭᠤᠯᠢ ᠶᠢᠨ ᠠᠵᠢᠯ ᠤᠨ ᠵᠥᠪᠯᠡᠯ ᠢ ᠰᠣᠩᠭᠤᠨ | ᠪᠠᠶᠢᠭᠤᠯᠵᠤ᠂ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ | ᠬᠠᠤᠯᠢ ᠶᠣᠰᠣᠭᠠᠷ ᠭᠠᠴᠠᠭᠠᠨ ᠤ ᠰᠣᠩᠭᠤᠭᠤᠯᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠪᠠᠷ ᠰᠣᠩᠭᠤᠨ ᠭᠠᠷᠭᠠᠵᠤ᠂ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠤᠰᠤᠳ ᠪᠦᠷᠢᠯᠳᠦᠭᠦᠨ ᠪᠣᠯᠤᠨ ᠨᠠᠮ ᠤᠨ ᠭᠡᠰᠢᠭᠦᠨ᠂ ᠮᠠᠯᠴᠢᠨ | ᠲᠥᠯᠥᠭᠡᠯᠡᠭᠴᠢ ᠶᠢ ᠰᠣᠩᠭᠤᠭᠤᠯᠢ ᠶᠢᠨ ᠠᠵᠢᠯ ᠤᠨ ᠵᠥᠪᠯᠡᠯ ᠤᠨ ᠪᠦᠷᠢᠯᠳᠦᠬᠦᠨ ᠢᠶᠠᠷ ᠰᠣᠩᠭᠤᠨ᠎ᠠ᠃ | ⑵ᠰᠣᠩᠭᠤᠭᠤᠯᠢ ᠠᠷᠠᠳ ᠢ ᠵᠣᠬᠢᠶᠠᠨ ᠪᠠᠶᠢᠭᠤᠯᠵᠤ ᠪᠦᠷᠢᠳᠬᠡᠨ᠎ᠡ ( 2021 ᠣᠨ ᠤ 1 ᠰᠠᠷ᠎ᠠ ᠶᠢᠨ 10 ᠤ | ᠡᠲᠦᠷ ᠠᠴᠠ ᠡᠮᠦᠨ᠎ᠡ )᠃ ᠡᠯ᠎ᠡ ᠭᠠᠴᠠᠭ᠎ᠠ ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠲᠥᠷᠥ ᠶᠢᠨ ᠪᠣᠳᠤᠯᠭ᠎ᠠ ᠶᠢᠨ ᠲᠣᠭᠲᠠᠭᠠᠯ ᠢ ᠦᠨᠳᠦᠰᠦᠯᠡᠨ᠂ ᠭᠠᠴᠠᠭᠠᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠰᠣᠩᠭᠤᠭᠤᠯᠢ ᠠᠷᠠᠳ ᠢ ᠪᠦᠷᠢᠳᠬᠡᠬᠦ ᠪᠣᠳᠠᠲᠠᠶ ᠠᠷᠭ᠎ᠠ ᠶᠢ ᠰᠤᠳᠤᠯᠤᠨ ᠲᠣᠭᠲᠠᠭᠠᠵᠤ᠂ ᠰᠣᠩᠭᠤᠭᠤᠯᠢ ᠳᠤ ᠣᠷᠣᠯᠴᠠᠬᠤ | ᠮᠠᠯᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠪᠠ ᠪᠦᠷᠢᠳᠬᠡᠬᠦ ᠠᠵᠢᠯ ᠢ ᠰᠠᠶᠢᠲᠤᠷ ᠬᠢᠵᠦ᠂ ᠳᠠᠪᠬᠤᠷᠳᠠᠭᠤᠯᠬᠤ᠂ | ᠣᠷᠬᠢᠭᠳᠠᠭᠤᠯᠬᠤ ᠪᠠ ᠪᠤᠷᠤᠭᠤ ᠪᠦᠷᠢᠳᠬᠡᠬᠦ ᠶᠢ ᠰᠡᠷᠭᠡᠶᠢᠯᠡᠵᠦ᠂ ᠰᠣᠩᠭᠤᠭᠤᠯᠢ ᠳᠤ ᠣᠷᠣᠯᠴᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠳᠤ ᠳᠣᠭᠳᠠᠭᠠᠭᠰᠠᠨ ᠦᠭᠡᠢ | ᠪᠠᠶᠢᠳᠠᠯ ᠭᠠᠷᠪᠠᠯ ᠭᠠᠴᠠᠭᠠᠨ ᠤ ᠮᠠᠯᠴᠢᠳ ᠤᠨ ᠬᠤᠷᠠᠯ ᠪᠤᠶᠤ ᠭᠠᠴᠠᠭᠠᠨ ᠤ ᠮᠠᠯᠴᠢᠨ ᠲᠥᠯᠥᠭᠡᠯᠡᠭᠴᠢᠳ ᠤᠨ ᠬᠤᠷᠠᠯ ᠢᠶᠠᠷ | ᠶᠠᠷᠢᠯᠴᠠᠨ ᠲᠣᠭᠲᠠᠭᠠᠵᠤ᠂ 1 ᠰᠠᠷ᠎ᠠ ᠶᠢᠨ 11 ᠤ ᠡᠳᠦᠷ ᠠᠴᠠ ᠡᠮᠦᠨ᠎ᠡ ᠰᠣᠩᠭᠤᠭᠤᠯᠢ ᠠᠷᠠᠳ ᠤᠨ ᠨᠡᠷᠡᠰ ᠢ ᠨᠡᠶᠢᠲᠡᠯᠡᠨ᠎ᠡ | ᠃ | ① ᠡᠷᠦᠬᠡ ᠠᠮᠠ ᠶᠢᠨ ᠳᠠᠩᠰᠠ ᠨᠢ ᠲᠣᠰ ᠭᠠᠴᠠᠭᠠᠨ ᠳᠤ ᠪᠠᠨ ᠪᠠᠶᠢᠭ᠎ᠠ ᠮᠦᠷᠳᠡᠭᠡᠨ ᠪᠠᠶᠢᠩᠭᠤ ᠰᠠᠭᠤᠷᠢᠰᠢᠵᠦ ᠪᠠᠶᠢᠭ᠎ᠠ | ᠰᠤᠩᠭᠤᠭᠤᠯᠢ ᠠᠷᠠᠳ ᠢ ᠲᠥᠪᠯᠡᠷᠡᠭᠦᠯᠦᠨ ᠭᠦᠢᠴᠡᠳᠬᠡᠬᠦ ᠪᠤᠶᠤ ᠭᠡᠷ ᠲᠤ ᠨᠢ ᠬᠦᠷᠴᠦ ᠭᠦᠢᠴᠡᠳᠬᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠤᠬᠠᠭᠤᠯᠤᠨ ᠳᠠᠶᠢᠴᠢᠯᠠᠬᠤ ᠪᠠ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠢ | ᠭᠦᠢᠴᠡᠳᠬᠡᠨ᠎ᠡ᠃ | ② ᠡᠷᠦᠬᠡ ᠠᠮᠠ ᠶᠢᠨ ᠳᠠᠩᠰᠠ ᠨᠢ ᠲᠤᠰ ᠭᠠᠴᠠᠭᠠᠨ ᠳᠤ ᠪᠠᠶᠢᠭ᠎ᠠ ᠪᠤᠯᠪᠠᠴᠦ ᠲᠤᠰ ᠭᠠᠴᠠᠭᠠᠨ ᠳᠤ ᠪᠠᠨ ᠰᠠᠭᠤᠷᠢᠰᠢᠵᠦ | ᠦᠭᠡᠢ ᠪᠤᠶᠤ ᠣᠷᠲᠦ ᠬᠤᠭᠤᠴᠠᠭ᠎ᠠ ᠪᠠᠷ ᠭᠠᠳᠠᠭᠰᠢ ᠭᠠᠷᠴᠦ ᠠᠵᠢᠯ ᠬᠢᠵᠦ ᠬᠤᠳᠠᠯᠳᠤᠭ᠎ᠠ ᠡᠷᠬᠢᠯᠡᠵᠦ ᠪᠠᠶᠢᠭ᠎ᠠ ᠬᠦᠮᠦᠰ ᠢ | ᠠᠯᠪᠠᠨ ᠵᠠᠷ᠂ ᠳ᠋ᠢᠶᠠᠩᠬᠤᠸᠠ ᠪᠣᠯᠤᠨ ᠸᠢᠴᠠᠲ ᠵᠡᠷᠭᠡ ᠠᠷᠭ᠎ᠠ ᠮᠠᠶ᠋ᠢᠭ ᠢᠶᠠᠷ ᠲᠤᠰ ᠬᠥᠮᠦᠨ ᠳᠤᠨᠢ ᠮᠡᠳᠡᠭᠳᠡᠵᠦ ᠲᠡᠳᠡᠨ ᠤ | ᠨᠤᠲᠤᠭ ᠲᠠᠭᠠᠨ ᠰᠣᠩᠭᠤᠭᠤᠯᠢ ᠳᠤ ᠣᠷᠣᠯᠴᠠᠬᠤ ᠪᠤᠶᠤ ᠰᠣᠩᠭᠤᠭᠤᠯᠢ ᠶᠢᠨ ᠡᠷᠬᠡ ᠲᠠᠢ ᠤᠶᠢᠷ᠎ᠠ ᠲᠥᠷᠥᠯ ᠰᠠᠳᠤᠨ ᠳᠠᠭᠠᠨ | ᠨᠠᠶᠢᠳᠠᠵᠤ ᠣᠷᠣᠯᠠᠨ ᠪᠢᠯᠧᠲ ᠥᠭᠭᠦᠭᠦᠯᠵᠦ᠂ ᠰᠣᠩᠭᠤᠭᠤᠯᠢ ᠶᠢᠨ ᠠᠵᠢᠯ ᠤᠨ ᠵᠦᠪᠯᠡᠯ ᠨᠢ ᠨᠠᠶᠢᠳᠠᠭᠴᠢ᠂ ᠨᠠᠶᠢᠳᠠᠯᠭ᠎ᠠ | ᠬᠦᠯᠢᠶᠡᠭᠴᠢ ᠶᠢ ᠪᠢᠴᠢᠭ ᠢᠶᠠᠷ ᠵᠠᠷᠯᠠᠨ ᠨᠡᠶᠢᠲᠡᠯᠡᠬᠦ ᠶᠢ ᠰᠠᠶᠢᠲᠤᠷ ᠬᠢᠨ᠎ᠠ᠃ | ③ᠡᠷᠦᠬᠡ ᠠᠮᠠ ᠶᠢᠨ ᠳᠠᠩᠰᠠ ᠨᠢ ᠲᠤᠰ ᠭᠠᠴᠠᠭᠠᠨ ᠳᠤ ᠪᠠᠶᠢᠬᠤ ᠦᠭᠡᠢ ᠪᠤᠯᠪᠠᠴᠦ ᠲᠤᠰ ᠭᠠᠴᠠᠭᠠᠨ ᠳᠤ ᠠᠵᠢᠯᠯᠠᠬᠤ | ᠪᠤᠶᠤ ᠠᠮᠢᠳᠤᠷᠠᠵᠦ 1 ᠵᠢᠯ ᠠᠴᠠ ᠳᠡᠭᠡᠭᠰᠢ ᠪᠤᠯᠵᠤ ᠪᠠᠶᠢᠭ᠎ᠠ ᠲᠣᠰ ᠭᠠᠴᠠᠭᠠᠨ ᠳᠤ ᠰᠠᠭᠤᠷᠢᠰᠢᠭᠰᠠᠨ ᠬᠥᠮᠦᠰ ᠨᠢ ᠭᠠᠴᠠᠭᠠᠨ | ᠵᠥᠪᠯᠡᠯ ᠤᠨ ᠰᠣᠩᠭᠤᠭᠤᠯᠢ ᠳᠤ ᠣᠷᠣᠯᠴᠠᠬᠤ ᠪᠠᠷ ᠭᠤᠶᠤᠴᠢᠯᠠᠪᠡᠯ᠂ ᠭᠠᠴᠠᠭᠠᠨ ᠤ ᠮᠠᠯᠴᠢᠳ ᠤᠨ ᠬᠤᠷᠠᠯ ᠪᠤᠶᠤ | ᠭᠠᠴᠠᠭᠠᠨ ᠤ ᠮᠠᠯᠴᠢᠨ ᠲᠥᠯᠥᠭᠡᠯᠡᠭᠴᠢᠳ ᠤᠨ ᠬᠤᠷᠠᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠰᠣᠩᠭᠤᠭᠤᠯᠢ | ᠠᠷᠠᠳ ᠪᠠᠷ ᠳᠠᠩᠰᠠᠯᠠᠭᠤᠯᠤᠨ᠎ᠠ᠃ | ④ᠡᠷᠦᠬᠡ ᠠᠮᠠ ᠶᠢᠨ ᠳᠠᠩᠰᠠ ᠨᠢ ᠲᠤᠰ ᠭᠠᠴᠠᠭᠠᠨ ᠳᠤ ᠪᠠᠶᠢᠭ᠎ᠠ ᠪᠤᠯᠪᠠᠴᠦ ᠲᠤᠰ ᠭᠠᠴᠠᠭᠠᠨ ᠳᠤ ᠪᠠᠨ ᠰᠠᠭᠤᠷᠢᠰᠢᠵᠦ | ᠦᠭᠡᠢ ᠪᠤᠶᠤ ᠣᠷᠲᠦ ᠬᠤᠭᠤᠴᠠᠭ᠎ᠠ ᠪᠠᠷ ᠭᠠᠳᠠᠭᠰᠢ ᠭᠠᠷᠤᠭᠰᠠᠨ ᠰᠣᠩᠭᠤᠭᠤᠯᠢ ᠠᠷᠠᠳ ᠳᠤ ᠰᠤᠩᠭᠤᠭᠤᠯᠢ ᠶᠢᠨ ᠠᠵᠢᠯ ᠤᠨ | ᠵᠦᠪᠯᠡᠯ ᠨᠢ ᠬᠠᠤᠯᠢ ᠶᠤᠰᠤᠭᠠᠷ ᠮᠡᠳᠡᠭᠳᠡᠭᠰᠡᠨ ᠤ ᠳᠠᠷᠠᠭ᠎ᠠ ᠳᠤᠭᠳᠠᠭᠰᠠᠨ ᠬᠤᠭᠤᠴᠠᠭᠠᠨ ᠳᠤ ᠰᠣᠩᠭᠤᠭᠤᠯᠢ ᠳᠤ | ᠣᠷᠣᠯᠴᠠᠬᠤ ᠪᠠᠨ ᠢᠯᠡᠷᠬᠡᠶᠢᠯᠡᠭᠰᠡᠨ ᠦᠭᠡᠢ ᠪᠤᠶᠤ ᠨᠢᠭᠡ ᠵᠢᠯ ᠠᠴᠠ ᠳᠡᠭᠡᠭᠰᠢ ᠭᠠᠳᠠᠭᠰᠢ ᠭᠠᠷᠴᠦ ᠬᠠᠷᠢᠯᠴᠠᠵᠤ ᠲᠡᠶᠢᠯᠬᠦ | ᠦᠭᠡᠢ ᠰᠤᠩᠭᠤᠭᠤᠯᠢ ᠠᠷᠠᠳ ᠢ 5 ᠡᠳᠦᠷ ᠢᠯᠡ ᠨᠡᠶᠢᠳᠡᠯᠡᠨ᠂ ᠰᠠᠨᠠᠯ ᠦᠭᠡᠢ ᠪᠣᠯ ᠰᠣᠩᠭᠤᠭᠤᠯᠢ ᠠᠷᠠᠳ ᠢᠶᠠᠷ | ᠪᠦᠷᠢᠳᠬᠡᠬᠦ ᠥᠬᠡᠶ ᠪᠠᠶᠢᠵᠤ ᠪᠣᠯᠤᠨ᠎ᠠ᠃ | ⑶ ᠵᠢᠱᠢᠭᠳᠡᠭᠴᠢ ᠶᠢᠨ ᠨᠡᠷ᠎ᠡ ᠳᠤᠷᠠᠳᠬᠤ ᠪᠠ ᠬᠢᠷᠢ ᠬᠡᠮ ᠢ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠤᠯᠳᠠ ᠶᠢᠨ | ᠬᠢᠨᠠᠨ ᠰᠢᠯᠭᠠᠯᠳᠠ ᠬᠢᠬᠦ ︵2021 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ︶᠃ ᠭᠠᠴᠠᠭᠠᠨ | ᠵᠥᠪᠯᠡᠯ ᠤᠨ ᠪᠦᠷᠢᠯᠳᠦᠭᠦᠨ ᠤ ᠵᠢᠱᠢᠭᠳᠡᠭᠰᠡᠳ ᠢ ᠰᠣᠩᠭᠤᠭᠤᠯᠢ ᠳᠤ ᠣᠷᠣᠯᠴᠠᠬᠤ ᠪᠠᠷ ᠪᠦᠷᠢᠳᠬᠡᠭᠦᠯᠦᠭᠰᠡᠨ ᠭᠠᠴᠠᠭᠠᠨ ᠤ | ᠮᠠᠯᠴᠢᠳ ᠠᠴᠠ ᠰᠢᠭᠤᠳ ᠨᠡᠷ᠎ᠡ ᠳᠣᠷᠠᠳᠤᠨ᠂ ᠰᠤᠩᠭᠤᠭᠤᠯᠢ ᠳᠤ ᠤᠷᠤᠯᠴᠠᠬᠤ ᠨᠥᠬᠦᠴᠡᠯ ᠳᠤ ᠨᠡᠶᠢᠴᠡᠬᠦ ᠰᠣᠩᠭᠤᠭᠤᠯᠢ | ᠠᠷᠠᠳ ᠨᠢ ᠲᠣᠭᠲᠠᠭᠰᠠᠨ ᠡᠳᠦᠷ ᠬᠤᠭᠤᠴᠠᠭ᠎ᠠ ᠠᠴᠠ ᠡᠮᠦᠨ᠎ᠡ ᠭᠠᠴᠠᠭᠠᠨ ᠤ ᠰᠣᠩᠭᠤᠭᠤᠯᠢ ᠶᠢᠨ ᠠᠵᠢᠯ ᠤᠨ ᠵᠦᠪᠯᠡᠯ ᠲᠤ | ᠪᠢᠴᠢᠭ ᠤᠨ ᠬᠡᠯᠪᠡᠷᠢ ᠪᠠᠷ ᠰᠣᠩᠭᠤᠭᠤᠯᠢ ᠳᠤ ᠣᠷᠣᠯᠴᠠᠬᠤ ᠬᠦᠰᠡᠯ ᠡᠷᠡᠮᠡᠯᠵᠡᠯ ᠪᠠ ᠲᠤᠰᠢᠶᠠᠯ ᠵᠶ᠋ᠠᠨᠢᠯᠡᠳᠬᠡᠨᠡ᠃ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠰᠣᠩᠭᠤᠭᠤᠯᠢ ᠶᠢᠨ ᠠᠵᠢᠯ ᠤᠨ ᠵᠥᠪᠯᠡᠯ ᠠᠴᠠ ᠰᠣᠩᠭᠤᠭᠤᠯᠢ ᠳᠤ | ᠣᠷᠣᠯᠴᠠᠬᠤ ᠨᠡᠷᠡᠰ ᠲᠤ ᠠᠩᠬᠠᠨ ᠤ ᠬᠢᠨᠠᠯᠲᠠ ᠬᠢᠭᠰᠡᠨ ᠤ ᠳᠠᠷᠠᠭ᠎ᠠ᠂ᠰᠤᠮᠤᠨ ᠤ ᠨᠠᠮ ᠤᠨ ᠬᠤᠷᠢᠶᠠᠨ ᠳᠤ ᠮᠡᠳᠡᠭᠦᠯᠦᠨ | ᠬᠢᠨᠠᠨ ᠬᠠᠷᠭᠤᠭᠤᠯᠤᠯᠲᠠ ᠬᠢᠯᠭᠡᠵᠦ᠂ ᠳᠡᠰ ᠳᠠᠷᠠᠭᠠᠯᠠᠯ ᠶᠣᠰᠣᠭᠠᠷ ᠬᠤᠰᠢᠭᠤ ᠬᠤᠭᠤᠴᠠᠭ᠎ᠠ ᠰᠣᠯᠢᠬᠤ ᠰᠤᠩᠭᠤᠭᠤᠯᠢ ᠶᠢᠨ | ᠠᠯᠪᠠᠨ ᠭᠡᠷ ᠲᠤ ᠳᠡᠪᠰᠢᠭᠦᠯᠵᠦ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ | ᠰᠤᠩᠭᠤᠭᠤᠯᠢ ᠶᠢᠨ ᠳᠡᠰ ᠳᠠᠷᠠᠭᠠᠯᠠᠯ ᠢᠶᠠᠷ ᠯᠠᠪᠯᠠᠯᠲᠠ ᠪᠣᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ | ᠬᠤᠷᠢᠶᠠᠵᠤ ᠬᠢᠷᠢ ᠬᠡᠮ ᠢ ᠬᠤᠯᠪᠤᠭᠠᠯᠠᠨ ᠬᠢᠨᠠᠵᠤ᠂ ᠬᠢᠷᠢ ᠬᠡᠮ ᠢ ᠬᠤᠯᠪᠤᠭᠠᠯᠠᠨ ᠬᠢᠨᠠᠭᠰᠠᠨ ᠦᠷ᠎ᠡ ᠳ᠋ᠦᠩ ᠪᠠ ᠵᠣᠬᠢᠶᠠᠨ | ᠪᠠᠶᠢᠭᠤᠯᠤᠯᠲᠠ ᠶᠢᠨ ᠬᠢᠨᠠᠨ ᠰᠢᠯᠭᠠᠯᠳᠠ ᠶᠢᠨ ᠪᠠᠶᠢᠳᠠᠯ ᠢ ᠦᠨᠳᠦᠰᠦᠯᠡᠨ᠂ ᠵᠢᠩᠬᠢᠨᠢ ᠵᠢᠱᠢᠭᠳᠡᠭᠰᠡᠳ ᠤᠨ ᠨᠡᠷᠡᠰ ᠢ ᠬᠠᠤᠯᠢ | ᠶᠣᠰᠣᠭᠠᠷ ᠲᠣᠭᠲᠠᠭᠠᠵᠤ᠂ ᠰᠣᠩᠭᠤᠭᠤᠯᠢ ᠳᠤ ᠳᠡᠪᠰᠢᠭᠦᠯᠦᠨ᠎ᠡ᠃ ᠭᠠᠴᠠᠭᠠᠨ ᠵᠥᠪᠯᠡᠯ ᠤᠨ ᠪᠦᠷᠢᠯᠳᠦᠭᠦᠨ ᠤ | ᠵᠢᠱᠢᠭᠳᠡᠭᠰᠡᠳ ᠭᠠᠷᠤᠭᠰᠠᠨ ᠤ ᠳᠠᠷᠠᠭ᠎ᠠ᠂ ᠭᠠᠴᠠᠭᠠᠨ ᠤ ᠰᠣᠩᠭᠤᠭᠤᠯᠢ ᠶᠢᠨ ᠵᠦᠪᠯᠡᠯ ᠨᠢ ᠵᠢᠱᠢᠭᠳᠡᠭᠴᠢ ᠶᠢᠨ ᠣᠯᠤᠭᠰᠠᠨ | ᠪᠢᠯᠧᠲ ᠶᠢᠨ ᠣᠯᠠᠨ ᠴᠥᠭᠡᠨ ᠤ ᠳᠡᠰ ᠳᠠᠷᠠᠭᠠᠯᠠᠯ ᠢᠶᠠᠷ ᠵᠢᠩᠬᠢᠨᠢ ᠰᠣᠩᠭᠤᠭᠤᠯᠢ ᠶᠢᠨ ᠡᠳᠦᠷ ᠠᠴᠠ 5 ᠡᠳᠦᠷ ᠤᠨ ᠡᠮᠦᠨ᠎ᠡ | ᠢᠯᠡ ᠨᠡᠶᠢᠳᠡᠯᠡᠨ᠎ᠡ᠃ | ⑷ ᠲᠤᠬᠠᠶ ᠶᠢᠨ ᠲᠠᠯᠠᠪᠤᠷ ᠲᠤ ᠪᠢᠯᠧᠲ ᠥᠭᠴᠦ ᠰᠣᠩᠭᠤᠭᠤᠯᠢ ᠶᠠᠪᠤᠭᠳᠠᠭᠤᠯᠤᠨ᠎ᠠ ︵2021 ᠣᠨ ᠤ 2 ᠰᠠᠷ᠎ᠠ ᠶᠢᠨ | 28 ᠤ ᠡᠳᠦᠷ ᠠᠴᠠ ᠡᠮᠦᠨ᠎ᠡ︶᠃ ᠭᠠᠴᠠᠭᠠᠨ ᠵᠥᠪᠯᠡᠯ ᠳᠤ ᠰᠢᠭᠤᠳ ᠰᠣᠩᠭᠤᠭᠤᠯᠢ ᠶᠠᠪᠤᠭᠳᠠᠭᠤᠯᠤᠨ᠎ᠠ᠃ ᠭᠠᠴᠠᠭᠠᠨ | ᠵᠥᠪᠯᠡᠯ ᠤᠨ ᠰᠣᠩᠭᠤᠭᠤᠯᠢ ᠨᠢ ᠰᠣᠩᠭᠤᠭᠤᠯᠢ ᠶᠢᠨ ᠶᠡᠭᠡ ᠬᠤᠷᠠᠯ ᠢ ᠬᠤᠷᠠᠯᠳᠤᠭᠤᠯᠵᠤ ᠳᠣᠬᠠᠢ ᠶᠢᠨ ᠲᠠᠯᠠᠪᠠᠢ ᠳᠤ | ᠲᠥᠪᠯᠡᠷᠡᠭᠦᠯᠦᠨ ᠪᠢᠯᠧᠲ ᠥᠭᠭᠦᠨ᠎ᠡ᠃ ᠵᠢᠱᠢᠭᠳᠡᠭᠰᠡᠳ ᠤᠨ ᠳᠣᠲᠣᠷ᠎ᠠ ᠠᠴᠠ ᠭᠠᠴᠠᠭᠠᠨ ᠵᠥᠪᠯᠡᠯ ᠤᠨ ᠡᠷᠬᠢᠯᠡᠭᠴᠢ᠂ | ᠳᠡᠳ᠋ ᠡᠷᠬᠢᠯᠡᠭᠴᠢ ᠪᠠ ᠬᠡᠰᠢᠭᠦᠨ ᠢ ᠨᠢᠭᠡᠯᠡ ᠤᠳᠠᠭ᠎ᠠ ᠪᠠᠷ ᠪᠢᠯᠧᠲ ᠥᠭᠴᠦ ᠰᠣᠩᠭᠤᠨ᠎ᠠ᠃ ︵ᠡᠰᠡᠭᠦᠯ᠎ᠡ᠂ ᠲᠤᠰᠢᠶᠠᠯ | ᠢᠶᠠᠷ ᠨᠢ ᠬᠤᠪᠢᠶᠠᠵᠤ ᠡᠷᠬᠢᠯᠡᠭᠴᠢ᠂ ᠳᠡᠳ᠋ ᠡᠷᠬᠢᠯᠡᠭᠴᠢ ᠪᠠ ᠬᠡᠰᠢᠭᠦᠨ ᠢ ᠲᠤᠰ ᠪᠦᠷᠢ ᠪᠢᠯᠧᠲ ᠥᠭᠴᠦ ᠰᠣᠩᠭᠤᠨ᠎ᠠ︶ | ᠪᠢᠯᠧᠲ ᠦᠭᠴᠦ ᠰᠣᠩᠭᠤᠭᠤᠯᠢ ᠬᠢᠬᠦ ᠠᠵᠢᠯ ᠢ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢᠡᠴᠡ ᠬᠠᠷᠢᠭᠤᠴᠠᠨ | ᠭᠦᠢᠴᠡᠳᠬᠡᠨ᠎ᠡ᠃ ᠬᠤᠭᠤᠴᠠᠭ᠎ᠠ ᠰᠣᠯᠢᠬᠤ ᠳᠤ ᠵᠥᠷᠢᠶᠡᠲᠦ ᠲᠣᠭᠠᠨ ᠤ ᠰᠣᠩᠭᠤᠭᠤᠯᠢ ᠶᠠᠪᠤᠭᠤᠯᠵᠤ᠂ ᠨᠡᠷ᠎ᠡ ᠪᠢᠴᠢᠬᠦ ᠦᠭᠡᠢ | ᠰᠣᠩᠭᠤᠭᠤᠯᠢ ᠶᠢᠨ ᠪᠢᠯᠧᠲ ᠥᠭᠴᠦ᠂ ᠢᠯᠡ ᠪᠠᠷ ᠪᠢᠯᠧᠲ ᠳᠡᠮᠳᠡᠭᠯᠡᠨ᠂ ᠰᠣᠩᠭᠤᠭᠤᠯᠢ ᠶᠢᠨ ᠦᠷ᠎ᠡ ᠳ᠋ᠦ᠋ᠩ ᠢ ᠳᠣᠬᠠᠢ ᠶᠢᠨ | ᠳᠠᠯᠠᠪᠤᠷ ᠲᠤ ᠨᠡᠶᠢᠲᠡᠯᠡᠬᠦ ᠠᠷᠭ᠎ᠠ ᠪᠠᠷ ᠶᠠᠪᠤᠭᠳᠠᠭᠤᠯᠤᠨ᠂ ᠪᠢᠯᠧᠲ ᠥᠭᠬᠦ ᠴᠠᠭ ᠢ ᠴᠢᠩᠭ᠎ᠠ ᠲᠣᠭᠲᠠᠭᠠᠵᠤ᠂ ᠬᠠᠤᠯᠢ ᠪᠠᠷ | ᠲᠣᠭᠲᠠᠭᠠᠭᠰᠠᠨ ᠴᠠᠭ ᠤᠨ ᠳᠣᠲᠣᠷ᠎ᠠ ᠰᠣᠩᠭᠤᠭᠤᠯᠢ ᠶᠢ ᠶᠠᠪᠤᠭᠳᠠᠭᠤᠯᠤᠨ᠎ᠠ᠃ ᠰᠣᠩᠭᠤᠭᠤᠯᠢ ᠶᠢᠨ ᠬᠤᠷᠠᠯ ᠳᠤ | ᠣᠷᠣᠯᠴᠠᠭᠰᠠᠨ ᠬᠥᠮᠦᠨ ᠤ ᠲᠤᠭ᠎ᠠ᠂ ᠳᠠᠷᠣᠮᠯᠠᠭᠰᠠᠨ ᠰᠣᠩᠭᠤᠭᠤᠯᠢ ᠶᠢᠨ ᠪᠢᠯᠧᠲ ᠶᠢᠨ ᠳᠤᠭ᠎ᠠ᠂ ᠳᠠᠷᠬᠠᠭᠠᠭᠰᠠᠨ | ᠰᠣᠩᠭᠤᠭᠤᠯᠢ ᠶᠢᠨ ᠪᠢᠯᠧᠲ ᠶᠢᠨ ᠲᠤᠭ᠎ᠠ᠂ ᠦᠯᠡᠳᠡᠭᠰᠡᠨ ᠰᠣᠩᠭᠤᠭᠤᠯᠢ ᠶᠢᠨ ᠪᠢᠯᠧᠲ ᠢ ᠦᠭᠡᠶᠢᠰᠭᠡᠭᠰᠡᠨ ᠳᠤᠭ᠎ᠠ᠂ | ᠬᠤᠷᠢᠶᠠᠭᠰᠠᠨ ᠰᠣᠩᠭᠤᠭᠤᠯᠢ ᠶᠢᠨ ᠪᠢᠯᠧᠲ ᠶᠢᠨ ᠳᠤᠭ᠎ᠠ᠂ ᠵᠥᠪᠰᠢᠶᠡᠷᠡᠬᠦ ︵ᠡᠰᠡ ᠵᠦᠪᠰᠢᠶᠡᠷᠡᠬᠦ︶ ᠪᠢᠯᠧᠲ ᠪᠠ | ᠡᠷᠬᠡ ᠪᠠᠨ ᠬᠠᠶᠠᠭᠰᠠᠨ ᠪᠢᠯᠧᠲ ᠵᠢᠴᠢ ᠬᠦᠴᠦᠨ ᠦᠭᠡᠢ ᠪᠤᠯᠤᠭᠰᠠᠨ ᠪᠢᠯᠧᠲ ᠶᠢᠨ ᠲᠤᠭ᠎ᠠ᠂ ᠪᠢᠯᠧᠲ ᠳᠡᠮᠳᠡᠭᠯᠡᠭᠰᠡᠨ | ᠦᠷ᠎ᠡ ᠳ᠋ᠥᠩ᠂ ᠰᠣᠩᠭᠤᠭᠳᠠᠭᠰᠠᠨ ᠦᠷ᠎ᠡ ᠳ᠋ᠥᠩ ᠵᠡᠷᠭᠡ 8 ᠵᠦᠢᠯ ᠤᠨ ᠠᠭᠤᠯᠭ᠎ᠠ ᠶᠢ ᠨᠡᠶᠢᠲᠡᠯᠡᠬᠦ ᠬᠡᠷᠡᠭᠲᠡᠶ᠃ ᠪᠢᠯᠧᠲ | ᠥᠭᠬᠦ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠢᠭᠤᠴᠠ ᠪᠠᠷ ᠪᠢᠯᠧᠲ ᠪᠢᠴᠢᠬᠦ ᠳᠦᠷᠢᠮ ᠢ | ᠬᠡᠷᠡᠭᠵᠢᠭᠦᠯᠵᠦ᠂ ᠨᠡᠭᠦᠲᠡᠯ ᠪᠢᠯᠧᠲ ᠤᠨ ᠬᠠᠶᠢᠷᠴᠠᠭ ᠢ ᠬᠡᠷᠡᠭᠯᠡᠬᠦ ᠶᠢ ᠴᠢᠩᠭ᠎ᠠ ᠡᠵᠡᠮᠳᠡᠵᠤ᠂ ᠪᠢᠯᠧᠲ ᠤᠩᠰᠢᠬᠤ ᠪᠠ | ᠪᠢᠯᠧᠲ ᠳᠡᠮᠳᠡᠭᠯᠡᠬᠦ ᠠᠷᠭ᠎ᠠ ᠶᠢ ᠲᠦᠷᠢᠮᠵᠢᠭᠦᠯᠦᠨ᠂ ᠥᠳᠥᠭᠡᠨ ᠳᠠᠭᠠᠭᠤᠯᠵᠤ ᠪᠢᠯᠧᠲ ᠥᠭᠬᠦ᠂ ᠳᠠᠪᠬᠤᠷᠳᠠᠭᠤᠯᠤᠨ ᠪᠢᠯᠧᠲ | ᠥᠭᠬᠦ᠂ ᠬᠠᠤᠯᠢ ᠪᠤᠰᠤ ᠪᠠᠷ ᠨᠠᠶᠢᠳᠠᠨ ᠪᠢᠯᠧᠲ ᠥᠭᠬᠦ᠂ ᠨᠡᠭᠦᠲᠡᠯ ᠪᠢᠯᠧᠲ ᠤᠨ ᠬᠠᠶᠢᠷᠴᠠᠭ ᠢ ᠳᠤᠭᠳᠠᠭᠠᠯ ᠠᠴᠠ | ᠵᠥᠷᠢᠴᠡᠨ ᠬᠡᠷᠡᠭᠯᠡᠬᠦ ᠪᠠ ᠳᠡᠰ ᠳᠠᠷᠠᠭᠠᠯᠠᠯ ᠢ ᠬᠠᠰᠣᠵᠦ ᠲᠦᠭᠦᠮᠴᠢᠯᠡᠬᠦ ᠵᠡᠷᠭᠡ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠬᠦ | ᠬᠡᠷᠡᠭᠲᠡᠶ᠃ ᠡᠯ᠎ᠡ ᠭᠠᠴᠠᠭ᠎ᠠ ᠨᠢ ᠵᠠᠮ ᠬᠠᠷᠢᠯᠴᠠᠭ᠎ᠠ᠂ ᠠᠭᠤᠷ ᠠᠮᠢᠰᠬᠤᠯ ᠵᠡᠷᠭᠡ ᠨᠥᠯᠥᠭᠡᠯᠡᠬᠦ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠨᠡᠭᠦᠳᠡᠯ ᠪᠢᠯᠧᠲ ᠤᠨ ᠬᠠᠶᠢᠷᠴᠠᠭ ᠢ ᠬᠡᠷᠡᠭᠯᠡᠬᠦ ᠶᠢ ᠴᠢᠩᠭ᠎ᠠ ᠡᠵᠡᠮᠳᠠᠵᠤ᠂ ᠦᠨᠡᠨᠬᠦ | ᠬᠡᠷᠡᠭᠯᠡᠬᠦ ᠴᠢᠬᠤᠯᠠ ᠲᠠᠢ ᠪᠣᠯ ᠡᠷᠬᠡᠪᠰᠢ 3 ᠠᠴᠠ ᠳᠡᠭᠡᠭᠰᠢ ᠪᠢᠯᠧᠲ ᠬᠢᠨᠠᠭᠴᠢ ᠠᠴᠠ ᠪᠢᠯᠧᠲ ᠥᠭᠬᠦ ᠠᠵᠢᠯ ᠶᠢ | ᠬᠠᠷᠢᠭᠤᠴᠠᠨ᠂ ᠳᠤᠷ᠎ᠠ ᠪᠠᠷ ᠢᠶᠠᠨ ᠰᠤᠩᠭᠤᠭᠤᠯᠢ ᠶᠢᠨ ᠬᠠᠶᠢᠷᠴᠠᠭ ᠢ ᠨᠡᠭᠡᠭᠡᠬᠦ ᠪᠤᠶᠤ ᠪᠢᠯᠧᠲ ᠪᠦᠷᠢᠳᠬᠡᠵᠦ ᠪᠣᠯᠬᠤ ᠦᠭᠡᠢ᠃ | ᠬᠠᠤᠯᠢ ᠶᠣᠰᠣᠭᠠᠷ ᠨᠠᠶᠢᠳᠠᠨ ᠪᠢᠯᠧᠲ ᠥᠭᠭᠦᠭᠦᠯᠬᠦ ᠭᠠᠷ ᠭᠦᠢᠴᠡᠳᠬᠡᠯ ᠬᠢᠵᠦ᠂ ᠰᠤᠩᠭᠤᠭᠤᠯᠢ ᠶᠢᠨ ᠡᠳᠦᠷ ᠲᠤ | ᠲᠤᠬᠠᠶ ᠶᠢᠨ ᠭᠠᠵᠠᠷ ᠲᠤ ᠨᠠᠶᠢᠳᠠᠨ ᠪᠢᠯᠧᠲ ᠥᠭᠭᠦᠭᠦᠯᠵᠦ ᠪᠣᠯᠬᠤ ᠦᠭᠡᠢ᠂ ᠡᠷᠬᠡᠪᠰᠢ ᠰᠣᠩᠭᠤᠭᠤᠯᠢ ᠶᠠᠪᠤᠭᠤᠯᠬᠤ ᠠᠴᠠ | 3 ᠡᠳᠦᠷ ᠤᠨ ᠡᠮᠦᠨ᠎ᠡ ᠪᠢᠴᠢᠭᠯᠡᠭᠰᠡᠨ ᠬᠡᠯᠪᠡᠷᠢ ᠪᠠᠷ ᠤᠶᠢᠷ᠎ᠠ ᠲᠥᠷᠥᠯ ᠰᠠᠳᠤᠨ ᠳᠠᠭᠠᠨ ᠨᠠᠶᠢᠳᠠᠨ ᠭᠦᠢᠴᠡᠳᠬᠡᠯᠭᠡᠵᠦ᠂ | ᠰᠣᠩᠭᠤᠭᠤᠯᠢ ᠠᠷᠠᠳ ᠨᠢᠭᠡᠪᠦᠷᠢ 3 ᠬᠥᠮᠦᠨ ᠠᠴᠠ ᠢᠯᠡᠭᠦᠦ ᠨᠠᠶᠢᠳᠠᠯᠭ᠎ᠠ ᠬᠦᠯᠢᠶᠡᠵᠦ ᠪᠣᠯᠬᠤ ᠦᠭᠡᠢ᠃ ᠵᠢᠱᠢᠭᠳᠡᠭᠰᠡᠳ ᠢ | ᠲᠤᠬᠠᠶ ᠶᠢᠨ ᠲᠠᠯᠠᠪᠠᠢ ᠠᠴᠠ ᠵᠠᠶᠢᠯᠠᠭᠤᠯᠬᠤ ᠳᠦᠷᠢᠮ ᠢ ᠬᠡᠷᠡᠭᠵᠢᠭᠦᠯᠵᠦ᠂ ᠵᠢᠱᠢᠭᠳᠡᠭᠰᠡᠳ ᠢ ᠰᠣᠩᠭᠤᠭᠤᠯᠢ ᠶᠠᠪᠤᠭᠤᠯᠬᠤ | ᠡᠳᠦᠷ ᠤᠷᠢᠳᠠᠪᠠᠷ ᠲᠥᠪᠯᠡᠷᠡᠭᠦᠯᠦᠨ ᠪᠢᠯᠧᠲ ᠦᠭᠭᠦᠭᠦᠯᠵᠦ᠂ ᠳᠠᠬᠢᠨ ᠬᠠᠮᠲᠦ ᠳᠤᠨᠢ ᠵᠠᠶᠢᠯᠠᠭᠤᠯᠤᠨ᠂ ᠰᠣᠩᠭᠤᠭᠤᠯᠢ | ᠠᠷᠠᠳ ᠤᠨ ᠡᠵᠡᠨ ᠮᠡᠳᠡᠵᠦ᠂ ᠪᠢᠯᠧᠲ ᠥᠭᠬᠦ ᠶᠢ ᠨᠥᠯᠥᠭᠡᠯᠡᠵᠦ ᠪᠣᠯᠬᠤ ᠦᠭᠡᠢ᠃ | ⒊ᠭᠠᠴᠠᠭᠠᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠢ ᠰᠣᠩᠭᠤᠨ ᠭᠠᠷᠭᠠᠬᠤ ᠠᠵᠢᠯ ᠢ ᠰᠠᠶᠢᠲᠤᠷ ᠬᠢᠬᠦ | ᠬᠡᠷᠡᠭᠲᠡᠶ ︵2021 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ︶᠃ ᠰᠢᠨ᠎ᠡ ᠨᠢᠭᠡ ᠬᠤᠭᠤᠴᠠᠭᠠᠨ ᠤ | ᠭᠠᠴᠠᠭᠠᠨ ᠤ ︽ᠬᠤᠶᠠᠷ ᠪᠠᠭ︾ ᠤᠨ ᠤᠳᠤᠷᠢᠳᠬᠤ ᠪᠠᠭ ᠢ ᠰᠣᠩᠭᠤᠨ ᠭᠠᠷᠭᠠᠭᠰᠠᠨ ᠤ ᠳᠠᠷᠠᠭ᠎ᠠ᠂ ᠭᠠᠴᠠᠭᠠᠨ ᠤ | ᠶᠠᠪᠤᠳᠠᠯ ᠳᠤ ᠬᠢᠨᠠᠯᠲᠠ ᠳᠠᠯᠪᠢᠬᠤ ᠵᠥᠪᠯᠡᠯ ᠤᠨ ᠬᠡᠰᠢᠭᠦᠨ ᠢ ᠲᠠᠨᠢᠯᠴᠠᠭᠤᠯᠤᠨᠰᠣᠩᠭᠤᠨ ᠭᠠᠷᠭᠠᠵᠤ᠂ ᠰᠤᠮᠤ ᠪᠠ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠵᠢᠱᠢᠭᠳᠡᠭᠴᠢ ᠶᠢᠨ ᠬᠢᠷᠢ ᠬᠡᠮ ᠢ ᠴᠢᠩᠭ᠎ᠠ ᠠᠳᠬᠤᠬᠤ ᠬᠡᠷᠡᠭᠲᠡᠶ᠃ | ᠭᠠᠴᠠᠭᠠᠨ ᠤ ᠶᠠᠪᠤᠳᠠᠯ ᠳᠤ ᠬᠢᠨᠠᠯᠲᠠ ᠳᠠᠯᠪᠢᠬᠤ ᠵᠥᠪᠯᠡᠯ ᠨᠢ ᠡᠩ ᠤᠨ ᠪᠠᠢᠳᠠᠯ ᠳᠤ 3 ᠠᠴᠠ 5 ᠬᠥᠮᠦᠨ ᠢᠶᠠᠷ ᠪᠦᠷᠢᠯᠳᠦᠵᠦ | ᠂ ᠡᠷᠬᠢᠯᠡᠭᠴᠢ 1 ᠬᠥᠮᠦᠨ ᠳᠤᠬᠢᠷᠠᠭᠤᠯᠤᠨ᠂ ᠡᠷᠬᠢᠯᠡᠭᠴᠢ ᠨᠢ ᠵᠠᠷᠴᠢᠮ ᠳᠡᠭᠡᠷ᠎ᠡ ᠪᠠᠨ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠡᠭᠦᠷᠭᠡᠯᠡᠨ᠎ᠡ᠂ ᠬᠡᠰᠢᠭᠦᠨ ᠢ ᠭᠠᠴᠠᠭᠠᠨ ᠤ ᠮᠠᠯᠴᠢᠳ ᠤᠨ | ᠬᠤᠷᠠᠯ ᠪᠤᠶᠤ ᠭᠠᠴᠠᠭᠠᠨ ᠤ ᠮᠠᠯᠴᠢᠨ ᠲᠥᠯᠥᠭᠡᠯᠡᠭᠴᠢᠳ ᠤᠨ ᠬᠤᠷᠠᠯ ᠠᠴᠠ ᠲᠠᠨᠢᠯᠴᠠᠭᠤᠯᠤᠨ ᠰᠣᠩᠭᠤᠨ ᠭᠠᠷᠭᠠᠵᠦ᠂ | ᠵᠠᠯᠭᠠᠭ᠎ᠠ ᠪᠠᠷ ᠰᠣᠩᠭᠤᠭᠳᠠᠵᠤ ᠦᠷᠭᠦᠯᠵᠢᠯᠡᠨ ᠲᠤᠰᠢᠶᠠᠯ ᠡᠭᠦᠷᠭᠡᠯᠡᠵᠦ ᠪᠣᠯᠤᠨ᠎ᠠ᠃ ᠲᠠᠨᠢᠯᠴᠠᠭᠤᠯᠤᠨ ᠰᠤᠩᠭᠤᠨ ᠭᠠᠷᠭᠠᠬᠤ | ᠠᠵᠢᠯ ᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠡᠷᠬᠢᠯᠡᠵᠦ᠂ ᠵᠢᠱᠢᠭᠳᠡᠭᠰᠡᠳ ᠢ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ᠂ ᠮᠠᠯᠴᠢᠳ ᠤᠨ ᠲᠥᠯᠥᠭᠡᠯᠡᠭᠴᠢᠳ ᠤᠨ ᠬᠤᠷᠠᠯ ᠢᠶᠠᠷ ᠳᠡᠪᠰᠢᠭᠦᠯᠦᠨ ᠲᠠᠨᠢᠯᠴᠠᠭᠤᠯᠵᠤ᠂ | ᠰᠤᠮᠤᠨ ᠤ ᠨᠠᠮ ᠤᠨ ᠬᠤᠷᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠲᠣᠭᠲᠠᠭᠠᠨ᠎ᠠ᠃ | ⒋ ᠭᠠᠴᠠᠭᠠᠨ ᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠨ᠎ᠠ ︵ | 2021 ᠣᠨ ᠤ 3 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶᠃ ᠭᠠᠴᠠᠭᠠᠨ ᠤ ︽ᠬᠤᠶᠠᠷ ᠪᠠᠭ︾ ᠤᠨ | ᠬᠤᠭᠤᠴᠠᠭ᠎ᠠ ᠰᠣᠯᠢᠬᠤ ᠠᠵᠢᠯ ᠢᠶᠠᠷ ᠲᠣᠬᠢᠶᠠᠯ ᠪᠣᠯᠭᠠᠵᠤ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠤᠭᠠᠳᠤ ᠬᠤᠷᠠᠯ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠳᠠ ᠪᠣᠯᠤᠨ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠪᠠᠭᠲᠠᠭᠠᠭᠰᠠᠨ | ᠭᠠᠴᠠᠭᠠᠨ ᠤ ᠪᠤᠰᠤᠳ ᠵᠣᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠳᠠᠶᠢᠴᠢᠯᠠᠵᠤ᠂ ᠡᠯ᠎ᠡ ᠲᠥᠷᠥᠯ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠳᠣᠣᠷ᠎ᠠ ᠬᠠᠤᠯᠢ ᠶᠣᠰᠣᠭᠠᠷ ᠠᠵᠢᠯ ᠢᠶᠠᠨ | ᠦᠷᠨᠢᠭᠦᠯᠤᠨ᠂ ᠡᠷᠡᠭᠦᠯ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠳ᠋ᠦᠩᠨᠡᠯᠲᠡ ᠶᠢᠨ ᠱᠠᠳᠤ ᠦᠶ᠎ᠡ ︵2021 ᠣᠨ ᠤ 4 ᠰᠠᠷ᠎ᠠ ᠶᠢᠨ 30 ᠤ ᠡᠳᠦᠷ ᠠᠴᠠ ᠡᠮᠦᠨ᠎ᠡ︶ | ⒈ᠬᠤᠭᠤᠴᠠᠭ᠎ᠠ ᠰᠤᠯᠢᠭᠰᠠᠨ ᠤ ᠳᠠᠷᠠᠭᠠᠬᠢ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠰᠤᠮᠤᠨ ᠤ ᠨᠠᠮ ᠤᠨ | ᠬᠤᠷᠢᠶ᠎ᠠ ᠪᠣᠯᠤᠨ ᠰᠤᠮᠤᠨ ᠤ ᠬᠤᠭᠤᠴᠠᠭ᠎ᠠ ᠰᠣᠯᠢᠬᠤ ᠠᠵᠢᠯ ᠤᠨ ᠵᠢᠭᠠᠨ ᠵᠢᠯᠣᠭᠤᠳᠬᠤ ᠳᠤᠭᠤᠶᠢᠯᠠᠩ ᠨᠢ ᠭᠠᠴᠠᠭᠠᠨ ᠤ | ︽ᠬᠤᠶᠠᠷ ᠪᠠᠭ︾ ᠤᠨ ᠰᠢᠨ᠎ᠡ ᠬᠠᠭᠤᠴᠢᠨ ᠪᠠᠭ ᠢ ᠨᠢᠭᠡᠳᠦᠯᠲᠡᠶ ᠵᠣᠬᠢᠶᠠᠨ ᠪᠠᠶᠢᠭᠤᠯᠵᠤ ᠬᠤᠭᠤᠴᠠᠭ᠎ᠠ ᠰᠣᠯᠢᠬᠤ ᠠᠵᠢᠯ | ᠳᠠᠭᠤᠰᠤᠭᠰᠠᠨ ᠤ ᠳᠠᠷᠠᠭᠠᠬᠢ 10 ᠡᠳᠦᠷ ᠤᠨ ᠳᠣᠲᠣᠷ᠎ᠠ ᠠᠯᠪᠠᠨ ᠲᠠᠮᠠᠭ᠎ᠠ᠂ ᠪᠢᠴᠢᠭ ᠮᠠᠲ᠋ᠧᠷᠢᠶᠠᠯ᠂ ︽ᠭᠤᠷᠪᠠᠨ ᠪᠠᠯᠠ︾ | ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠰᠠᠶᠢᠲᠤᠷ ᠬᠢᠵᠦ᠂ ᠭᠠᠴᠠᠭᠠᠨ ᠤ ᠶᠠᠪᠤᠳᠠᠯ ᠤᠨ ᠬᠡᠪ ᠤᠨ ᠠᠵᠢᠯᠯᠠᠭ᠎ᠠ ᠶᠢ | ᠪᠠᠲᠤᠯᠠᠨ᠎ᠠ᠃ ᠲᠤᠰᠢᠶᠠᠯ ᠠᠴᠠ ᠪᠠᠨ ᠰᠠᠯᠵᠤ᠂ ᠲᠤᠰᠢᠶᠠᠯ ᠠᠴᠠ ᠪᠠᠨ ᠪᠠᠭᠤᠭᠰᠠᠨ ᠺᠠᠳ᠋ᠷ ᠤᠨ ᠦᠵᠡᠯ ᠰᠠᠨᠠᠭᠠᠨ ᠤ ᠠᠵᠢᠯ ᠢ | ᠰᠠᠶᠢᠲᠤᠷ ᠬᠢᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠰᠣᠩᠭᠤᠭᠤᠯᠢ ᠶᠢᠨ ᠦᠷ᠎ᠡ ᠳ᠋ᠦᠩ ᠳᠤ ᠵᠥᠪ ᠢᠶᠠᠷ | ᠬᠠᠨᠳᠤᠭᠤᠯᠵᠤ᠂ ᠰᠢᠨ᠎ᠡ ᠤᠳᠤᠷᠢᠳᠬᠤ ᠪᠠᠭ ᠤᠨ ᠠᠵᠢᠯ ᠢ ᠳᠡᠮᠵᠢᠬᠦᠯᠬᠦ ᠬᠡᠷᠡᠭᠲᠡᠢ᠃ ᠰᠤᠮᠤᠨ ᠤ ᠨᠠᠮ ᠤᠨ ᠬᠤᠷᠢᠶ᠎ᠠ ᠠᠴᠠ | ᠬᠤᠭᠤᠴᠠᠭ᠎ᠠ ᠰᠣᠯᠢᠬᠤ ᠰᠤᠩᠭᠤᠭᠤᠯᠢ ᠲᠠᠭᠤᠰᠤᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ᠂ ᠰᠢᠨ᠎ᠡ ᠪᠠᠷ | ᠰᠣᠩᠭᠤᠭᠳᠠᠭᠰᠠᠨ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠱᠠᠭᠠᠷᠳᠠᠨ ᠰᠤᠩᠭᠤᠭᠤᠯᠢ ᠶᠢᠨ | ᠶᠠᠪᠤᠴᠠ ᠳᠤ ᠪᠦᠷᠢᠯᠳᠦᠭᠰᠡᠨ ᠪᠢᠴᠢᠭ ᠮᠠᠲ᠋ᠧᠷᠢᠶᠠᠯ᠂ ᠨᠠᠮ ᠳᠤ ᠤᠷᠤᠭᠰᠠᠨ ᠪᠢᠴᠢᠭ ᠮᠠᠲ᠋ᠧᠷᠢᠶᠠᠯ᠂ ᠰᠤᠩᠭᠤᠭᠤᠯᠢ ᠶᠢᠨ | ᠪᠢᠴᠢᠭ ᠮᠠᠲ᠋ᠧᠷᠢᠶᠠᠯ᠂ ᠬᠢᠨᠠᠨ ᠰᠢᠯᠭᠠᠯᠳᠠ ᠶᠢᠨ ᠪᠢᠴᠢᠭ ᠮᠠᠲ᠋ᠧᠷᠢᠶᠠᠯ᠂ ᠲᠤᠰᠢᠶᠠᠯ ᠬᠠᠷᠢᠭᠤᠴᠠᠬᠤ ᠪᠢᠴᠢᠭ ᠮᠠᠲ᠋ᠧᠷᠢᠶᠠᠯ᠂ | ᠳᠠᠩᠰᠠᠯᠠᠭᠤᠯᠬᠤ ᠬᠦᠰᠦᠨᠦᠭᠲᠦ ᠵᠡᠷᠭᠡ ᠶᠢ ᠰᠤᠮᠤᠨ ᠤ ᠨᠠᠮ ᠤᠨ ᠬᠤᠷᠢᠶᠠᠨ ᠳᠤ ᠮᠡᠳᠡᠭᠦᠯᠦᠨ ᠳᠠᠩᠰᠠᠯᠠᠭᠤᠯᠤᠨ᠎ᠠ᠃ | ⒉ᠡᠭᠦᠷᠭᠡ ᠲᠤᠰᠢᠶᠠᠯ ᠢᠶᠠᠨ ᠬᠦᠢᠴᠡᠳᠬᠡᠬᠦ ᠪᠤᠯᠪᠠᠰᠤᠷᠠᠯ ᠤᠨ ᠠᠵᠢᠯ ᠢ ᠯᠠᠪᠳᠠᠭᠤᠨ ᠪᠠᠲᠤᠲᠠᠶ ᠦᠷᠨᠢᠬᠦᠯᠦᠨ᠎ᠡ᠃ | ᠰᠣᠩᠭᠤᠭᠤᠯᠢ ᠳᠠᠭᠤᠰᠤᠭᠰᠠᠨ ᠤ ᠳᠠᠷᠠᠭ᠎ᠠ᠂ ᠰᠢᠨ᠎ᠡ ᠪᠠᠷ ᠰᠣᠩᠭᠤᠭᠳᠠᠭᠰᠠᠨ ᠭᠠᠴᠠᠭᠠᠨ ᠤ ︽ᠬᠤᠶᠠᠷ ᠪᠠᠭ︾ ᠤᠨ | ᠪᠦᠷᠢᠯᠳᠦᠭᠦᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ᠂ ᠬᠤᠰᠢᠭᠤ᠂ ᠰᠤᠮᠤᠨ ᠳᠤ ᠱᠠᠲᠤ ᠬᠤᠪᠢᠶᠠᠨ ᠲᠥᠪᠯᠡᠷᠡᠭᠦᠯᠦᠨ | ᠪᠤᠯᠪᠠᠰᠤᠷᠠᠭᠤᠯᠬᠤ ᠬᠡᠷᠡᠭᠲᠡᠶ᠃ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ᠂ ᠭᠠᠴᠠᠭᠠᠨ ᠳᠠᠷᠤᠭ᠎ᠠ | ᠪᠣᠯᠤᠨ ᠭᠠᠴᠠᠭᠠᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠡᠷᠬᠢᠯᠡᠭᠴᠢ ᠶᠢ ᠵᠢᠯ ᠤᠨ ᠳᠣᠲᠣᠷ᠎ᠠ ᠨᠢᠭᠡ ᠤᠳᠠᠭ᠎ᠠ | ᠬᠤᠰᠢᠭᠤ ᠱᠠᠲᠤᠨ ᠠᠴᠠ ᠳᠡᠭᠡᠭᠰᠢᠬᠢ ᠲᠥᠪᠯᠡᠷᠡᠭᠦᠯᠦᠨ ᠰᠤᠷᠤᠯᠴᠠᠬᠤ ᠳᠤ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠪᠤᠰᠤᠳ ︽ᠬᠤᠶᠠᠷ ᠪᠠᠭ︾ ᠤᠨ ᠪᠦᠷᠢᠯᠳᠦᠭᠦᠨ ᠢ ᠰᠤᠮᠤᠨ ᠤ ᠨᠠᠮ ᠤᠨ ᠬᠤᠷᠢᠶ᠎ᠠ ᠠᠴᠠ ᠨᠢᠬᠡᠳᠦᠯᠲᠡᠢ ᠲᠥᠯᠥᠪᠯᠡᠨ ᠵᠣᠬᠢᠶᠠᠨ | ᠪᠠᠶᠢᠭᠤᠯᠵᠤ ᠰᠤᠷᠤᠯᠴᠠᠭᠤᠯᠤᠨ᠂ ᠨᠠᠮ ᠤᠨ ᠭᠡᠰᠢᠭᠦᠨ ᠤ ᠰᠤᠷᠭᠠᠨ ᠬᠥᠮᠦᠵᠢᠯ ᠤᠨᠰᠣᠷᠠᠭ ᠵᠠᠩᠭᠢᠵᠢᠯᠲᠠ ᠶᠢᠨ ᠰᠦᠯᠵᠢᠶᠡᠨ ᠤ | ᠲᠠᠪᠴᠠᠩ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠬᠠᠨᠳᠤᠯᠭᠠᠲᠤ ᠴᠢᠨᠠᠷᠲᠠᠶ ᠪᠤᠯᠪᠠᠰᠤᠷᠠᠯ ᠢ ᠳᠡᠰ ᠳᠠᠪᠬᠤᠷᠭ᠎ᠠ ᠲᠥᠷᠥᠯ ᠬᠤᠪᠢᠶᠠᠨ ᠥᠷᠨᠢᠭᠦᠯᠵᠦ᠂ ᠪᠦᠬᠦᠨ ᠢ ᠪᠦᠷᠬᠦᠭᠦᠯᠬᠦ ᠶᠢ | ᠦᠨᠡᠨᠬᠦ ᠪᠠᠲᠤᠯᠠᠨ᠎ᠠ᠃ ᠰᠤᠮᠤᠨ ᠤ ᠨᠠᠮ ᠤᠨ ᠬᠤᠷᠢᠶ᠎ᠡ ᠨᠢ ᠪᠣᠯᠪᠠᠰᠤᠷᠠᠯ ᠤᠨ ᠦᠷ᠎ᠡ ᠪᠦᠳᠤᠮᠵᠢ ᠲᠠᠢ ᠪᠠᠨ ᠤᠶᠠᠯᠳᠤᠭᠤᠯᠤᠨ | ᠂ ᠰᠢᠨ᠎ᠡ ᠤᠳᠤᠷᠢᠳᠬᠤ ᠪᠠᠭ ᠢ ᠵᠢᠯᠣᠭᠤᠳᠤᠨ ᠠᠵᠢᠯ ᠤᠨ ᠰᠡᠳᠬᠢᠴᠡ ᠶᠢ ᠨᠢ ᠲᠣᠳᠣᠷᠬᠠᠶᠢᠯᠠᠵᠤ᠂ ᠲᠤᠰᠢᠶᠠᠯ ᠤᠨ | ᠬᠤᠭᠤᠴᠠᠭᠠᠨ ᠤ ᠬᠠᠷᠠᠯᠲᠠ ᠲᠣᠭᠲᠠᠭᠠᠵᠤ᠂ ᠠᠵᠢᠯ ᠤᠨ ᠡᠭᠦᠷᠭᠡ ᠶᠢ ᠨᠢ ᠲᠣᠳᠣᠷᠬᠠᠶᠢᠯᠠᠨ᠂ ᠪᠣᠳᠠᠲᠠᠶ ᠠᠷᠭ᠎ᠠ ᠬᠡᠮᠵᠢᠶ᠎ᠡ | ᠳᠤᠷᠠᠳᠴᠤ᠂ ︽ᠬᠤᠶᠠᠷ ᠪᠠᠭ︾ ᠤᠨ ᠪᠦᠷᠢᠯᠳᠦᠭᠦᠨ ᠤ ᠠᠵᠢᠯ ᠤᠨ ᠴᠢᠳᠠᠪᠤᠷᠢ ᠪᠠ ᠣᠯᠠᠨ ᠲᠦᠮᠡᠨ ᠳᠤ ᠦᠢᠯᠡᠴᠢᠯᠡᠬᠦ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ⒊ᠰᠤᠩᠭᠤᠭᠤᠯᠢ ᠶᠢᠨ ᠳ᠋ᠦᠩᠨᠡᠯᠲᠡ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠬᠤᠭᠤᠴᠠᠭ᠎ᠠ ᠰᠣᠯᠢᠬᠤ | ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ | ᠳᠤᠭᠤᠶᠢᠯᠠᠩ ᠠᠴᠠ ᠰᠤᠮᠤᠨ ᠤ ᠨᠠᠮ ᠤᠨ ᠬᠤᠷᠢᠶ᠎ᠡ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠂ ᠬᠤᠭᠤᠴᠠᠭ᠎ᠠ ᠰᠣᠯᠢᠬᠤ ᠠᠵᠢᠯ ᠢ ᠲᠣᠭᠲᠠᠭᠰᠠᠨ ᠬᠤᠭᠤᠴᠠᠭᠠᠨ ᠳᠣᠲᠣᠷ᠎ᠠ ᠱᠠᠲᠤ ᠳᠠᠷᠠᠭᠠᠯᠠᠨ ᠰᠢᠯᠭᠠᠨ ᠪᠠᠶᠢᠴᠠᠭᠠᠨ᠎ᠠ᠃ | ᠪᠠᠶᠢᠴᠠᠭᠠᠨ ᠰᠢᠯᠭᠠᠭᠰᠠᠨ ᠤ ᠳᠠᠷᠠᠭ᠎ᠠ᠂ ᠰᠤᠮᠤᠨ ᠤ ᠨᠠᠮ ᠤᠨ ᠬᠤᠷᠢᠶ᠎ᠠ ᠠᠴᠠ ᠲᠣᠰ ᠤᠳᠠᠭᠠᠨ ᠤ ᠬᠤᠭᠤᠴᠠᠭ᠎ᠠ ᠰᠣᠯᠢᠬᠤ | ᠠᠵᠢᠯ ᠢ ᠪᠦᠬᠦ ᠲᠠᠯ᠎ᠠ ᠪᠠᠷ ᠳ᠋ᠦᠩᠨᠡᠵᠦ᠂ 2021 ᠣᠨ 4 ᠰᠠᠷ᠎ᠠ ᠶᠢᠨ 25 ᠤ ᠡᠳᠦᠷ ᠠᠴᠠ ᠡᠮᠦᠨ᠎ᠡ ᠬᠤᠰᠢᠭᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠠᠵᠢᠯ ᠤᠨ | ᠳ᠋ᠦᠩᠨᠡᠯᠲᠡ ᠵᠢᠴᠢ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠬᠦᠰᠦᠨᠦᠭᠲᠦ ᠶᠢ ᠮᠡᠳᠡᠭᠦᠯᠵᠦ᠂ ᠪᠢᠴᠢᠭ ᠮᠠᠲ᠋ᠧᠷᠢᠶᠠᠯ | ᠵᠡᠷᠭᠡ ᠶᠢ ᠡᠮᠬᠢᠳᠬᠡᠨ ᠳᠡᠪᠲᠡᠷᠯᠡᠵᠦ᠂ ᠬᠤᠭᠤᠴᠠᠭ᠎ᠠ ᠰᠣᠯᠢᠬᠤ ᠳᠠᠩᠰᠠ ᠡᠪᠬᠡᠮᠡᠯ ᠢ ᠪᠦᠷᠢᠨᠰᠢᠬᠦᠯᠦᠨ᠎ᠡ᠃ | ᠳᠦᠷᠪᠡ᠂ ᠰᠠᠬᠢᠯᠭ᠎ᠠ ᠪᠠᠲᠤ ᠶᠢᠨ ᠱᠠᠭᠠᠷᠳᠠᠯᠭ᠎ᠠ | ︵ᠨᠢᠭᠡ︶ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠰᠤᠮᠤᠨ ᠤ ᠨᠠᠮ ᠤᠨ ᠬᠤᠷᠢᠶ᠎ᠠ | ᠨᠢ ᠰᠤᠮᠤᠨ ᠤ ᠬᠤᠭᠤᠴᠠᠭ᠎ᠠ ᠰᠣᠯᠢᠬᠤ ᠰᠤᠩᠭᠤᠭᠤᠯᠢ ᠶᠢᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ | ᠭᠠᠴᠠᠭᠠᠨ ᠤ ︽ᠬᠤᠶᠠᠷ ᠪᠠᠭ︾ ᠤᠨ ᠪᠦᠷᠢᠯᠳᠦᠭᠦᠨ᠂ ᠨᠠᠮ ᠤᠨ ᠭᠡᠰᠢᠭᠦᠨ᠂ ᠰᠤᠩᠭᠤᠭᠤᠯᠢ ᠳᠤ ᠤᠷᠤᠯᠴᠠᠬᠤ ᠬᠥᠮᠦᠰ ᠳᠤ | ᠰᠠᠬᠢᠯᠭ᠎ᠠ ᠪᠠᠲᠤ ᠶᠢᠨ ᠤᠬᠠᠮᠰᠠᠷ ᠪᠠ ᠬᠠᠤᠯᠢ ᠳᠦᠷᠢᠮ ᠤᠨ ᠲᠠᠨᠢᠯᠳᠠ ᠶᠢᠨ ᠬᠦᠮᠦᠵᠢᠯ ᠦᠷᠨᠢᠬᠦᠯᠬᠦ ᠪᠠᠷ ᠲᠠᠮᠵᠢᠨ ᠲᠡᠳᠡᠨ ᠢ | ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠡᠰᠡᠷᠭᠦ ᠲᠠᠯ᠎ᠠ ᠶᠢᠨ | ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠬᠢᠵᠦ᠂ ᠬᠤᠭᠤᠴᠠᠭ᠎ᠠ ᠰᠣᠯᠢᠬᠤ ᠰᠤᠩᠭᠤᠭᠤᠯᠢ ᠶᠢᠨ ᠰᠠᠬᠢᠯᠭ᠎ᠠ | ᠪᠠᠲᠤ ᠶᠢᠨ ᠠᠮᠠᠯᠠᠯᠲᠠ ᠬᠢᠯᠬᠡᠨ᠎ᠠ᠃ ᠰᠣᠩᠭᠤᠭᠤᠯᠢ ᠠᠷᠠᠳ ᠢ ᠪᠦᠷᠢᠳᠬᠡᠬᠦ᠂ ᠵᠢᠱᠢᠭᠳᠡᠭᠰᠡᠳ ᠢ ᠨᠡᠷ᠎ᠡ ᠳᠤᠷᠠᠳᠬᠤ᠂ | ᠰᠣᠩᠭᠤᠭᠤᠯᠢ ᠶᠢᠨ ᠲᠤᠰᠢᠶᠠᠯ ᠳᠤ ᠦᠷᠢᠰᠤᠯᠳᠤᠬᠦ ᠲᠤᠭᠠᠴᠢᠯᠳᠠ ᠬᠢᠬᠦ᠂ ᠪᠢᠯᠧᠲ ᠥᠭᠴᠦ ᠰᠤᠩᠭᠤᠭᠤᠯᠢ ᠬᠢᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠰᠣᠩᠭᠤᠭᠤᠯᠢ ᠳᠤ ᠬᠢᠨᠠᠯᠲᠠ ᠲᠠᠯᠪᠢᠬᠤ ᠵᠦᠪᠯᠡᠯ ᠪᠠᠶᠢᠭᠤᠯᠬᠤ ᠪᠠ | ᠨᠠᠮ ᠤᠨ ᠬᠡᠰᠢᠭᠦᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠢ ᠤᠷᠢᠵᠤ ᠬᠤᠭᠤᠴᠠᠭ᠎ᠠ ᠰᠣᠯᠢᠬᠤ ᠠᠵᠢᠯ ᠳᠤ ᠬᠢᠨᠠᠯᠲᠠ ᠲᠠᠯᠪᠢᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠰᠤᠩᠭᠤᠭᠤᠯᠢ ᠶᠢᠨ ᠪᠦᠬᠦ ᠶᠠᠪᠤᠴᠠ ᠳᠤ ᠬᠢᠨᠠᠯᠲᠠ ᠲᠠᠯᠪᠢᠨ᠎ᠠ᠃ | ︵ᠬᠤᠶᠠᠷ︶ ᠰᠣᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨᠰᠢᠢᠳᠪᠦᠷᠢᠯᠡᠨᠡ᠃ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠢᠨᠠᠯᠲᠠ ᠲᠠᠯᠪᠢᠬᠤ | ᠤᠲᠠᠰᠤ᠂ ᠬᠢᠨᠠᠯᠲᠠ ᠲᠠᠯᠪᠢᠬᠤ ᠵᠠᠬᠢᠳᠠᠯ ᠤᠨ ᠬᠠᠶᠢᠷᠴᠠᠭ ᠵᠡᠷᠭᠡ ᠶᠢ ᠲᠤᠬᠢᠷᠠᠭᠤᠯᠵᠤ ᠬᠤᠭᠤᠴᠠᠭ᠎ᠠ ᠰᠣᠯᠢᠬᠤ ᠰᠤᠩᠭᠤᠭᠤᠯᠢ | ᠶᠢᠨ ᠠᠵᠢᠯ ᠤᠨ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠢᠯᠡᠴᠢᠯᠡᠨ ᠮᠡᠳᠡᠭᠦᠯᠦᠭᠰᠡᠨ ᠠᠰᠠᠭᠤᠳᠠᠯ ᠪᠠ | ᠰᠦᠪᠡᠭᠴᠢ ᠶᠢ ᠴᠠᠭ ᠲᠤᠬᠠᠢ ᠳᠤᠨᠢ ᠬᠢᠨᠠᠨ ᠪᠠᠶᠢᠴᠠᠭᠠᠨ᠎ᠠ᠃ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ | ᠰᠣᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ ᠵᠡᠷᠭᠡ ᠬᠠᠤᠯᠢ ᠰᠠᠬᠢᠯᠭ᠎ᠠ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠡᠶᠢᠳᠪᠦᠷᠢᠯᠡᠨᠠ᠂ ᠨᠠᠮ ᠵᠠᠰᠠᠭ ᠤᠨ ᠰᠠᠬᠢᠯᠭ᠎ᠠ ᠪᠠᠲᠤ ᠠᠴᠠ ᠵᠦᠷᠢᠴᠡᠭᠰᠡᠳ | ᠲᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠭᠦᠨ᠎ᠡ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ᠃ | ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠳᠤᠮᠳᠠ ᠪᠠᠶᠢᠴᠠᠭᠠᠨ ᠰᠢᠢᠳᠪᠦᠷᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠣᠬᠢᠬᠤ | ᠬᠡᠪᠴᠢᠶᠡᠨ ᠳᠣᠲᠣᠷ᠎ᠠ ᠢᠯᠡ ᠨᠡᠶᠢᠳᠡᠯᠡᠬᠦ ᠬᠡᠷᠡᠭᠲᠡᠢ᠃ | ︵ᠭᠤᠷᠪᠠ︶ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠨ᠎ᠠ᠃ ᠲᠥᠷᠥᠯ ᠤᠭᠰᠠᠭ᠎ᠠ᠂ ᠣᠪᠣᠭ | ᠲᠥᠷᠥᠯ᠂ ᠬᠠᠷ᠎ᠠ ᠪᠦᠯᠦᠭᠲᠡᠨ ᠬᠠᠷᠭᠢᠰ ᠬᠦᠴᠦᠨ ᠤ ᠬᠦᠴᠦᠷᠬᠡᠭᠯᠡᠯ᠂ ᠰᠦᠷᠳᠡᠭᠦᠯᠦᠯ᠂ ᠮᠡᠬᠡᠯᠡᠯ᠂ ᠬᠡᠭᠡᠯᠢ ᠬᠠᠭ᠋ᠤᠤᠯᠢ | ᠲᠦᠯᠬᠢᠬᠦ᠂ ᠰᠣᠩᠭᠤᠭᠤᠯᠢ ᠶᠢᠨ ᠪᠢᠯᠧᠲ ᠬᠠᠭᠤᠷᠮᠠᠭᠯᠠᠨ ᠵᠣᠬᠢᠶᠠᠬᠤ᠂ ᠰᠤᠩᠭᠤᠭᠤᠯᠢ ᠶᠢᠨ ᠪᠢᠯᠧᠲ ᠶᠢᠨ ᠲᠤᠭ᠎ᠠ ᠶᠢ | ᠬᠤᠳᠠᠯ ᠢᠶᠠᠷ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠰᠣᠩᠭᠤᠭᠤᠯᠢ ᠶᠢ ᠡᠵᠡᠮᠳᠡᠬᠦ᠂ ᠬᠠᠷᠰᠢᠯᠠᠬᠤ᠂ ᠡᠪᠳᠡᠬᠦ ᠠᠵᠢᠯᠯᠠᠭ᠎ᠠ᠂ | ᠣᠨᠴᠠᠭᠠᠶᠢᠯᠠᠨ ᠦᠨᠳᠦᠰᠦᠲᠡᠨ ᠤ ᠠᠰᠠᠭᠤᠳᠠᠯ ᠢ ᠠᠰᠢᠭᠯᠠᠨ ᠬᠤᠭᠤᠴᠠᠭ᠎ᠠ ᠰᠣᠯᠢᠬᠤ ᠶᠢ ᠬᠠᠷᠰᠢᠯᠠᠵᠤ ᠡᠪᠳᠡᠭᠰᠡᠨ ᠰᠠᠬᠢᠯᠭ᠎ᠠ | ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠬᠦᠨ᠎ᠡ᠃ ᠣᠯᠠᠨ | ᠲᠦᠮᠡᠨ ᠤ ᠢᠯᠡᠴᠢᠯᠡᠨ ᠮᠡᠳᠡᠭᠦᠯᠬᠦ ᠪᠠ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠬᠢᠨᠠᠮᠠᠭᠠᠶ | ᠰᠠᠶᠢᠲᠤᠷ ᠬᠢᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠬᠦᠯᠢᠶᠡᠨ ᠠᠪᠴᠤ | ᠰᠢᠢᠳᠪᠦᠷᠢᠯᠡᠬᠦ ᠬᠡᠷᠡᠭᠲᠡᠶ᠃ ᠬᠤᠭᠤᠴᠠᠭ᠎ᠠ ᠰᠣᠯᠢᠬᠤ ᠠᠵᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠣᠭᠲᠠᠴᠠ ᠶᠢ ᠳᠡᠭᠦᠯᠳᠡᠷᠵᠢᠬᠦᠯᠵᠦ᠂ ᠪᠦᠯᠤᠭ᠍ᠯᠡᠨ ᠵᠠᠭᠠᠯᠳᠤᠬᠤ᠂ ᠱᠠᠲᠤ ᠠᠯᠤᠰᠯᠠᠨ ᠵᠠᠭᠠᠯᠳᠤᠬᠤ ᠵᠡᠷᠭᠡ ᠬᠡᠨᠡᠳᠲᠡ ᠶᠢᠨ | ᠴᠢᠨᠠᠷᠲᠠᠶ ᠪᠦᠯᠦᠭᠯᠡᠯ ᠤᠨ ᠴᠢᠨᠠᠷᠲᠠᠶ ᠬᠡᠷᠡᠭ ᠢ ᠰᠡᠷᠭᠡᠶᠢᠯᠡᠨ ᠰᠢᠢᠳᠪᠦᠷᠢᠯᠡᠬᠦ ᠶᠢ ᠴᠢᠩᠭᠠᠳᠬᠠᠨ᠎ᠠ᠃ ᠵᠥᠪ ᠲᠠᠯ᠎ᠠ ᠶᠢᠨ | ᠣᠨᠣᠯ ᠢᠶᠠᠷ ᠬᠥᠲᠥᠯᠥᠨ ᠵᠢᠯᠣᠭᠤᠳᠴᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠬᠤ ᠪᠠ ᠠᠷᠭᠠᠴᠠᠬᠤ ᠶᠢ ᠴᠢᠬᠤᠯᠠᠴᠢᠯᠠᠵᠤ᠂ | 24 ᠴᠠᠭ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠠᠵᠠᠭᠠᠶ ᠲᠠᠯ᠎ᠠ ᠶᠢᠨ ᠪᠠᠶᠢᠳᠠᠯ ᠢ ᠴᠠᠭ ᠲᠤᠬᠠᠶ ᠲᠤᠨᠢ | ᠰᠢᠢᠳᠪᠦᠷᠢᠯᠡᠬᠦ ᠬᠡᠷᠡᠭᠲᠡᠢ᠃ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠴᠢᠨᠠᠷᠲᠠᠢ ᠠᠷᠭ᠎ᠠ ᠬᠡᠮᠵᠢᠶ᠎ᠡ ᠶᠢ ᠴᠢᠩᠭ᠎ᠠ | ᠨᠠᠢᠳᠠᠪᠤᠷᠢᠵᠢᠭᠤᠯᠬᠤ᠂ ᠬᠤᠭᠤᠴᠠᠭ᠎ᠠ ᠰᠣᠯᠢᠬᠤ ᠬᠤᠭᠤᠴᠠᠭᠠᠨ ᠳᠤ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠴᠤᠭᠯᠠᠷᠠᠯ ᠤᠨ | ᠴᠢᠨᠠᠷᠲᠠᠶ ᠬᠢᠵᠢᠭ ᠡᠬᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ︵ᠨᠢᠭᠡ︶ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠠᠴᠠᠭᠠᠨ ᠤ ︽ᠬᠤᠶᠠᠷ ᠪᠠᠭ︾ ᠤᠨ | ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠦᠨᠡᠨᠬᠦ ᠴᠢᠩᠭᠠᠳᠬᠠᠬᠤ ᠬᠡᠷᠡᠭᠲᠡᠶ᠃ ᠰᠤᠮᠤᠨ ᠤ ᠨᠠᠮ ᠤᠨ ᠬᠤᠷᠢᠶᠠᠨ ᠤ ᠱᠦᠵᠢ ᠪᠣᠯ ᠬᠤᠭᠤᠴᠠᠭ᠎ᠠ ᠰᠣᠯᠢᠬᠤ ᠠᠵᠢᠯ ᠤᠨ | ᠰᠢᠭᠤᠳ ᠬᠠᠷᠢᠭᠤᠴᠠᠯᠭᠠᠲᠠᠨ ᠮᠥᠨ᠂ ᠬᠤᠭᠤᠴᠠᠭ᠎ᠠ ᠰᠣᠯᠢᠬᠤ ᠡᠯ᠎ᠡ ᠭᠤᠭᠴᠤᠭ᠎ᠠ ᠶᠢᠨ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠭᠤᠤᠯᠳᠠᠯᠭ᠎ᠠ ᠲᠠᠢ᠂ ᠬᠦᠴᠢᠷᠳᠡᠯ ᠲᠠᠢ ᠭᠠᠴᠠᠭ᠎ᠠ ᠶᠢ ᠦᠪᠡᠷ ᠤᠨ ᠪᠡᠶ᠎ᠡ ᠪᠠᠷ ᠢᠶᠠᠨ ᠵᠢᠯᠣᠭᠤᠳᠤᠨ᠂ | ᠰᠤᠩᠭᠤᠭᠤᠯᠢ ᠶᠢᠨ ᠪᠦᠬᠦ ᠶᠠᠪᠤᠴᠠ ᠶᠢ ᠡᠵᠡᠮᠳᠡᠵᠦ ᠲᠤᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠢ | ᠃ ᠰᠤᠮᠤᠨ ᠤ ᠨᠠᠮ ᠤᠨ ᠬᠤᠷᠢᠶ᠎ᠠ ᠨᠢ ᠰᠤᠩᠭᠤᠭᠤᠯᠢ ᠶᠢᠨ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠤ᠂ | ᠬᠤᠭᠤᠴᠠᠭ᠎ᠠ ᠰᠣᠯᠢᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ | ︵ᠬᠤᠶᠠᠷ︶ ᠠᠵᠢᠯ ᠤᠨ ᠵᠤᠬᠢᠴᠠᠮᠵᠢ ᠢ ᠪᠤᠢ ᠪᠣᠯᠭᠠᠬᠤ ᠬᠡᠷᠡᠭᠲᠡᠶ᠃ ᠭᠠᠴᠠᠭᠠᠨ ᠤ ︽ᠨᠢᠭᠡᠳᠦᠭᠡᠷ ᠱᠦᠵᠢ︾ | ᠭᠠᠴᠠᠭᠠᠨ ᠳᠤ ᠭᠦᠨᠵᠡᠭᠡᠶᠢᠷᠡᠨ᠂ ᠬᠤᠭᠤᠴᠠᠭ᠎ᠠ ᠰᠣᠯᠢᠬᠤ ᠠᠵᠢᠯ ᠳᠤ ᠪᠦᠬᠦ ᠶᠠᠪᠤᠴᠠ ᠪᠠᠷ ᠣᠷᠣᠯᠴᠠᠵᠤ᠂ ᠰᠤᠮᠤᠨ ᠤ | ᠨᠠᠮ ᠤᠨ ᠬᠤᠷᠢᠶ᠎ᠠ ᠪᠣᠯᠤᠨ ᠭᠠᠴᠠᠭᠠᠨ ᠤ ᠨᠠᠮ ᠤᠨ ᠡᠭᠦᠷ ᠢ ᠬᠠᠪᠰᠤᠷᠤᠨ ᠰᠣᠩᠭᠤᠭᠤᠯᠢ ᠶᠢᠨ ᠳᠤᠮᠳᠠ ᠢᠯᠡᠷᠡᠭᠰᠡᠨ | ᠬᠤᠯᠪᠣᠭᠳᠠᠯ ᠪᠦᠬᠦᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠡᠯ᠎ᠡ ᠭᠠᠴᠠᠭᠠᠨ ᠤ ︽ᠬᠤᠶᠠᠷ ᠪᠠᠭ︾ ᠤᠨ ᠬᠤᠭᠤᠴᠠᠭ᠎ᠠ | ᠰᠣᠯᠢᠬᠤ ᠠᠵᠢᠯ ᠢ ᠤᠷᠤᠭᠰᠢᠲᠠᠶ ᠦᠷᠨᠢᠬᠦᠯᠬᠦ ᠶᠢ ᠠᠬᠢᠭᠤᠯᠬᠤ ᠬᠡᠷᠡᠭᠲᠡᠢ᠃ | ︵ᠭᠤᠷᠪᠠ︶ ᠱᠠᠭᠠᠷᠳᠠᠨ ᠪᠠᠶᠢᠴᠠᠭᠠᠵᠤ ᠵᠢᠭᠠᠨ ᠵᠢᠯᠣᠭᠤᠳᠬᠤ ᠶᠢ ᠴᠢᠩᠭᠠᠳᠬᠠᠨ᠎ᠠ᠃ ᠬᠤᠰᠢᠭᠤ᠂ ᠰᠤᠮᠤ ᠬᠤᠶᠠᠷ ᠱᠠᠲᠤᠨ ᠤ | ᠬᠤᠭᠤᠴᠠᠭ᠎ᠠ ᠰᠣᠯᠢᠬᠤ ᠠᠵᠢᠯ ᠤᠨ ᠵᠢᠯᠣᠭᠤᠳᠬᠤ ᠳᠤᠭᠤᠶᠢᠯᠠᠩ ᠠᠴᠠ ᠬᠤᠭᠤᠴᠠᠭ᠎ᠠ ᠰᠣᠯᠢᠬᠤ ᠳᠡᠰ ᠳᠠᠷᠠᠭᠠᠯᠠᠯ᠂ | ᠲᠤᠰᠢᠶᠠᠯ ᠤᠨ ᠲᠤᠭ᠎ᠠ ᠶᠢ ᠲᠣᠬᠢᠷᠠᠭᠤᠯᠬᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠂ ᠦᠯᠡᠳᠡᠭᠳᠡᠯ ᠠᠰᠠᠭᠤᠳᠠᠯ ᠢ | ᠰᠢᠢᠳᠪᠦᠷᠢᠯᠡᠬᠦ ᠶᠢ ᠱᠠᠭᠠᠷᠳᠠᠨ ᠵᠢᠯᠤᠭᠤᠳᠬᠤ ᠶᠢ ᠭᠤᠤᠯᠳᠠᠯᠭ᠎ᠠ ᠲᠠᠢ ᠴᠢᠩᠭᠠᠳᠬᠠᠨ᠎ᠠ᠃ ᠰᠤᠮᠤᠨ ᠤ ᠨᠠᠮ ᠤᠨ ᠬᠤᠷᠢᠶ᠎ᠠ | ᠡᠷᠬᠢᠯᠲᠡ ᠶᠢᠨ ᠴᠢᠨᠠᠷᠲᠠᠶ᠂ ᠬᠡᠯᠪᠡᠶᠢᠬᠦᠦ ᠴᠢᠨᠠᠷᠲᠠᠶ ᠠᠰᠠᠭᠤᠳᠠᠯ ᠲᠠᠢ ᠭᠠᠴᠠᠭ᠎ᠠ ᠶᠢ ᠭᠤᠤᠯᠳᠠᠯᠭ᠎ᠠ ᠲᠠᠢ ᠠᠳᠬᠤᠵᠤ᠂ | ᠠᠵᠢᠯᠯᠠᠬᠤ ᠳᠤᠭᠤᠶᠢᠯᠠᠩ ᠲᠣᠮᠢᠯᠠᠨ᠂ ᠲᠥᠪᠯᠡᠷᠡᠭᠦᠯᠦᠨ ᠰᠢᠢᠳᠪᠦᠷᠢᠯᠡᠵᠦ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠶ | ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠤᠮᠤᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠵᠥᠷᠢᠴᠡᠯ | ᠵᠢᠭᠤᠷᠭᠠᠨ ᠲᠤᠪᠤᠶᠢᠮ᠎ᠠ ᠤᠷᠤᠰᠢᠵᠤ ᠪᠠᠶᠢᠭ᠎ᠠ ᠭᠠᠴᠠᠭ᠎ᠠ ᠳᠤ ᠭᠤᠤᠯᠳᠠᠯᠭ᠎ᠠ ᠲᠠᠢ ᠵᠢᠯᠣᠭᠤᠳᠤᠯᠭ᠎ᠠ ᠬᠢᠵᠦ᠂ ᠬᠤᠭᠤᠴᠠᠭ᠎ᠠ | ᠰᠣᠯᠢᠬᠤ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠭᠤᠴᠠᠭ᠎ᠠ ᠰᠣᠯᠢᠬᠤ ᠠᠵᠢᠯ ᠢ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠲᠤᠭᠠᠴᠢᠬᠤ ᠮᠡᠳᠡᠭᠦᠯᠦᠯᠲᠡ ᠶᠢ ᠦᠨᠡᠯᠡᠨ ᠰᠢᠯᠭᠠᠬᠤ ᠶᠢᠨ | ᠴᠢᠬᠤᠯᠠ ᠠᠭᠤᠯᠭ᠎ᠠ ᠪᠣᠯᠭᠠᠵᠤ᠂ ᠬᠠᠷᠢᠭᠤᠴᠠᠯᠭ᠎ᠠ ᠪᠠᠨᠨᠠᠶᠢᠳᠠᠪᠤᠷᠢᠵᠢᠭᠤᠯᠬᠤ ᠦᠭᠡᠢ᠂ ᠠᠵᠢᠯ ᠨᠢ ᠦᠷ᠎ᠡ ᠠᠰᠢᠭ ᠦᠬᠡᠢ᠂ | ᠠᠷᠭ᠎ᠠ ᠬᠡᠮᠵᠢᠶ᠎ᠡ ᠨᠢ ᠪᠤᠳᠠᠲᠠᠢ ᠠᠴᠠ ᠰᠠᠯᠤᠩᠬᠢᠷᠠᠭᠰᠠᠨ ᠪᠠᠶᠢᠪᠠᠯ ᠬᠤᠭᠤᠴᠠᠭ᠎ᠠ ᠲᠣᠭᠲᠠᠭᠠᠨ ᠵᠠᠰᠠᠨ ᠴᠡᠭᠴᠡᠯᠡᠵᠤ᠂ ᠵᠠᠰᠠᠨ | ᠴᠡᠭᠴᠡᠯᠡᠭᠰᠡᠨ ᠢᠶᠠᠷ ᠬᠦᠷᠦᠯᠴᠡᠬᠦ ᠦᠭᠡᠢ ᠪᠠᠶᠢᠪᠠᠯ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠲᠠᠢ | ᠪᠣᠯᠵᠣᠨ ᠶᠠᠷᠢᠯᠴᠠᠨ᠎ᠠ᠃ ᠤᠳᠤᠷᠢᠳᠤᠯᠭ᠎ᠠ ᠰᠤᠯᠠ᠂ ᠰᠢᠢᠳᠪᠦᠷᠢᠯᠡᠭᠰᠡᠨ ᠨᠢ ᠵᠣᠬᠢᠰ ᠦᠭᠡᠢ᠂ ᠲᠤᠰᠢᠶᠠᠯ ᠳᠠᠭᠠᠨ | ᠣᠰᠣᠯᠳᠠᠵᠤ᠂ ᠬᠠᠰᠢ ᠶᠠᠰᠢ ᠪᠠᠷ ᠠᠷᠭᠠᠴᠠᠭᠠᠬᠤ ᠠᠴᠠ ᠪᠣᠯᠵᠤ ᠨᠠᠵᠠᠭᠠᠶ ᠨᠥᠯᠥᠭᠡ ᠭᠠᠷᠭᠠᠵᠤ᠂ ᠨᠡᠩ ᠴᠢᠨᠠᠭᠰᠢᠯᠠᠪᠠᠯ | ᠪᠦᠯᠦᠭᠯᠡᠯ ᠤᠨ ᠴᠢᠨᠠᠷᠲᠠᠶ ᠬᠡᠷᠡᠭ ᠶᠠᠪᠤᠳᠠᠯ ᠢ ᠡᠭᠦᠰᠭᠡᠭᠰᠡᠨ ᠪᠠᠶᠢᠪᠠᠯ ᠰᠤᠮᠤᠨ ᠤ ᠨᠠᠮ ᠤᠨ ᠬᠤᠷᠢᠶ᠎ᠡ ᠠᠴᠠ ᠬᠠᠮᠢᠶ᠎ᠠ ᠪᠥᠬᠦᠶ | ᠤᠳᠤᠷᠢᠳᠤᠯᠭ᠎ᠠ ᠪᠣᠯᠤᠨ ᠬᠤᠯᠪᠣᠭᠳᠠᠯ ᠪᠥᠬᠦᠶ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠨ᠎ᠠ᠃ ᠤᠬᠠᠭᠤᠯᠭ᠎ᠠ ᠬᠥᠮᠦᠵᠢᠯ ᠢ ᠭᠦᠨᠵᠡᠭᠡᠶ | ᠥᠷᠨᠢᠭᠦᠯᠵᠦ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ᠂ ᠸᠢᠴᠠᠲ ᠵᠢᠴᠢ | ᠤᠬᠠᠭᠤᠯᠭ᠎ᠠ ᠶᠢᠨ ᠭᠠᠷ ᠳᠡᠪᠲᠡᠷ᠂ ︽ᠤᠶᠢᠯᠠᠭᠠᠬᠤ ᠺᠠᠷᠲ︾᠂ ᠭᠠᠴᠠᠭᠠᠨ ᠤ ᠶᠠᠪᠤᠳᠠᠯ ᠤᠨ ᠢᠯᠡ ᠪᠤᠯᠤᠩ ᠵᠡᠷᠭᠡ ᠣᠯᠠᠨ | ᠵᠦᠢᠯ ᠤᠨ ᠬᠡᠯᠪᠡᠷᠢ ᠪᠠ ᠠᠷᠭ᠎ᠠ ᠶᠢ ᠬᠦᠢᠴᠡᠳ ᠠᠰᠢᠭᠯᠠᠵᠤ᠂ ᠬᠤᠭᠤᠴᠠᠭ᠎ᠠ ᠰᠣᠯᠢᠬᠤ ᠰᠤᠩᠭᠤᠭᠤᠯᠢ ᠲᠠᠢ ᠬᠤᠯᠪᠣᠭᠳᠠᠬᠤ | ᠬᠠᠤᠯᠢ ᠴᠠᠭᠠᠵᠠ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠂ ᠠᠷᠭ᠎ᠠ ᠪᠠᠷᠢᠯ ᠠᠯᠬᠤᠮ ᠳᠠᠷᠠᠭ᠎ᠠ᠂ ᠰᠠᠬᠢᠯᠭ᠎ᠠ | ᠪᠠᠲᠤ ᠶᠢᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠤ ᠤᠯᠤᠰ ᠲᠥᠷᠥ ᠶᠢᠨ | ᠤᠬᠠᠭᠤᠯᠭ᠎ᠠ ᠪᠣᠯᠤᠨ ᠬᠥᠮᠦᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠬᠤᠭᠤᠴᠠᠭ᠎ᠠ ᠰᠤᠯᠢᠬᠤ ᠠᠵᠢᠯ ᠤᠨ ᠲᠤᠮᠳᠠᠬᠢ | ᠰᠠᠶᠢᠨ ᠠᠷᠭ᠎ᠠ ᠠᠪᠴᠠᠯ ᠢ ᠦᠷᠬᠡᠨ ᠢᠶᠠᠷ ᠣᠬᠠᠭᠤᠯᠵᠣ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠢ | ᠬᠥᠲᠥᠯᠥᠨ ᠵᠢᠯᠣᠭᠤᠳᠴᠤ ᠠᠷᠠᠳᠴᠢᠯᠠᠯ ᠬᠠᠤᠯᠢ ᠳᠦᠷᠢᠮ ᠤᠨ ᠦᠵᠡᠯᠲᠡ ᠲᠠᠨᠢᠯᠲᠠ ᠶᠢ ᠴᠢᠩᠭᠠᠳᠬᠠᠵᠤ᠂ ᠬᠤᠭᠤᠴᠠᠭ᠎ᠠ | ᠰᠣᠯᠢᠬᠤ ᠰᠤᠩᠭᠤᠭᠤᠯᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ᠃ ᠰᠦᠯᠵᠢᠶᠡᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠠᠩᠬᠠᠷᠴᠤ᠂ ᠵᠠᠭᠤᠴᠢᠯᠠᠭᠤᠷ ᠤᠨ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠵᠤ᠂ | ᠨᠠᠷᠢᠨ ᠬᠢᠨᠠᠮᠠᠭᠠᠶ ᠬᠢᠨᠠᠨ ᠬᠠᠷᠭᠤᠭᠤᠯᠵᠤ ᠰᠠᠶᠢᠲᠤᠷ ᠰᠢᠢᠳᠪᠦᠷᠢᠯᠡᠬᠦ ᠬᠡᠷᠡᠭᠲᠡᠢ᠃ |