ᠬᠦᠳᠡᠭᠡ ᠠᠵᠤ ᠠᠬᠤᠢ ᠶᠢᠨ ᠤᠬᠠᠭᠠᠨ ᠤ ᠳ᠋ᠣᠺᠲ᠋ᠤᠷ ᠨ᠊᠂ ᠰᠤᠳᠤᠪᠢᠯᠢᠭ᠌
ᠨᠡᠶᠢᠲᠡᠯᠡᠭᠰᠡᠨ ᠴᠠᠭ᠄
2020/12/22
     ᠬᠦᠳᠡᠭᠡ ᠠᠵᠤ ᠠᠬᠤᠢ ᠶᠢᠨ ᠤᠬᠠᠭᠠᠨ ᠤ ᠳ᠋ᠣᠺᠲ᠋ᠤᠷ ᠨ᠊᠂ ᠰᠤᠳᠤᠪᠢᠯᠢᠭ᠌ ︵1963.04 —︶ ᠥᠪᠦᠷ ᠮᠤᠩᠭᠤᠯ ᠤᠨ ᠬᠦᠪᠡᠭᠡᠲᠦ ᠰᠢᠷ᠎ᠠ ᠬᠤᠰᠢᠭᠤ ᠪᠠᠷ ᠨᠤᠲᠤᠭᠲᠠᠢ᠂ ᠬᠦᠳᠡᠭᠡ ᠠᠵᠤ ᠠᠬᠤᠢ ᠶᠢᠨ ᠤᠬᠠᠭᠠᠨ ᠤ ᠳ᠋ᠣᠺᠲ᠋ᠤᠷ᠂ ᠰᠤᠷᠭᠠᠨ ᠬᠦᠮᠦᠵᠢᠯ ᠤᠨ ᠤᠬᠠᠭᠠᠨ ᠤ ᠮᠠᠰᠲ᠋ᠧᠷ᠂ ᠬᠢᠨᠠᠨ ᠨᠠᠶᠢᠷᠠᠭᠤᠯᠤᠭᠴᠢ᠂ ᠫᠷᠤᠹᠧᠰᠰᠤᠷ᠂ ᠰᠤᠳᠤᠯᠤᠭᠴᠢ᠃ 1981 ᠣᠨ ᠳᠤ ᠤᠤᠯ ᠤᠨ ᠥᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠡᠭᠡᠳᠦ ᠰᠤᠷᠭᠠᠭᠤᠯᠢ  ᠶᠢᠨ ᠮᠠᠯ ᠠᠵᠤ ᠠᠬᠤᠢ ᠶᠢᠨ ᠰᠠᠯᠪᠦᠷᠢ ᠳᠤ ᠰᠢᠯᠭᠠᠭᠳᠠᠨ ᠤᠷᠤᠵᠤ᠂ 1986 ᠣᠨ ᠳᠤ ᠰᠤᠷᠭᠠᠭᠤᠯᠢ ᠳᠠᠭᠠᠨ ᠦᠯᠡᠳᠡᠨ ᠠᠵᠢᠯᠯᠠᠪᠠ᠃ ᠣᠳᠤ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ ᠨᠠᠶᠢᠷᠠᠭᠤᠯᠬᠤ ᠬᠡᠯᠲᠡᠰ ᠤᠨ ᠡᠷᠬᠢᠯᠡᠭᠴᠢ ᠪᠦᠭᠡᠳ ᠶᠡᠷᠦᠩᠬᠡᠢ ᠨᠠᠶᠢᠷᠠᠭᠤᠯᠤᠭᠴᠢ ᠶᠢᠨ ᠲᠤᠰᠢᠶᠠᠯ ᠢ ᠬᠠᠷᠢᠭᠤᠴᠠᠵᠤ ᠪᠤᠢ᠃      ᠨᠠᠶᠢᠷᠠᠭᠤᠯᠤᠭᠴᠢ ᠶᠢᠨ ᠠᠵᠢᠯ ᠤᠨ ᠲᠠᠯ᠎ᠠ ᠪᠠᠷ᠂ 1986 ᠣᠨ ᠳᠤ ᠥᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠡᠭᠡᠳᠦ ᠰᠤᠷᠭᠠᠭᠤᠯᠢ ᠶᠢᠨ ᠮᠤᠩᠭᠤᠯ ᠰᠣᠨᠢᠨ ᠢ ᠡᠬᠦᠳᠦᠨ ᠬᠡᠪᠯᠡᠬᠦᠯᠵᠦ᠂ ᠡᠷᠳᠡᠮ ᠰᠢᠨᠵᠢᠯᠡᠭᠡᠨ ᠤ ᠮᠤᠩᠭᠤᠯ ᠰᠡᠳᠬᠦᠯ ᠡᠬᠦᠳᠦᠨ ᠨᠠᠶᠢᠷᠠᠭᠤᠯᠬᠤ ᠰᠠᠨᠠᠭᠤᠯᠭ᠎ᠠ ᠭᠠᠷᠭᠠᠵᠤ᠂ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠮᠤᠩᠭᠤᠯ ᠰᠡᠳᠬᠦᠯ ᠬᠡᠪᠯᠡᠭᠳᠡᠬᠦ ᠳᠤ ᠰᠠᠭᠤᠷᠢ ᠲᠠᠯᠪᠢᠵᠤ᠂ ︽ᠭᠠᠪᠢᠶᠠᠳᠤ ᠨᠠᠶᠢᠷᠠᠭᠤᠯᠤᠭᠴᠢ︾ ᠭᠡᠮᠡᠬᠦ ᠢᠷᠠᠭᠤ ᠠᠯᠳᠠᠷ ᠢ ᠬᠦᠷᠳᠡᠪᠡ᠃      ᠵᠢᠭᠠᠨ ᠰᠤᠷᠭᠠᠯᠲᠠ ᠶᠢᠨ ᠲᠠᠯ᠎ᠠ ᠪᠠᠷ᠂ 1994 ᠣᠨ ᠠᠴᠠ ᠡᠬᠢᠯᠡᠨ ᠤᠷᠢᠳ ᠬᠤᠵᠢᠳ ︽ᠤᠶᠤᠳᠠᠳ ᠤᠨ ᠦᠵᠡᠯ ᠰᠠᠨᠠᠭ᠎ᠠ ᠶᠤᠰᠤ ᠰᠤᠷᠳᠠᠬᠤᠨ ᠤ ᠪᠤᠯᠪᠠᠰᠤᠷᠠᠯ︾᠂ ︽ᠬᠠᠤᠯᠢ ᠴᠠᠭᠠᠵᠠ ᠶᠢᠨ ᠰᠠᠭᠤᠷᠢ︾ ᠵᠡᠷᠭᠡ ᠬᠢᠴᠢᠶᠡᠯ  ᠤᠨ ᠵᠢᠭᠠᠨ ᠰᠤᠷᠭᠠᠯᠲᠠ ᠶᠢᠨ ᠠᠵᠢᠯ ᠢ ᠡᠬᠦᠷᠭᠡᠯᠡᠵᠦ᠂ ᠡᠬᠦᠨ ᠤ ᠳᠤᠳᠤᠷᠠᠬᠢ ︽ᠪᠡᠯᠴᠢᠭᠡᠷ ᠤᠨ ᠮᠠᠯ ᠠᠵᠤ ᠠᠬᠤᠢ  ᠶᠢᠨ ᠤᠬᠠᠭᠠᠨ ᠤ ᠲᠤᠶᠢᠮᠤᠯᠠᠯ︾ ᠭᠡᠮᠡᠬᠦ ᠬᠢᠴᠢᠶᠡᠯ ᠪᠤᠯ ᠲᠡᠬᠦᠨ ᠤ ᠰᠤᠷᠭᠠᠯᠲᠠ ᠶᠢᠨ ᠪᠦᠳᠦᠭᠡᠯ ᠳᠡᠭᠡᠨ ᠲᠤᠯᠭᠠᠭᠤᠷᠢᠯᠠᠨ ᠵᠢᠭᠠᠬᠤ ᠮᠠᠲ᠋ᠧᠷᠢᠶᠠᠯ ᠢ ᠨᠢ ᠦᠪᠡᠷᠲᠡᠭᠡᠨ ᠡᠷᠬᠢᠯᠡᠨ ᠨᠠᠶᠢᠷᠠᠭᠤᠯᠤᠭᠰᠠᠨ ᠲᠤᠰ ᠰᠤᠳᠤᠯᠭ᠎ᠠ ᠰᠢᠨᠵᠢᠯᠡᠭᠡᠨ ᠤ ᠬᠦᠷᠢᠶᠡᠨ ᠳᠤ ᠮᠠᠨ ᠤ ᠤᠯᠤᠰ ᠤᠷᠤᠨ ᠤ ᠬᠤᠭᠤᠰᠤᠨ ᠢ ᠨᠦᠬᠦᠪᠦᠷᠢᠯᠡᠭᠰᠡᠨ ᠮᠦᠷᠲᠡᠭᠡᠨ ᠭᠠᠵᠠᠷ ᠣᠷᠤᠨ ᠤ ᠤᠨᠴᠴᠠᠯᠢᠭ ᠪᠠ ᠦᠨᠳᠦᠰᠦᠳᠡᠨ ᠤ ᠤᠨᠴᠠᠯᠢᠭ ᠢ ᠲᠤᠪᠤᠶᠢᠯᠭᠠᠭᠰᠠᠨ ᠰᠢᠨ᠎ᠡ ᠬᠢᠴᠢᠶᠡᠯ ᠪᠠᠶᠢᠵᠤ᠂ 2013 ᠣᠨ ᠳᠤ ᠥᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠷ᠎ᠡ ᠪᠦᠳᠦᠭᠡᠯ ᠤᠨ ᠬᠤᠶᠠᠳᠤᠭᠠᠷ ᠲᠡᠰ ᠤᠨ ᠱᠠᠩᠨᠠᠯ ᠢ ᠬᠦᠷᠳᠡᠵᠡᠢ᠃      ᠰᠤᠳᠤᠯᠭᠠᠨ ᠤ ᠠᠵᠢᠯ ᠤᠨ ᠲᠠᠯ᠎ᠠ ᠪᠠᠷ᠂ 1998 ᠤᠨ ᠠᠴᠠ 1999 ᠣᠨ ᠪᠤᠯᠲᠠᠯ᠎ᠠ ᠶᠠᠫᠤᠨ ᠤ ᠲᠤᠤᠺᠢᠤ᠋  ᠶᠢᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠭᠠᠵᠠᠷ ᠤᠷᠤᠨ ᠤ ᠰᠤᠶᠤᠯ ᠤᠨ ᠰᠠᠯᠪᠤᠷᠢ ᠳᠤ ︽ᠮᠤᠩᠭᠤᠯᠴᠤᠳ ᠤᠨ ᠪᠡᠯᠴᠢᠭᠡᠷ ᠤᠨ ᠮᠠᠯ ᠠᠵᠤ ᠠᠬᠤᠢ ᠶᠢᠨ ᠤᠬᠠᠭᠠᠨ︾ ᠤ ᠲᠠᠯ᠎ᠠ ᠪᠠᠷ ᠶᠡᠷᠦᠩᠬᠡᠶᠢᠯᠡᠭᠰᠡᠨ ᠰᠤᠳᠤᠯᠭᠠᠨ ᠬᠢᠵᠤ᠂ ᠲᠠᠷᠠᠭ᠎ᠠ ᠨᠢ ᠶᠠᠫᠤᠨ ᠤ ᠲᠤᠤᠺᠢᠤ᠋ ᠤᠨ ᠠᠷᠢᠶᠠᠯᠠᠩ ᠮᠠᠯ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ︽ᠫᠧᠫᠲ᠋ᠢᠳ᠋ ᠤᠨ ᠬᠤᠨᠢᠨ ᠤ ᠬᠦᠵᠡᠭᠡᠨ ᠳᠠᠬᠢ ᠰᠢᠷᠬᠢᠭᠯᠢᠭ ᠢ ᠵᠠᠳᠠᠷᠠᠭᠤᠯᠬᠤ ᠪᠠᠺᠲ᠋ᠧᠷᠢ ᠳᠤ ᠦᠵᠡᠬᠦᠯᠬᠦ ᠨᠦᠯᠦᠬᠡᠯᠡᠯ︾ ᠬᠡᠮᠡᠬᠦ ᠲᠤᠰᠬᠠᠢ ᠰᠡᠳᠦᠪᠳᠦ ᠰᠤᠳᠤᠯᠭᠠᠨ ᠬᠢᠵᠠᠢ᠃ 2004 ᠣᠨ ᠳᠤ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠳᠤ ᠰᠤᠷᠭᠠᠨ ᠬᠦᠮᠦᠵᠢᠯ ᠤᠨ ᠮᠠᠰᠲ᠋ᠧᠷ ᠴᠣᠯᠠ ᠬᠠᠮᠠᠭᠠᠯᠠᠵᠤ᠂ 2005 ᠣᠨ ᠳᠤ ᠬᠦᠳᠡᠭᠡ ᠠᠵᠤ ᠠᠬᠤᠢ ᠶᠢᠨ ᠤᠬᠠᠭᠠᠨ ᠤ ᠳ᠋ᠣᠺᠲ᠋ᠤᠷ ᠴᠤᠯᠠ ᠬᠠᠮᠠᠭᠠᠯᠠᠪᠠ᠃      ᠨ᠊᠂ ᠰᠤᠳᠤᠪᠢᠯᠢᠭ᠌ ᠭᠤᠸᠠᠢ ᠤᠳᠤ ᠲᠤᠮᠳᠠᠳᠤ ᠤᠯᠤᠰ ᠤᠨ ᠮᠤᠩᠭᠤᠯ ᠰᠡᠳᠬᠦᠯ ᠰᠤᠳᠤᠯᠬᠤ ᠬᠤᠷᠠᠯ ᠤᠨ ᠳᠡᠳ᠋ ᠲᠠᠷᠤᠭ᠎ᠠ᠂ ᠪᠦᠬᠦ ᠤᠯᠤᠰ ᠤᠨ ᠲᠠᠷᠢᠶᠠᠯᠠᠩ ᠤᠨ ᠶᠡᠭᠡ ᠲᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ ᠰᠤᠳᠤᠯᠬᠤ ᠬᠤᠷᠠᠯ ᠤᠨ ᠪᠠᠶᠢᠩᠭᠤ ᠶᠢᠨ ᠬᠡᠷᠡᠭ ᠡᠷᠬᠢᠯᠡᠭᠴᠢ ᠪᠦᠭᠡᠳ ᠦᠨᠳᠦᠰᠦᠳᠡᠨ ᠤ ᠲᠥᠷᠦᠯ ᠤᠨ ᠡᠷᠳᠡᠮ ᠰᠢᠨᠵᠢᠯᠡᠭᠡᠨ ᠤ ᠰᠡᠳᠬᠦᠯ ᠤᠨ ᠲᠤᠰᠬᠠᠢ ᠮᠡᠷᠭᠡᠵᠢᠯ ᠤᠨ ᠵᠥᠪᠯᠡᠭᠴᠢ᠂ ᠪᠦᠬᠦ ᠤᠯᠤᠰ ᠤᠨ ᠪᠠᠶᠢᠭᠠᠯᠢ᠂ ᠠᠵᠤ ᠦᠢᠯᠡᠳᠪᠦᠷᠢ᠂ ᠲᠠᠷᠢᠶᠠᠯᠠᠩ᠂ ᠡᠮ ᠶᠢᠨ ᠲᠡᠭᠡᠳᠦ ᠰᠤᠷᠭᠠᠭᠤᠯᠢ ᠨᠤᠭᠤᠳ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠭᠡᠨ ᠤ ᠰᠡᠳᠬᠦᠯ ᠤᠨ ᠬᠠᠷᠢᠯᠴᠠᠭᠠᠨ ᠤ ᠲᠥᠪ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠥᠪᠦᠷ  ᠮᠤᠩᠭᠤᠯ ᠤᠨ ᠶᠡᠭᠡ ᠲᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ ᠰᠤᠳᠤᠯᠬᠤ ᠬᠤᠷᠠᠯ ᠤᠨ ᠳᠡᠳ᠋ ᠲᠠᠷᠤᠭ᠎ᠠ ᠵᠡᠷᠭᠡ ᠨᠡᠶᠢᠭᠡᠮ ᠤᠨ ᠲᠤᠰᠢᠶᠠᠯ ᠢ ᠬᠠᠷᠢᠭᠤᠴᠠᠵᠤ ᠪᠤᠢ᠃
 
ᠢᠷᠡᠯᠲᠡ᠄ ᠳ᠋ᠣᠺᠲ᠋ᠣᠷ ᠤᠨ ᠥᠯᠦᠭᠡᠢ- ᠬᠦᠪᠡᠭᠡᠲᠦ ᠰᠢᠷ᠎ᠠ ᠭᠡᠬᠦ ᠨᠣᠮ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号