ᠡᠷᠳᠡᠮ ᠰᠢᠨᠵᠢᠯᠡᠭᠡᠨ ᠤ ᠳ᠋ᠤᠺᠲ᠋ᠤᠷ ᠪᠠ᠊᠂ ᠪᠤᠯᠤᠳ( 1963.7- ) ᠦᠪᠦᠷ ᠮᠤᠩᠭᠤᠯ ᠤᠨ ᠬᠦᠪᠡᠭᠡᠲᠤ | ᠰᠢᠷ᠎ᠠ ᠬᠤᠰᠢᠭᠤᠨ ᠤ ᠤᠤᠯ ᠤᠨ ᠪᠤᠭᠳᠠ ᠠᠭᠤᠯᠠ ᠰᠤᠮᠤᠨ ᠤ ᠪᠤᠭᠳᠠ ᠶᠢᠨ ᠭᠤᠤᠯ ᠪᠠᠷᠢᠭᠠᠳᠠ ᠶᠢᠨ ᠡᠮᠡᠭᠡᠯᠵᠢ ᠪᠠᠷ | ᠲᠡᠭᠡᠲᠤ ᠶᠢᠨ ᠨᠤᠲᠤᠭ ᠲᠠᠢ᠃ ᠲᠡᠭᠦᠨ ᠤ ᠡᠪᠦᠭᠡ ᠨᠢ ᠴᠠᠬᠠᠷ ᠤᠨ ᠠᠯᠳᠠᠷᠲᠤ ᠠᠷᠠᠳ ᠤᠨ ᠤᠷᠠᠯᠢᠭᠴᠢᠨ ᠰᠢᠷᠠᠭᠦ᠋ᠯᠦᠭᠡ᠂ | ᠠᠪᠤ ᠨᠢ ᠪᠠᠲᠤᠸ᠋ᠴᠢᠷ᠂ ᠡᠵᠢ ᠨᠢ ᠰᠧᠹᠯᠮᠠ ᠭᠡᠳᠡᠭ᠂ ᠨᠠᠭᠠᠴᠤ ᠨᠢ ᠰᠢᠯᠢ ᠶᠢᠨ ᠭᠤᠤᠯ ᠠᠶᠢᠮᠠᠭ ᠤᠨ 1982 ᠤᠨ ᠤ | ᠠᠷᠠᠳ ᠤᠨ ᠶᠡᠭᠡ ᠨᠠᠭᠠᠳᠤᠮ ᠳᠤ ᠲᠠᠷᠬᠠᠨ ᠴᠤᠯᠠ ᠪᠠᠨ ᠲᠠᠭᠤᠷᠢᠰᠬᠠᠭᠰᠠᠨ ᠴᠠᠬᠠᠷ ᠤᠨ ᠠᠯᠳᠠᠷᠲᠤ ᠪᠦᠬᠡ | ᠨᠠᠮᠬᠠᠶᠢᠨᠢᠮᠪᠤᠤ ᠨᠠᠷ ᠪᠤᠯ ᠤᠰᠤ ᠨᠤᠲᠤᠭ ᠤᠳᠤᠮ ᠲᠦᠷᠦᠯ ᠤᠨ ᠢᠶᠠᠨ ᠠᠯᠳᠠᠷ ᠢ ᠡᠷᠭᠦᠭᠰᠡᠨ ᠬᠦᠪᠡᠭᠡᠲᠤ ᠰᠢᠷ᠎ᠠ | ᠬᠤᠰᠢᠭᠤᠨ ᠤ ᠤᠤᠭᠠᠯ ᠬᠠᠷᠢᠶᠠᠲᠤ᠃ ᠳ᠋ᠤᠺᠲ᠋ᠤᠷ ᠪᠠ᠊᠂ ᠪᠤᠯᠤᠳ ᠤᠳᠤ ᠶᠠᠫᠤᠨ ᠤ ᠡᠷᠡᠭᠦᠯ ᠮᠡᠨᠲᠤ ᠰᠫᠦᠷᠲ ᠤᠨ ᠶᠡᠭᠡ | ᠰᠤᠷᠭᠠᠭᠤᠯᠢ ᠶᠢᠨ ᠰᠫᠦᠷᠲ ᠬᠦᠮᠦᠨ ᠵᠦᠢ ᠶᠢᠨ ᠫᠷᠤᠹᠧᠰᠰᠤᠷ᠂ ᠮᠤᠩᠭᠤᠯ ᠨᠡᠭᠦᠳᠡᠯ ᠰᠤᠶᠤᠯ᠂ ᠪᠦᠬᠡ ᠶᠢᠨ ᠤᠬᠠᠭᠠᠨ ᠤ | ᠰᠤᠳᠤᠯᠤᠭᠴᠢ᠂ ᠢᠷᠠᠭᠤ ᠨᠠᠶᠢᠷᠠᠭᠴᠢ᠂ ᠤᠷᠠᠨ ᠵᠤᠬᠢᠶᠠᠯ ᠤᠨ ᠤᠷᠴᠢᠭᠤᠯᠤᠭᠴᠢ᠃ 2000 ᠤᠨ ᠳᠤ ᠶᠠᠫᠤᠨ ᠤ | ᠢᠷᠭᠡᠨᠰᠢᠯ ᠠᠪᠴᠠᠢ᠃ ᠶᠠᠫᠣᠨ ᠨᠡᠷ᠎ᠡ ᠨᠢ ᠲᠤᠮᠢᠺᠠᠸᠠ ᠷᠢᠺᠢᠳᠤᠤ᠃ | ᠪᠠ᠊᠂ ᠪᠤᠯᠤᠳ 1981 ᠤᠨ ᠳᠤ ᠰᠦᠨᠢᠳ ᠪᠠᠷᠠᠭᠤᠨ ᠬᠤᠰᠢᠭᠤᠨ ᠠᠴᠠ ᠴᠤᠷ ᠤᠨ ᠭᠠᠭᠴᠠ ᠶᠡᠭᠡ | ᠰᠤᠷᠭᠠᠭᠤᠯᠢ ᠳᠤ ᠲᠡᠩᠴᠡᠭᠰᠡᠨ ᠮᠤᠩᠭᠤᠯ ᠤᠶᠤᠲᠠᠨ ᠢᠶᠠᠷ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ | ᠭᠠᠳᠠᠭᠠᠲᠤ ᠬᠡᠯᠡᠨ ᠤ ᠰᠠᠯᠪᠤᠷᠢ ᠳᠤ ᠶᠠᠫᠤᠨ ᠬᠡᠯᠡᠨ ᠤ ᠲᠤᠰᠬᠠᠢ ᠮᠡᠷᠭᠡᠵᠢᠯ ᠢᠶᠠᠷ ᠡᠯᠰᠡᠭᠳᠡᠵᠦ᠂ 1985 ᠤᠨ ᠳᠤ | ᠰᠤᠷᠤᠯᠭ᠎ᠠ ᠪᠠᠨ ᠲᠡᠭᠦᠰᠭᠡᠪᠡ᠃ 1985 ᠤᠨ ᠠᠴᠠ 1989 ᠤᠨ ᠬᠦᠷᠲᠡᠯ᠎ᠡ ᠰᠢᠯᠢ ᠶᠢᠨ ᠭᠤᠤᠯ ᠠᠶᠢᠮᠠᠭ ᠤᠨ | ᠮᠤᠩᠭᠤᠯ ᠲᠤᠮᠲᠠᠲᠤ ᠰᠤᠷᠭᠠᠭᠤᠯᠢ ᠳᠤ ᠶᠠᠫᠤᠨ ᠬᠡᠯᠡᠨ ᠤ ᠪᠠᠭᠰᠢ ᠪᠠᠷ ᠠᠵᠢᠯᠯᠠᠪᠠ᠃ ᠡᠨᠡ ᠬᠤᠭᠤᠴᠠᠭᠠᠨ ᠳᠤ ᠪᠠᠨ | ᠤᠯᠤᠰ ᠤᠨ ᠵᠠᠷᠤᠳᠠᠯ ᠢᠶᠠᠷ ᠶᠠᠫᠤᠨ ᠤᠯᠤᠰ ᠤᠨ ᠸᠠᠺᠠᠶᠠᠮᠠ ᠮᠤᠵᠢ ᠶᠢᠨ ᠲᠠᠨᠠᠪᠠᠢ ᠬᠤᠲᠠ ᠶᠢᠨ ᠠᠷᠠᠯᠵᠢᠶ᠎ᠠ | ᠬᠤᠳᠠᠯᠳᠤᠭᠠᠨ ᠤ ᠲᠡᠭᠡᠲᠤ ᠲᠤᠮᠲᠠᠲᠤ ᠰᠤᠷᠭᠠᠭᠤᠯᠢ ᠳᠤ ᠰᠤᠷᠤᠯᠴᠠᠵᠠᠢ᠃ ᠤᠯᠤᠰ ᠲᠤ ᠪᠠᠨ ᠪᠤᠴᠠᠭᠰᠠᠨ ᠤ ᠳᠠᠷᠠᠭ᠎ᠠ᠂ | ᠲᠤᠮᠲᠠᠲᠤ ᠤᠯᠤᠰ ᠤᠨ ᠤᠯᠠᠨ ᠤᠯᠤᠰ ᠤᠨ ᠠᠶᠠᠯᠠᠯ ᠵᠢᠭᠤᠯᠴᠢᠯᠠᠯ ᠤᠨ ᠰᠢᠯᠢᠩᠬᠤᠲᠠ ᠶᠢᠨ ᠰᠠᠯᠪᠤᠷᠢ ᠺᠤᠮᠫᠠᠨᠢ ᠳᠤ | ᠤᠷᠴᠢᠭᠤᠯᠤᠭᠴᠢ ᠪᠠᠷ ᠠᠵᠢᠯᠯᠠᠵᠦ ᠪᠠᠶᠢᠪᠠ᠃ | 1992 ᠤᠨ ᠳᠤ ᠲᠠᠬᠢᠨᠲᠠ ᠠᠷᠠᠯ ᠤᠨ ᠤᠯᠤᠰ ᠢ ᠵᠤᠷᠢᠵᠦ᠂ ᠲᠤᠤᠺᠢᠤ᠋ ᠶᠡᠭᠡ ᠰᠤᠷᠭᠠᠭᠤᠯᠢ ᠵᠡᠷᠭᠡ ᠶᠡᠭᠡ | ᠰᠤᠷᠭᠠᠭᠤᠯᠢ ᠨᠤᠭᠤᠳ ᠢᠶᠠᠷ ᠡᠷᠳᠡᠮ ᠮᠡᠷᠭᠡᠵᠢᠯ ᠢᠶᠠᠨ ᠲᠡᠭᠡᠭᠰᠢᠯᠡᠭᠦᠯᠵᠦ᠂ 1994 ᠤᠨ ᠠᠴᠠ 1996 ᠤᠨ ᠳᠤ | ᠴᠢᠪᠠ ᠶᠡᠭᠡ ᠰᠤᠷᠭᠠᠭᠤᠯᠢ ᠶᠢᠨ ᠤᠷᠠᠨ ᠵᠤᠬᠢᠶᠠᠯ ᠰᠤᠳᠤᠯᠬᠤ ᠬᠦᠷᠢᠶᠡᠯᠡᠩ ᠠᠴᠠ ᠬᠦᠮᠦᠨ ᠰᠤᠶᠤᠯ ᠤᠨ | ᠮᠡᠷᠭᠡᠵᠢᠯ ᠢᠶᠠᠷ ᠮᠠᠰᠲ᠋ᠧᠷ ᠴᠤᠯᠠ ᠬᠠᠮᠠᠭᠠᠯᠠᠵᠦ᠂ 2002 ᠤᠨ ᠤ 9 ᠰᠠᠷ᠎ᠠ ᠳᠤ ᠴᠢᠪᠠ ᠶᠡᠭᠡ ᠰᠤᠷᠭᠠᠭᠤᠯᠢ ᠶᠢᠨ | ᠰᠤᠶᠤᠯ ᠨᠡᠶᠢᠭᠡᠮ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ ᠠᠴᠠ ︽ᠮᠤᠩᠭᠤᠯ ᠪᠦᠬᠡ ᠶᠢᠨ ᠤᠯᠠᠮᠵᠢᠯᠠᠯ | ᠪᠤᠯᠤᠨ ᠲᠡᠭᠦᠨ ᠤ ᠰᠢᠨᠡᠴᠢᠯᠡᠯᠲᠡ ᠶᠢᠨ ᠲᠤᠬᠠᠢ ᠰᠤᠶᠤᠯ ᠬᠦᠮᠦᠨ ᠵᠦᠢ ᠶᠢᠨ ᠰᠤᠳᠤᠯᠤᠯ︾ ᠭᠡᠰᠡᠨ ᠰᠡᠳᠦᠪ ᠢᠶᠠᠷ | ᠡᠷᠳᠡᠮ ᠰᠢᠨᠵᠢᠯᠡᠭᠡᠨ ᠤ ᠳ᠋ᠤᠺᠲ᠋ᠤᠷ ᠴᠤᠯᠠ ᠬᠠᠮᠠᠭᠠᠯᠠᠵᠦ᠂ ᠲᠡᠯᠡᠭᠡᠢ ᠶᠢᠨ ᠪᠦᠬᠡ ᠶᠢᠨ ᠤᠬᠠᠭᠠᠨ ᠤ ᠤᠤᠭᠠᠨ ᠳ᠋ᠤᠺᠲ᠋ᠤᠷ | ᠪᠤᠯᠵᠠᠢ᠃ ᠲᠡᠷᠡ ︽ᠮᠤᠩᠭᠤᠯ ᠪᠦᠬᠡ ᠶᠢᠨ ᠪᠡᠯᠭᠡᠳᠡᠯ ᠵᠦᠢ︾᠂ ︽ᠮᠤᠩᠭᠤᠯ ᠪᠦᠬᠡ ᠶᠢᠨ ᠠᠮᠢᠯᠠᠬᠤ ᠶᠤᠰᠤᠨ︾ | ᠵᠡᠷᠭᠡ 60 ᠭᠠᠷᠤᠢ ᠡᠷᠳᠡᠮ ᠰᠢᠨᠵᠢᠯᠡᠭᠡᠨ ᠤ ᠦᠭᠦᠯᠡᠯ ᠰᠢᠭᠦᠮᠵᠢ ᠪᠠᠨ ᠤᠯᠤᠰ ᠤᠨ ᠭᠠᠳᠠᠭᠠᠲᠤ ᠲᠤᠲᠤᠭᠠᠲᠤ ᠶᠢᠨ | ᠡᠷᠳᠡᠮ ᠰᠢᠨᠵᠢᠯᠡᠭᠡᠨ ᠤ ᠰᠡᠳᠭᠦᠯ ᠳᠤ ᠨᠡᠶᠢᠲᠡᠯᠡᠭᠦᠯᠦᠭᠰᠡᠨ ᠪᠦᠭᠡᠳ ᠪᠤᠰᠤᠳ ᠲᠠᠢ ᠬᠠᠮᠲᠤᠷᠠᠨ ᠪᠢᠴᠢᠭᠰᠡᠨ 5 ᠨᠤᠮ | ᠲᠠᠢ᠂ ︽ᠬᠠᠮᠠᠷ︾ ᠭᠡᠬᠦ ᠮᠡᠲᠤ ᠶᠢᠨ ᠶᠠᠫᠤᠨ ᠬᠡᠯᠡ ᠪᠠᠷ ᠵᠤᠬᠢᠶᠠᠨ ᠪᠦᠲᠦᠭᠡᠭᠰᠡᠨ 3 ᠤᠷᠴᠢᠭᠤᠯᠭ᠎ᠠ ᠶᠢᠨ ᠲᠡᠭᠦᠪᠦᠷᠢ᠂ | ︽ᠬᠠᠶᠢᠷ᠎ᠠ ᠶᠢᠨ ᠦᠴᠢᠯ︾᠂ ︽ᠪᠠ᠊᠂ ᠪᠤᠯᠤᠳ ᠤᠨ ᠪᠦᠬᠡ ᠶᠢᠨ ᠢᠷᠠᠭᠤ ᠨᠠᠶᠢᠷᠠᠭ︾ ᠵᠡᠷᠭᠡ 3 ᠢᠷᠠᠭᠤ | ᠨᠠᠶᠢᠷᠠᠭ ᠤᠨ ᠲᠡᠭᠦᠪᠦᠷᠢ ᠲᠠᠢ᠃ | ᠰᠡᠭᠦᠯ ᠤᠨ ᠵᠢᠯ ᠤᠳ ᠲᠤ᠂ ᠲᠡᠷᠡ ᠪᠠᠷ ᠢᠷᠡᠭᠤ ᠨᠠᠶᠢᠷᠠᠭ ᠤᠨ ᠬᠠᠷᠭᠤᠢ ᠳᠤ ᠬᠡᠶᠢᠮᠤᠷᠢ ᠲᠠᠢ ᠭᠢᠯᠠᠷᠠᠭᠤᠯᠵᠦ | ᠶᠠᠪᠤᠭ᠎ᠠ ᠪᠦᠭᠡᠳ ᠮᠤᠩᠭᠤᠯ ᠤᠷᠠᠨ ᠵᠤᠬᠢᠶᠠᠯ ᠤᠨ ᠲᠠᠪᠴᠠᠩ ᠳᠤ ᠰᠢᠨ᠎ᠡ ᠤᠷᠤᠨ ᠵᠠᠢ ᠪᠠᠨ ᠤᠯᠵᠦ ᠪᠠᠶᠢᠭ᠎ᠠ | ᠮᠤᠩᠭᠤᠯ ᠬᠠᠶᠢᠺᠤ ᠶᠢᠨ ᠬᠦᠭᠵᠢᠯ ᠤᠨ ᠲᠦᠯᠦᠭᠡ ᠲᠡᠮᠡᠤᠯᠵᠦ᠂ 2018 ᠤᠨ ᠳᠤ ᠨᠠᠴᠤᠶᠢᠰᠢ ᠪᠠᠩᠶᠠ ︵ᠲᠡᠯᠡᠬᠡᠢ ᠶᠢᠨ | ᠠᠯᠳᠠᠷᠲᠤ ᠬᠠᠶᠢᠺᠤ ᠰᠢᠯᠦᠭᠴᠢᠨ︶ ᠱᠠᠩᠨᠠᠯᠲᠤ ᠬᠠᠶᠢᠺᠤ ᠶᠢᠨ ᠤᠷᠤᠯᠳᠤᠭᠠᠨ ᠢ ᠵᠤᠬᠢᠶᠠᠨ ᠪᠠᠶᠢᠭᠤᠯᠤᠭᠰᠠᠨ ᠪᠠᠶᠢᠨ᠎ᠠ᠃ | ᠪᠠ᠊᠂ ᠪᠤᠯᠤᠳ ᠪᠤᠯ ᠵᠦᠪᠬᠡᠨ ᠡᠷᠳᠡᠮ ᠰᠢᠨᠵᠢᠯᠡᠬᠡᠨ ᠤ ᠰᠤᠳᠤᠯᠤᠯ ᠲᠡᠳᠦᠢ ᠦᠭᠡᠢ᠂ ᠦᠪᠡᠷ ᠤᠨ ᠪᠡᠶ᠎ᠡ | ᠪᠠᠷ ᠢᠶᠠᠨ ᠦᠢᠯᠡᠳᠦᠯᠭᠡ ᠬᠢᠵᠦ ᠢᠳᠡᠪᠬᠢᠲᠡᠢ ᠰᠠᠨᠠᠭᠠᠴᠢᠯᠠᠨ ᠪᠤᠲᠠᠲᠤ ᠠᠰᠠᠭᠤᠳᠠᠯ ᠳᠤ ᠴᠢᠭᠯᠡᠭᠦᠯᠦᠨ ᠦᠵᠡᠯ | ᠪᠤᠳᠤᠯ ᠢᠶᠠᠨ ᠵᠤᠷᠢᠭᠲᠠᠢ ᠢᠯᠡᠷᠭᠡᠶᠢᠯᠡᠵᠦ᠂ ᠤᠨᠤᠯ ᠦᠢᠯᠡᠳᠦᠯᠭᠡ ᠪᠠᠷ ᠠᠮᠵᠢᠯᠲᠠ ᠳᠤ ᠬᠦᠷᠦᠭᠰᠡᠨ ᠡᠷᠳᠡᠮ | ᠰᠢᠨᠵᠢᠯᠡᠭᠡᠨ ᠤ ᠳ᠋ᠤᠲ᠋ᠤᠷ ᠪᠤᠯᠤᠨ᠎ᠠ᠃ | | | |