ᠠᠯᠪᠠᠨ ᠵᠠᠷᠯᠠᠯ | ︵ᠭᠤᠴᠢᠨ ᠲᠥᠷᠪᠡᠳᠦᠭᠡᠷ ᠲᠤᠭᠠᠳᠤ︶ | | 12 ᠳ᠋ᠤᠭᠠᠷ ᠰᠠᠷ᠎ᠠ ᠶᠢᠨ 2 ᠤ ᠡᠳᠦᠷ ᠤᠨ 0 ᠴᠠᠭ ᠪᠣᠯᠲᠠᠯ᠎ᠠ᠂ ᠪᠦᠬᠦ ᠤᠯᠤᠰ ᠲᠤ ᠨᠡᠶᠢᠲᠡ ᠰᠢᠨ᠎ᠡ ᠲᠢᠳᠢᠮᠯᠢᠭ | ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠦᠨᠳᠦᠷ ᠲᠡᠰ ᠤᠨ ᠲᠦᠭᠰᠢᠬᠦᠷᠢᠲᠦ ᠭᠠᠵᠠᠷ ᠤᠷᠤᠨ 3᠂ | ᠳᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ 8 ᠪᠤᠯᠪᠠ᠃ ᠲᠤᠬᠠᠶᠢᠯᠠᠪᠠᠯ᠂ ᠮᠠᠨᠵᠤᠤᠷ ᠬᠤᠲᠠ ᠶᠢᠨ ᠳ᠋ᠦᠩ | ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠢᠶᠠᠨᠵᠢᠨ ᠬᠤᠲᠠ ᠶᠢᠨ ᠳ᠋ᠦᠩ ᠵᠢᠶᠠᠩ ᠭᠠᠷᠠᠮ ᠤᠨ | ᠲᠤᠭᠤᠷᠢᠭ ᠤᠨ ᠺᠠᠨ ᠬᠠᠢ ᠰᠢᠤᠸᠠᠨ ᠰᠠᠭᠤᠭᠠᠯᠢ ᠲᠤᠭᠤᠷᠢᠭ ᠢ ᠬᠢᠵᠢᠭ ᠤᠨ ᠪᠠᠶᠢᠳᠠᠯ ᠤᠨ ᠦᠨᠳᠦᠷ ᠲᠡᠰ ᠤᠨ | ᠲᠦᠭᠰᠢᠬᠦᠷᠢᠲᠦ ᠭᠠᠵᠠᠷ ᠤᠷᠤᠨ ᠢᠶᠠᠷ ᠲᠤᠭᠳᠠᠭᠠᠵᠤ᠂ ᠮᠠᠨᠵᠤᠤᠷ ᠬᠤᠲᠠ ᠶᠢᠨ ᠬᠤᠶᠢᠲᠤ ᠲᠤᠭᠤᠷᠢᠭ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠮᠦᠨ᠎ᠡ ᠲᠤᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠰᠢᠩ ᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠯᠠᠶᠢᠨᠠᠭᠤᠷ ᠲᠤᠭᠤᠷᠢᠭ ᠤᠨ ᠲᠦᠷᠪᠡᠳᠦᠭᠡᠷ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠢᠭᠡᠳ ᠱᠠᠩᠬᠠᠢ ᠬᠤᠲᠠ ᠶᠢᠨ ᠫᠦᠳᠦ᠋ᠩ ᠰᠢᠨ᠎ᠡ ᠲᠣᠭᠤᠷᠢᠭ ᠤᠨ ᠵᠧᠦ ᠫᠦ᠋ | ᠪᠠᠯᠭᠠᠰᠤᠨ ᠤ ᠮᠢᠩ ᠲᠢᠶᠠᠨ ᠬᠤᠸᠠ ᠴᠧᠩ ᠰᠠᠭᠤᠭᠠᠯᠢ ᠲᠤᠭᠤᠷᠢᠭ᠂ ᠵᠦ ᠴᠢᠶᠤᠤ ᠪᠠᠯᠭᠠᠰᠤᠨ ᠤ ᠰᠢᠨ ᠱᠧᠩ | ᠰᠠᠭᠤᠭᠠᠯᠢ ᠲᠤᠭᠤᠷᠢᠭ᠂ ᠵᠦ ᠴᠢᠶᠤᠤ ᠪᠠᠯᠭᠠᠰᠤᠨ ᠤ ᠬᠠᠩ ᠴᠧᠩ ᠲᠤᠯᠤᠳᠤᠭᠠᠷ ᠵᠠᠮ ᠤᠨ 450 ᠳ᠋ᠤᠭᠠᠷ | ᠭᠤᠳᠤᠮᠵᠢ ᠶᠢᠨ ᠰᠠᠭᠤᠭᠠᠯᠢ ᠲᠤᠭᠤᠷᠢᠭ᠂ ᠵᠢᠶᠠᠩ ᠵᠧᠨ ᠪᠠᠯᠭᠠᠰᠤᠨ ᠤ ᠱᠦᠨ ᠡᠾᠧ ᠵᠠᠮ ᠤᠨ 126 ᠳ᠋ᠤᠭᠠᠷ | ᠭᠤᠳᠤᠮᠵᠢ ᠶᠢᠨ ᠰᠠᠭᠤᠭᠠᠯᠢ ᠲᠤᠭᠤᠷᠢᠭ ᠢ ᠬᠢᠵᠢᠭ ᠤᠨ ᠪᠠᠶᠢᠳᠠᠯ ᠤᠨ ᠳᠤᠮᠳᠠ ᠲᠡᠰ ᠤᠨ ᠲᠦᠭᠰᠢᠬᠦᠷᠢᠲᠦ ᠭᠠᠵᠠᠷ | ᠣᠷᠤᠨ ᠢᠶᠠᠷ ᠲᠤᠭᠳᠠᠭᠠᠵᠠᠢ᠃ ︽ᠭᠠᠳᠠᠨ᠎ᠠ ᠠᠴᠠ ᠬᠠᠯᠳᠠᠪᠦᠷᠢᠯᠠᠬᠤ ᠶᠢ ᠰᠡᠷᠭᠡᠶᠢᠯᠡᠨ᠂ ᠲᠤᠳᠤᠭᠠᠳᠤ ᠳᠤ ᠲᠠᠬᠢᠨ | ᠢᠯᠡᠷᠡᠬᠦ ᠶᠢ ᠰᠡᠷᠭᠡᠶᠢᠯᠡᠬᠦ︾ ᠡᠯ᠎ᠡ ᠲᠥᠷᠦᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠤᠳᠣᠯᠭ᠎ᠠ ᠶᠢ | ᠰᠠᠶᠢᠲᠤᠷ ᠨᠠᠶᠢᠳᠠᠪᠦᠷᠢᠵᠢᠭᠤᠯᠤᠨ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠨᠠᠷᠢᠯᠢᠭ ᠣᠨᠣᠪᠴᠢᠲᠠᠢ ᠬᠢᠵᠦ᠂ ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤᠨ ᠤ ᠡᠷᠡᠬᠦᠯ ᠮᠡᠨᠳᠦ ᠠᠮᠤᠷ | ᠲᠦᠪᠰᠢᠨ ᠢ ᠦᠨᠡᠨᠬᠦ ᠪᠠᠳᠤᠯᠠᠬᠤ ᠶᠢᠨ ᠲᠤᠯᠠᠲᠠ᠂ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠪᠠ᠄ | ᠨᠢᠭᠡ᠂ ᠥᠷᠭᠡᠨ ᠣᠯᠠᠨ ᠰᠠᠭᠤᠭᠠᠯᠢ ᠠᠷᠠᠳ ᠱᠠᠩᠬᠠᠢ ᠬᠤᠲᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ | ᠵᠥᠪᠯᠡᠯ᠂ ᠲᠢᠶᠠᠨᠵᠢᠨ ᠬᠤᠲᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ | ᠣᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ ᠤᠨ ᠠᠯᠪᠠᠨ ᠤ ᠲᠠᠯ᠎ᠠ ᠠᠴᠠ ᠨᠡᠶᠢᠲᠡᠯᠡᠭᠰᠡᠨ ᠰᠢᠨ᠎ᠡ | ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠥᠷᠪᠢᠰᠦᠯ ᠢᠶᠠᠷ ᠤᠨᠤᠰᠢᠯᠠᠭᠳᠠᠭᠰᠠᠨ | ᠡᠪᠡᠳᠴᠢᠲᠠᠨ ᠪᠠ ᠡᠪᠡᠳᠴᠢᠨ ᠤ ᠢᠯᠡᠷᠡᠯ ᠦᠭᠡᠢ ᠬᠠᠯᠳᠠᠪᠦᠷᠢᠯᠠᠭᠳᠠᠭᠰᠠᠳ ᠤᠨ ᠪᠠᠶᠢᠳᠠᠯ᠂ ᠠᠵᠢᠯᠯᠠᠭᠠᠨ ᠤ ᠵᠠᠮ ᠮᠥᠷ | ᠪᠠ ᠭᠠᠵᠠᠷ ᠣᠷᠣᠨ ᠤ ᠲᠦᠭᠰᠢᠭᠦᠷᠢ ᠶᠢᠨ ᠵᠡᠷᠭᠡ ᠳᠡᠰ ᠤᠨ ᠬᠤᠪᠢᠶᠠᠷᠢᠯᠠᠯ ᠵᠡᠷᠭᠡ ᠬᠤᠯᠪᠤᠭᠳᠠᠯ ᠪᠥᠬᠦᠶ ᠮᠡᠳᠡᠭᠡ | ᠵᠠᠩᠭᠢ ᠶᠢ ᠢᠮᠠᠭᠲᠠ ᠰᠠᠶᠢᠲᠤᠷ ᠠᠩᠬᠠᠷᠬᠤ ᠬᠡᠷᠡᠭᠲᠡᠶ | ᠬᠤᠶᠠᠷ᠂ ᠡᠯ᠎ᠡ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ | ᠡᠮᠴᠢᠯᠡᠭᠡᠨ ᠤ ᠪᠠᠶᠢᠭᠤᠯᠤᠮᠵᠢ᠂ ᠭᠠᠴᠠᠭ᠎ᠠ ᠨᠡᠶᠢᠭᠡᠮ ᠲᠤᠭᠤᠷᠢᠭ ᠰᠠᠨᠠᠭᠠᠴᠢᠯᠠᠭ᠎ᠠ ᠠᠴᠠ ᠪᠠᠨ ᠮᠦᠷᠳᠡᠨ ᠪᠠᠶᠢᠴᠭᠠᠠᠯᠲᠠ | ᠬᠢᠵᠤ᠂ ᠲᠤᠰ ᠬᠠᠷᠢᠶ᠎ᠠ ᠣᠷᠤᠨ᠂ ᠪᠠᠶᠢᠭᠤᠯᠭ᠎ᠠ ᠨᠢᠭᠡᠴᠡ ᠶᠢᠨ ᠠᠵᠢᠯᠲᠠᠨ ᠳᠤᠮᠳᠠ᠂ ᠦᠨᠳᠦᠷ ᠲᠡᠰ ᠤᠨ | ᠲᠦᠭᠰᠢᠬᠦᠷᠢᠲᠦ ᠭᠠᠵᠠᠷ ᠤᠷᠤᠨ ᠳᠤ ᠣᠴᠢᠭᠰᠠᠨ ᠪᠠᠶᠢᠪᠠᠯ᠂ ᠴᠠᠭ ᠲᠤᠬᠠᠢ ᠳᠤᠨᠢ ᠪᠠᠶᠢᠳᠠᠯ ᠢ ᠨᠢ ᠡᠵᠡᠮᠰᠢᠬᠦ ᠶᠢᠨ | ᠬᠠᠮᠲᠤ᠂ ᠬᠤᠰᠢᠭᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ | ᠡᠵᠡᠮᠳᠡᠬᠦ ᠲᠤᠭᠤᠶᠢᠯᠠᠩ ︵ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 110᠂ 6224814︶ ᠪᠣᠯᠤᠨ | ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ︵ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ | 6222994︶ ᠳᠤ ᠮᠡᠳᠡᠬᠦᠯᠦᠨ ᠲᠠᠩᠰᠠᠯᠠᠭᠤᠯᠬᠤ ᠬᠡᠷᠡᠭᠳᠡᠢ᠃ ᠨᠢᠰᠭᠡᠯ ᠤᠨ ᠪᠠᠭᠤᠳᠠᠯ᠂ ᠲᠡᠷᠭᠡᠨ ᠥᠷᠲᠡᠭᠡ᠂ | ᠬᠤᠨᠤᠬᠤ ᠪᠠᠭᠤᠳᠠᠯ ᠵᠡᠷᠭᠡ ᠨᠢ ᠬᠤᠰᠢᠭᠤᠨ ᠳᠤ ᠢᠷᠡᠭᠰᠡᠨ ᠬᠦᠮᠦᠰ ᠤᠨ ᠪᠠᠶᠢᠳᠠᠯ ᠢ ᠰᠠᠶᠢᠲᠤᠷ ᠡᠵᠡᠮᠰᠢᠵᠤ᠂ ᠴᠠᠭ | ᠲᠤᠬᠠᠢ ᠳᠤᠨᠢ ᠮᠡᠳᠡᠬᠦᠯᠬᠦ ᠭᠡᠷᠡᠭᠳᠡᠢ᠃ ᠪᠦᠬᠦ ᠬᠤᠰᠢᠭᠤᠨ ᠤ ᠡᠯ᠎ᠡ ᠭᠤᠤᠯᠳᠠᠯᠭ᠎ᠠ ᠲᠠᠢ ᠲᠠᠯᠠᠪᠤᠷ ᠨᠢ ᠰᠡᠷᠭᠡᠶᠢᠯᠡᠨ | ᠡᠵᠡᠮᠳᠡᠬᠦ ᠬᠦᠴᠦᠯᠡᠴᠡ ᠪᠠᠨ ᠴᠢᠩᠭᠠᠳᠬᠠᠵᠤ᠂ ᠡᠷᠡᠬᠦᠯ ᠮᠡᠨᠳᠦ ᠶᠢᠨ ᠨᠡᠪᠳᠡᠷᠡᠬᠦ ᠺᠣᠳ᠋ ᠢ ᠰᠢᠯᠭᠠᠨ ᠪᠠᠶᠢᠴᠠᠭᠠᠬᠤ ᠪᠠ | ᠪᠡᠶ᠎ᠡ ᠶᠢᠨ ᠳᠤᠯᠠᠭᠠᠨ ᠢ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠤ᠂ ᠬᠢᠵᠢᠭ ᠭᠠᠳᠠᠨ᠎ᠠ ᠠᠴᠠ ᠬᠠᠯᠳᠠᠪᠦᠷᠢᠯᠠᠬᠤ ᠶᠢ | ᠡᠷᠡᠰ ᠬᠤᠷᠢᠭᠯᠠᠬᠤ ᠬᠡᠷᠡᠭᠳᠡᠢ᠃ | ᠭᠤᠷᠪᠠ᠂ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠨᠢ ᠶᠡᠭᠡ ᠳ᠋ᠠᠶᠢᠲ᠋ᠠ ᠪᠠᠷ ᠬᠠᠷᠭᠤᠭᠤᠯᠤᠨ | ᠪᠠᠶᠢᠴᠠᠭᠠᠬᠤ᠂ ᠡᠳᠦᠷ ᠲᠤᠳᠤᠮ ᠤᠨ ᠲᠤᠭᠤᠷᠢᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠪᠠᠷ᠂ ᠮᠡᠨᠵᠤᠤᠷ ᠬᠤᠲᠠ ᠵᠢᠴᠢ | ᠤᠯᠤᠰ ᠤᠨ ᠬᠦᠳᠡᠯᠦᠩᠭᠦᠢ ᠲᠤᠬᠢᠷᠠᠭᠤᠯᠤᠯᠲᠠ ᠪᠠᠷ ᠲᠤᠭᠳᠠᠭᠠᠭᠰᠠᠨ ᠳᠤᠮᠳᠠ᠂ ᠦᠨᠳᠦᠷ ᠲᠡᠰ ᠤᠨ ᠲᠦᠭᠰᠢᠬᠦᠷᠢᠲᠦ | ᠭᠠᠵᠠᠷ ᠣᠷᠤᠨ ᠠᠴᠠ ᠢᠷᠡᠭᠰᠡᠨ ᠬᠦᠮᠦᠰ ᠲᠤ ᠴᠢᠩᠭ᠎ᠠ ᠪᠠᠶᠢᠴᠠᠭᠠᠯᠲᠠ ᠬᠢᠵᠤ᠂ ᠮᠡᠳᠡᠬᠦᠯᠬᠦ ᠶᠢ ᠤᠳᠠᠭᠠᠰᠢᠷᠠᠭᠤᠯᠬᠤ᠂ | ᠨᠢᠭᠤᠬᠤ᠂ ᠰᠤᠷᠠᠭ ᠵᠠᠩᠬᠢ ᠶᠢ ᠬᠤᠳᠠᠯ ᠢᠶᠠᠷ ᠮᠡᠳᠡᠬᠦᠯᠬᠦ ᠠᠵᠢᠯᠯᠠᠭ᠎ᠠ ᠳᠤ ᠬᠠᠤᠯᠢ ᠶᠤᠰᠤᠭᠠᠷ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠬᠠᠮᠵᠢᠯᠴᠠᠬᠤ ᠦᠬᠡᠢ᠂ ᠬᠢᠵᠢᠭ ᠤᠨ | ᠪᠠᠶᠢᠳᠠᠯ ᠢ ᠳᠡᠯᠭᠡᠷᠡᠬᠦᠯᠦᠨ ᠲᠠᠷᠬᠠᠭᠠᠬᠤ ᠵᠡᠷᠭᠡ ᠬᠦᠨᠳᠦ ᠨᠤᠴᠢᠲᠠᠢ ᠦᠷ᠎ᠡ ᠨᠦᠯᠦᠭᠡ ᠭᠠᠷᠭᠠᠭᠰᠠᠳ ᠲᠤ ᠬᠠᠤᠯᠢ | ᠳᠥᠷᠢᠮ ᠶᠤᠰᠤᠭᠠᠷ ᠬᠠᠮᠢᠭ᠎ᠠ ᠪᠦᠬᠦᠢ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ᠃ | ᠲᠥᠷᠪᠡ᠂ ᠮᠡᠨᠵᠤᠤᠷ ᠬᠤᠲᠠ ᠵᠢᠴᠢ ᠤᠯᠤᠰ ᠤᠨ ᠬᠦᠳᠡᠯᠦᠩᠭᠦᠢ ᠲᠤᠬᠢᠷᠠᠭᠤᠯᠤᠯᠲᠠ ᠪᠠᠷ ᠲᠤᠭᠳᠠᠭᠠᠭᠰᠠᠨ | ᠳᠤᠮᠳᠠ᠂ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ | ᠨᠢ ᠥᠪᠡᠷᠲᠡᠭᠡᠨ ᠢᠶᠠᠨ 14 ᠡᠳᠦᠷ ᠡᠷᠡᠬᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ ᠬᠤᠪᠢ | ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠢᠯᠡᠷᠡᠯ | ᠭᠠᠷᠪᠠᠯ᠂ ᠲᠠᠷᠤᠶᠢᠬᠠᠨ ᠠᠮᠠᠪᠴᠢ ᠵᠡᠬᠦᠵᠦ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠶᠢ | ᠡᠮᠴᠢᠯᠡᠬᠦ ᠡᠬᠦᠳᠡᠨ ᠡᠮᠨᠡᠯᠭᠡ ︵ᠭᠠᠵᠠᠷ᠄ ᠰᠢᠨᠡᠪᠤᠯᠠᠭ ᠪᠠᠯᠭᠠᠰᠤᠨ ᠤ ᠬᠤᠩᠭᠤᠷ ᠵᠡᠭᠡᠯᠢ ᠶᠢᠨ ᠪᠠᠷᠠᠭᠤᠨ ᠵᠠᠬ᠎ᠠ᠂ | ᠤᠳᠠᠰᠤ᠄ 13141798461︶ ᠳᠤ ᠬᠦᠷᠴᠦ ᠡᠮᠴᠢᠯᠡᠬᠦᠯᠬᠦ ᠬᠡᠷᠡᠭᠳᠡᠢ᠃ | ᠲᠠᠪᠤ᠂ ᠡᠯ᠎ᠡ ᠪᠠᠷᠠᠭᠠᠨ ᠤ ᠬᠦᠢᠯᠭᠡᠭᠡ᠂ ᠲᠥᠷᠭᠡᠨ ᠬᠦᠷᠭᠡᠯᠲᠡ ᠶᠢᠨ ᠠᠵᠤ ᠠᠬᠤᠶᠢᠯᠠᠯ ᠨᠢ ᠬᠤᠰᠢᠭᠤ ᠰᠢᠨ᠎ᠡ | ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ | ᠬᠡᠯᠲᠡᠰ ᠪᠠ ᠬᠠᠮᠢᠶ᠎ᠠ ᠪᠦᠬᠦᠢ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ᠂ | ᠲᠤᠬᠠᠶᠢᠯᠠᠭᠰᠠᠨ ᠠᠵᠢᠯᠲᠠᠨ ᠤ ᠰᠡᠷᠭᠡᠶᠢᠯᠡᠨ ᠬᠠᠮᠠᠭᠠᠯᠠᠯᠲᠠ᠂ ᠲᠤᠭᠳᠠᠭᠰᠠᠨ ᠬᠤᠭᠤᠴᠠᠭᠠᠨ ᠤ ᠪᠦᠭᠡᠮ ᠬᠦᠴᠢᠯ ᠤᠨ | ᠪᠠᠶᠢᠴᠠᠭᠠᠯᠲᠠ ᠵᠢᠴᠢ ᠲᠦᠷᠭᠡᠨ ᠬᠦᠷᠭᠡᠯᠲᠡ ᠶᠢᠨ ᠪᠤᠭᠤᠳᠠᠯ ᠪᠠᠭᠯᠠᠭ᠎ᠠ᠂ ᠠᠵᠢᠯᠯᠠᠬᠤ ᠲᠠᠯᠠᠪᠤᠷ᠂ ᠲᠡᠭᠡᠭᠡᠪᠦᠷᠢ ᠶᠢᠨ | ᠮᠠᠰᠢᠨ ᠵᠡᠷᠭᠡ ᠶᠢᠨ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠦᠷᠭᠡᠨ ᠣᠯᠠᠨ ᠲᠦᠮᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠨᠢᠭᠲᠠ ᠬᠠᠪᠰᠤᠷᠤᠯᠴᠠᠵᠤ᠂ ᠰᠦᠯᠵᠢᠶᠡᠨ ᠲᠡᠭᠡᠷᠡᠬᠢ ᠭᠠᠳᠠᠭᠠᠲᠤ ᠠᠴᠠ | ᠤᠷᠤᠭᠤᠯᠤᠭᠰᠠᠨ ᠬᠦᠷᠦᠭᠡᠭᠴᠢᠲᠦ ᠬᠦᠢᠯᠭᠡᠭᠡᠨ ᠤ ᠢᠳᠡᠭᠡᠨ ᠢ ᠬᠤᠲᠠᠯᠳᠤᠨ ᠠᠪᠬᠤ ᠦᠭᠡᠢ ᠪᠠᠶᠢᠬᠤ ᠶᠢ ᠬᠦᠰᠡᠶ᠎ᠡ᠃ | ᠵᠢᠷᠭᠤᠭ᠎ᠠ᠂ ᠪᠤᠰᠤᠳ ᠬᠠᠷᠠᠬᠠᠨ ᠲᠠᠭᠤᠰᠤᠭ᠎ᠠ ᠦᠭᠡᠢ ᠤᠴᠢᠷ ᠶᠠᠪᠤᠳᠠᠯ ᠢ ᠬᠤᠰᠢᠭᠤ ᠰᠡᠷᠭᠡᠶᠢᠯᠡᠨ ᠡᠵᠡᠮᠳᠡᠬᠦ | ᠠᠵᠢᠯ ᠤᠨ ᠵᠢᠯᠦᠭᠤᠳᠬᠤ ᠭᠡᠯᠳᠡᠰ ᠤᠨ 32. 33 ᠳ᠋ᠤᠭᠠᠷ ᠲᠤᠭᠠᠳᠤ ᠠᠯᠪᠠᠨ ᠵᠠᠷᠯᠠᠯ ᠤᠨ ᠶᠤᠰᠤᠭᠠᠷ | ᠶᠠᠪᠤᠭᠳᠠᠭᠤᠯᠤᠨ᠎ᠠ᠃ | | | ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ | ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ | 2020 ᠤᠨ ᠤ 12 ᠰᠠᠷᠠᠶᠢᠨ 2 ᠤ ᠡᠳᠦᠷ |