ᠬᠦᠳᠡᠭᠡ ᠠᠵᠤ ᠠᠬᠤᠢ ᠶᠢᠨ ᠤᠬᠠᠭᠠᠨ ᠤ ᠳ᠋ᠣᠺᠲ᠋ᠤᠷ ᠨ᠊᠂ ᠰᠤᠳᠤᠪᠢᠯᠢᠭ᠌
ᠨᠡᠶᠢᠲᠡᠯᠡᠭᠰᠡᠨ ᠴᠠᠭ᠄
2020/12/22
     ᠬᠦᠳᠡᠭᠡ ᠠᠵᠤ ᠠᠬᠤᠢ ᠶᠢᠨ ᠤᠬᠠᠭᠠᠨ ᠤ ᠳ᠋ᠣᠺᠲ᠋ᠤᠷ ᠨ᠊᠂ ᠰᠤᠳᠤᠪᠢᠯᠢᠭ᠌ ︵1963.04 —︶ ᠥᠪᠦᠷ ᠮᠤᠩᠭᠤᠯ ᠤᠨ ᠬᠦᠪᠡᠭᠡᠲᠦ ᠰᠢᠷ᠎ᠠ ᠬᠤᠰᠢᠭᠤ ᠪᠠᠷ ᠨᠤᠲᠤᠭᠲᠠᠢ᠂ ᠬᠦᠳᠡᠭᠡ ᠠᠵᠤ ᠠᠬᠤᠢ ᠶᠢᠨ ᠤᠬᠠᠭᠠᠨ ᠤ ᠳ᠋ᠣᠺᠲ᠋ᠤᠷ᠂ ᠰᠤᠷᠭᠠᠨ ᠬᠦᠮᠦᠵᠢᠯ ᠤᠨ ᠤᠬᠠᠭᠠᠨ ᠤ ᠮᠠᠰᠲ᠋ᠧᠷ᠂ ᠬᠢᠨᠠᠨ ᠨᠠᠶᠢᠷᠠᠭᠤᠯᠤᠭᠴᠢ᠂ ᠫᠷᠤᠹᠧᠰᠰᠤᠷ᠂ ᠰᠤᠳᠤᠯᠤᠭᠴᠢ᠃ 1981 ᠣᠨ ᠳᠤ ᠤᠤᠯ ᠤᠨ ᠥᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠡᠭᠡᠳᠦ ᠰᠤᠷᠭᠠᠭᠤᠯᠢ ᠎ ᠶᠢᠨ ᠮᠠᠯ ᠠᠵᠤ ᠠᠬᠤᠢ ᠶᠢᠨ ᠰᠠᠯᠪᠦᠷᠢ ᠳᠤ ᠰᠢᠯᠭᠠᠭᠳᠠᠨ ᠤᠷᠤᠵᠤ᠂ 1986 ᠣᠨ ᠳᠤ ᠰᠤᠷᠭᠠᠭᠤᠯᠢ ᠳᠠᠭᠠᠨ ᠦᠯᠡᠳᠡᠨ ᠠᠵᠢᠯᠯᠠᠪᠠ᠃ ᠣᠳᠤ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ ᠨᠠᠶᠢᠷᠠᠭᠤᠯᠬᠤ ᠬᠡᠯᠲᠡᠰ ᠤᠨ ᠡᠷᠬᠢᠯᠡᠭᠴᠢ ᠪᠦᠭᠡᠳ ᠶᠡᠷᠦᠩᠬᠡᠢ ᠨᠠᠶᠢᠷᠠᠭᠤᠯᠤᠭᠴᠢ ᠶᠢᠨ ᠲᠤᠰᠢᠶᠠᠯ ᠢ ᠬᠠᠷᠢᠭᠤᠴᠠᠵᠤ ᠪᠤᠢ᠃      ᠨᠠᠶᠢᠷᠠᠭᠤᠯᠤᠭᠴᠢ ᠶᠢᠨ ᠠᠵᠢᠯ ᠤᠨ ᠲᠠᠯ᠎ᠠ ᠪᠠᠷ᠂ 1986 ᠣᠨ ᠳᠤ ᠥᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠡᠭᠡᠳᠦ ᠰᠤᠷᠭᠠᠭᠤᠯᠢ ᠶᠢᠨ ᠮᠤᠩᠭᠤᠯ ᠰᠣᠨᠢᠨ ᠢ ᠡᠬᠦᠳᠦᠨ ᠬᠡᠪᠯᠡᠬᠦᠯᠵᠦ᠂ ᠡᠷᠳᠡᠮ ᠰᠢᠨᠵᠢᠯᠡᠭᠡᠨ ᠤ ᠮᠤᠩᠭᠤᠯ ᠰᠡᠳᠬᠦᠯ ᠡᠬᠦᠳᠦᠨ ᠨᠠᠶᠢᠷᠠᠭᠤᠯᠬᠤ ᠰᠠᠨᠠᠭᠤᠯᠭ᠎ᠠ ᠭᠠᠷᠭᠠᠵᠤ᠂ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠮᠤᠩᠭᠤᠯ ᠰᠡᠳᠬᠦᠯ ᠬᠡᠪᠯᠡᠭᠳᠡᠬᠦ ᠳᠤ ᠰᠠᠭᠤᠷᠢ ᠲᠠᠯᠪᠢᠵᠤ᠂ ︽ᠭᠠᠪᠢᠶᠠᠳᠤ ᠨᠠᠶᠢᠷᠠᠭᠤᠯᠤᠭᠴᠢ︾ ᠭᠡᠮᠡᠬᠦ ᠢᠷᠠᠭᠤ ᠠᠯᠳᠠᠷ ᠢ ᠬᠦᠷᠳᠡᠪᠡ᠃      ᠵᠢᠭᠠᠨ ᠰᠤᠷᠭᠠᠯᠲᠠ ᠶᠢᠨ ᠲᠠᠯ᠎ᠠ ᠪᠠᠷ᠂ 1994 ᠣᠨ ᠠᠴᠠ ᠡᠬᠢᠯᠡᠨ ᠤᠷᠢᠳ ᠬᠤᠵᠢᠳ ︽ᠤᠶᠤᠳᠠᠳ ᠤᠨ ᠦᠵᠡᠯ ᠰᠠᠨᠠᠭ᠎ᠠ ᠶᠤᠰᠤ ᠰᠤᠷᠳᠠᠬᠤᠨ ᠤ ᠪᠤᠯᠪᠠᠰᠤᠷᠠᠯ︾᠂ ︽ᠬᠠᠤᠯᠢ ᠴᠠᠭᠠᠵᠠ ᠶᠢᠨ ᠰᠠᠭᠤᠷᠢ︾ ᠵᠡᠷᠭᠡ ᠬᠢᠴᠢᠶᠡᠯ ᠎ ᠤᠨ ᠵᠢᠭᠠᠨ ᠰᠤᠷᠭᠠᠯᠲᠠ ᠶᠢᠨ ᠠᠵᠢᠯ ᠢ ᠡᠬᠦᠷᠭᠡᠯᠡᠵᠦ᠂ ᠡᠬᠦᠨ ᠤ ᠳᠤᠳᠤᠷᠠᠬᠢ ︽ᠪᠡᠯᠴᠢᠭᠡᠷ ᠤᠨ ᠮᠠᠯ ᠠᠵᠤ ᠠᠬᠤᠢ ᠎ ᠶᠢᠨ ᠤᠬᠠᠭᠠᠨ ᠤ ᠲᠤᠶᠢᠮᠤᠯᠠᠯ︾ ᠭᠡᠮᠡᠬᠦ ᠬᠢᠴᠢᠶᠡᠯ ᠪᠤᠯ ᠲᠡᠬᠦᠨ ᠤ ᠰᠤᠷᠭᠠᠯᠲᠠ ᠶᠢᠨ ᠪᠦᠳᠦᠭᠡᠯ ᠳᠡᠭᠡᠨ ᠲᠤᠯᠭᠠᠭᠤᠷᠢᠯᠠᠨ ᠵᠢᠭᠠᠬᠤ ᠮᠠᠲ᠋ᠧᠷᠢᠶᠠᠯ ᠢ ᠨᠢ ᠦᠪᠡᠷᠲᠡᠭᠡᠨ ᠡᠷᠬᠢᠯᠡᠨ ᠨᠠᠶᠢᠷᠠᠭᠤᠯᠤᠭᠰᠠᠨ ᠲᠤᠰ ᠰᠤᠳᠤᠯᠭ᠎ᠠ ᠰᠢᠨᠵᠢᠯᠡᠭᠡᠨ ᠤ ᠬᠦᠷᠢᠶᠡᠨ ᠳᠤ ᠮᠠᠨ ᠤ ᠤᠯᠤᠰ ᠤᠷᠤᠨ ᠤ ᠬᠤᠭᠤᠰᠤᠨ ᠢ ᠨᠦᠬᠦᠪᠦᠷᠢᠯᠡᠭᠰᠡᠨ ᠮᠦᠷᠲᠡᠭᠡᠨ ᠭᠠᠵᠠᠷ ᠣᠷᠤᠨ ᠤ ᠤᠨᠴᠴᠠᠯᠢᠭ ᠪᠠ ᠦᠨᠳᠦᠰᠦᠳᠡᠨ ᠤ ᠤᠨᠴᠠᠯᠢᠭ ᠢ ᠲᠤᠪᠤᠶᠢᠯᠭᠠᠭᠰᠠᠨ ᠰᠢᠨ᠎ᠡ ᠬᠢᠴᠢᠶᠡᠯ ᠪᠠᠶᠢᠵᠤ᠂ 2013 ᠣᠨ ᠳᠤ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠷ᠎ᠡ ᠪᠦᠳᠦᠭᠡᠯ ᠤᠨ ᠬᠤᠶᠠᠳᠤᠭᠠᠷ ᠲᠡᠰ ᠤᠨ ᠱᠠᠩᠨᠠᠯ ᠢ ᠬᠦᠷᠳᠡᠵᠡᠢ᠃      ᠰᠤᠳᠤᠯᠭᠠᠨ ᠤ ᠠᠵᠢᠯ ᠤᠨ ᠲᠠᠯ᠎ᠠ ᠪᠠᠷ᠂ 1998 ᠤᠨ ᠠᠴᠠ 1999 ᠣᠨ ᠪᠤᠯᠲᠠᠯ᠎ᠠ ᠶᠠᠫᠤᠨ ᠤ ᠲᠤᠤᠺᠢᠤ᠋ ᠎ ᠶᠢᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠭᠠᠵᠠᠷ ᠤᠷᠤᠨ ᠤ ᠰᠤᠶᠤᠯ ᠤᠨ ᠰᠠᠯᠪᠤᠷᠢ ᠳᠤ ︽ᠮᠤᠩᠭᠤᠯᠴᠤᠳ ᠤᠨ ᠪᠡᠯᠴᠢᠭᠡᠷ ᠤᠨ ᠮᠠᠯ ᠠᠵᠤ ᠠᠬᠤᠢ ᠶᠢᠨ ᠤᠬᠠᠭᠠᠨ︾᠎ ᠤ ᠲᠠᠯ᠎ᠠ ᠪᠠᠷ ᠶᠡᠷᠦᠩᠬᠡᠶᠢᠯᠡᠭᠰᠡᠨ ᠰᠤᠳᠤᠯᠭᠠᠨ ᠬᠢᠵᠤ᠂ ᠲᠠᠷᠠᠭ᠎ᠠ ᠨᠢ ᠶᠠᠫᠤᠨ ᠤ ᠲᠤᠤᠺᠢᠤ᠋ ᠤᠨ ᠠᠷᠢᠶᠠᠯᠠᠩ ᠮᠠᠯ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ︽ᠫᠧᠫᠲ᠋ᠢᠳ᠋ ᠤᠨ ᠬᠤᠨᠢᠨ ᠤ ᠬᠦᠵᠡᠭᠡᠨ ᠳᠠᠬᠢ ᠰᠢᠷᠬᠢᠭᠯᠢᠭ ᠢ ᠵᠠᠳᠠᠷᠠᠭᠤᠯᠬᠤ ᠪᠠᠺᠲ᠋ᠧᠷᠢ ᠳᠤ ᠦᠵᠡᠬᠦᠯᠬᠦ ᠨᠦᠯᠦᠬᠡᠯᠡᠯ︾ ᠬᠡᠮᠡᠬᠦ ᠲᠤᠰᠬᠠᠢ ᠰᠡᠳᠦᠪᠳᠦ ᠰᠤᠳᠤᠯᠭᠠᠨ ᠬᠢᠵᠠᠢ᠃ 2004 ᠣᠨ ᠳᠤ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠳᠤ ᠰᠤᠷᠭᠠᠨ ᠬᠦᠮᠦᠵᠢᠯ ᠤᠨ ᠮᠠᠰᠲ᠋ᠧᠷ ᠴᠣᠯᠠ ᠬᠠᠮᠠᠭᠠᠯᠠᠵᠤ᠂ 2005 ᠣᠨ ᠳᠤ ᠬᠦᠳᠡᠭᠡ ᠠᠵᠤ ᠠᠬᠤᠢ ᠶᠢᠨ ᠤᠬᠠᠭᠠᠨ ᠤ ᠳ᠋ᠣᠺᠲ᠋ᠤᠷ ᠴᠤᠯᠠ ᠬᠠᠮᠠᠭᠠᠯᠠᠪᠠ᠃      ᠨ᠊᠂ ᠰᠤᠳᠤᠪᠢᠯᠢᠭ᠌ ᠭᠤᠸᠠᠢ ᠤᠳᠤ ᠲᠤᠮᠳᠠᠳᠤ ᠤᠯᠤᠰ ᠤᠨ ᠮᠤᠩᠭᠤᠯ ᠰᠡᠳᠬᠦᠯ ᠰᠤᠳᠤᠯᠬᠤ ᠬᠤᠷᠠᠯ ᠤᠨ ᠳᠡᠳ᠋ ᠲᠠᠷᠤᠭ᠎ᠠ᠂ ᠪᠦᠬᠦ ᠤᠯᠤᠰ ᠤᠨ ᠲᠠᠷᠢᠶᠠᠯᠠᠩ ᠤᠨ ᠶᠡᠭᠡ ᠲᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ ᠰᠤᠳᠤᠯᠬᠤ ᠬᠤᠷᠠᠯ ᠤᠨ ᠪᠠᠶᠢᠩᠭᠤ ᠶᠢᠨ ᠬᠡᠷᠡᠭ ᠡᠷᠬᠢᠯᠡᠭᠴᠢ ᠪᠦᠭᠡᠳ ᠦᠨᠳᠦᠰᠦᠳᠡᠨ ᠤ ᠲᠥᠷᠦᠯ ᠤᠨ ᠡᠷᠳᠡᠮ ᠰᠢᠨᠵᠢᠯᠡᠭᠡᠨ ᠤ ᠰᠡᠳᠬᠦᠯ ᠤᠨ ᠲᠤᠰᠬᠠᠢ ᠮᠡᠷᠭᠡᠵᠢᠯ ᠤᠨ ᠵᠥᠪᠯᠡᠭᠴᠢ᠂ ᠪᠦᠬᠦ ᠤᠯᠤᠰ ᠤᠨ ᠪᠠᠶᠢᠭᠠᠯᠢ᠂ ᠠᠵᠤ ᠦᠢᠯᠡᠳᠪᠦᠷᠢ᠂ ᠲᠠᠷᠢᠶᠠᠯᠠᠩ᠂ ᠡᠮ ᠶᠢᠨ ᠲᠡᠭᠡᠳᠦ ᠰᠤᠷᠭᠠᠭᠤᠯᠢ ᠨᠤᠭᠤᠳ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠭᠡᠨ ᠤ ᠰᠡᠳᠬᠦᠯ ᠤᠨ ᠬᠠᠷᠢᠯᠴᠠᠭᠠᠨ ᠤ ᠲᠥᠪ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠥᠪᠦᠷ  ᠮᠤᠩᠭᠤᠯ ᠤᠨ ᠶᠡᠭᠡ ᠲᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ ᠰᠤᠳᠤᠯᠬᠤ ᠬᠤᠷᠠᠯ ᠤᠨ ᠳᠡᠳ᠋ ᠲᠠᠷᠤᠭ᠎ᠠ ᠵᠡᠷᠭᠡ ᠨᠡᠶᠢᠭᠡᠮ ᠤᠨ ᠲᠤᠰᠢᠶᠠᠯ ᠢ ᠬᠠᠷᠢᠭᠤᠴᠠᠵᠤ ᠪᠤᠢ᠃
 
ᠢᠷᠡᠯᠲᠡ᠄ ᠳ᠋ᠣᠺᠲ᠋ᠣᠷ ᠤᠨ ᠥᠯᠦᠭᠡᠢ- ᠬᠦᠪᠡᠭᠡᠲᠦ ᠰᠢᠷ᠎ᠠ ᠭᠡᠬᠦ ᠨᠣᠮ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号