ᠠᠯᠪᠠᠨ ᠵᠠᠷᠯᠠᠯ | ︵ᠭᠤᠴᠢᠨ ᠵᠢᠷᠭᠤᠳᠤᠭᠠᠷ ᠲᠤᠭᠠᠳᠤ︶ | | | ᠣᠶᠢᠷ᠎ᠠ ᠳᠤ ᠪᠡᠭᠡᠵᠢᠩ᠂ ᠳ᠋ᠠᠯᠢᠶᠠᠨ᠂ ᠮᠦᠭᠳᠡᠨ ᠵᠡᠷᠭᠡ ᠬᠤᠲᠠ ᠳᠤ ᠵᠠᠯᠭᠠᠪᠡᠷ ᠰᠢᠨ᠎ᠡ ᠲᠢᠳᠢᠮᠯᠢᠭ ᠠᠭᠤᠰᠬᠢᠨ | ᠥᠷᠪᠢᠰᠦᠯ ᠤᠨ ᠲᠤᠬᠠᠢ ᠶᠢᠨ ᠭᠠᠵᠠᠷ ᠤᠨ ᠡᠪᠡᠳᠴᠢᠲᠡᠨ ᠤ ᠵᠢᠱᠢᠶ᠎ᠡ ᠢᠯᠡᠷᠡᠵᠦ᠂ ᠰᠢᠨ᠎ᠡ ᠲᠢᠳᠢᠮᠯᠢᠭ ᠠᠭᠤᠰᠬᠢᠨ | ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠡᠯᠢᠶᠡᠳ ᠬᠦᠨᠳᠦ ᠨᠤᠴᠢᠲᠠᠢ ᠪᠣᠯᠣᠭᠰᠠᠨ | ᠪᠠᠶᠢᠨ᠎ᠠ᠃ ᠢᠯᠠᠩᠭᠤᠶ᠎ᠠ ᠥᠨᠦ ᠡᠪᠦᠯ ᠪᠠ ᠢᠷᠡᠬᠦ ᠬᠠᠪᠤᠷ ᠨᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ | ᠵᠠᠩᠭᠢᠯᠠᠭ᠎ᠠ ᠶᠢᠨ ᠦᠶ᠎ᠡ ᠪᠣᠯᠣᠨ᠎ᠠ᠃ ᠰᠢᠨ᠎ᠡ ᠣᠨ ᠴᠠᠭᠠᠨ ᠰᠠᠷ᠎ᠠ ᠣᠶᠢᠷᠠᠳᠴᠤ᠂ ᠬᠦᠮᠦᠨ ᠤ ᠤᠷᠤᠰᠬᠠᠯ ᠨᠡᠮᠡᠭᠳᠡᠨ᠂ | ᠴᠤᠭᠯᠠᠷᠠᠯ ᠤᠨ ᠴᠢᠨᠠᠷᠲᠠᠢ ᠠᠵᠢᠯᠯᠠᠭ᠎ᠠ ᠤᠯᠠᠳᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ | ᠲᠤᠭᠲᠠᠭᠤᠨ ᠪᠤᠰᠤ ᠪᠠᠶᠢᠳᠠᠯ ᠢ ᠠᠪᠴᠢᠷᠠᠪᠠ ᠰᠢᠨ᠎ᠡ ᠣᠨ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠤ᠂ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠨ᠂ | ᠲᠤᠳᠤᠭᠠᠳᠤ ᠳᠤ ᠲᠠᠬᠢᠨ ᠢᠯᠡᠷᠡᠬᠦ ᠶᠢ ᠰᠡᠷᠭᠡᠶᠢᠯᠡᠬᠦ︾ ᠡᠯ᠎ᠡ ᠲᠥᠷᠦᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ | ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ | ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠤᠪᠴᠢᠲᠠᠢ ᠬᠢᠵᠤ᠂ ᠦᠷᠭᠡᠨ | ᠣᠯᠠᠨ ᠲᠥᠮᠡᠨ ᠤ ᠠᠮᠢ ᠨᠠᠰᠤ ᠡᠷᠡᠬᠦᠯ ᠮᠡᠨᠳᠦ ᠶᠢᠨ ᠠᠮᠤᠷ ᠲᠥᠪᠰᠢᠨ ᠢ ᠦᠨᠡᠨᠬᠦ ᠪᠠᠳᠤᠯᠠᠬᠤ ᠶᠢᠨ ᠲᠤᠯᠠᠳᠠ᠂ | ᠲᠤᠤᠷᠠᠬᠢ ᠬᠠᠮᠢᠶ᠎ᠠ ᠪᠦᠬᠦᠢ ᠵᠦᠢᠯᠡᠰ ᠢ ᠵᠠᠷᠯᠠᠪᠠ᠃ | ᠨᠢᠭᠡ᠂ ᠥᠷᠭᠡᠨ ᠣᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠥᠨᠳᠦᠷ | ᠲᠡᠰ ᠤᠨ ᠲᠥᠭᠰᠢᠬᠦᠷᠢᠲᠦ ᠭᠠᠵᠠᠷ ᠣᠷᠤᠨ ᠤ ᠬᠦᠳᠡᠯᠦᠩᠭᠦᠢ ᠬᠤᠪᠢᠷᠠᠯᠲᠠ ᠶᠢ ᠥᠷᠬᠦᠯᠵᠢᠯᠡᠨ ᠠᠩᠬᠠᠷᠬᠤ ᠬᠡᠷᠡᠭᠳᠡᠢ᠃ | ︵ᠨᠢᠭᠡ︶ ᠬᠦᠪᠡᠭᠡᠲᠦ ᠰᠢᠷ᠎ᠠ ᠬᠤᠰᠢᠭᠤᠨ ᠤ ᠤᠬᠠᠭᠤᠯᠬᠤ ᠲᠠᠪᠴᠠᠩ ᠨᠢ ᠡᠳᠦᠷ ᠪᠦᠷᠢ ᠶᠢᠨ 20 | ᠴᠠᠭ ᠲᠤ ᠪᠦᠬᠦ ᠤᠯᠤᠰ ᠤᠨ ᠳᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠤ ᠵᠢᠭᠰᠠᠭᠠᠯᠲᠠ ᠶᠢ | ᠨᠠᠶᠢᠳᠠᠯᠠᠵᠤ ᠪᠠᠶᠢᠬᠤ ᠤᠴᠢᠷ ᠠᠴᠠ ᠥᠷᠭᠡᠨ ᠣᠯᠠᠨ ᠲᠥᠮᠡᠨ ᠢᠮᠠᠭᠲᠠ ᠰᠠᠶᠢᠲᠤᠷ ᠠᠩᠬᠠᠷᠬᠤ ᠬᠡᠷᠡᠭᠳᠡᠢ᠃ | ︵ᠬᠤᠶᠠᠷ︶ ᠳᠣᠮᠳᠠ ᠥᠨᠳᠦᠷ ᠲᠡᠰ ᠤᠨ ᠲᠥᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠳᠤ | ᠢᠷᠡᠭᠰᠡᠨ ᠬᠦᠮᠦᠰ ᠨᠢ ᠡᠷᠬᠡᠪᠰᠢ ᠥᠪᠡᠷ ᠤᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ᠂ ᠪᠠᠶᠢᠭᠤᠯᠭ᠎ᠠ ᠨᠢᠭᠡᠴᠡ᠂ | ᠬᠤᠨᠤᠬᠤ ᠪᠠᠭᠤᠳᠠᠯ ᠳᠠᠭᠠᠨ ᠮᠡᠳᠡᠬᠦᠯᠦᠨ ᠳᠠᠩᠰᠠᠯᠠᠭᠤᠯᠵᠤ᠂ ᠱᠠᠭᠠᠷᠳᠠᠯᠭ᠎ᠠ ᠶᠤᠰᠤᠭᠠᠷ ᠰᠢᠢᠳᠪᠦᠷᠢᠯᠡᠬᠦ ᠬᠡᠷᠡᠭᠳᠡᠢ᠃ 7 | ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠬᠡᠷᠡᠴᠢ ᠶᠢ ᠬᠠᠩᠭᠠᠵᠤ | ᠴᠢᠳᠠᠭᠰᠠᠳ ᠨᠢ᠂ ᠪᠡᠶ᠎ᠡ ᠶᠢᠨ ᠬᠠᠯᠠᠭᠤᠨ ᠬᠡᠪ ᠤᠨ ᠪᠠᠶᠢᠬᠤ ᠪᠦᠭᠡᠳ ᠬᠤᠪᠢ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ | ᠬᠢᠭᠰᠡᠨ ᠤᠷᠢᠳᠠᠯ ᠳᠤᠤᠷ᠎ᠠ ᠴᠢᠯᠦᠭᠡᠳᠡᠢ ᠨᠠᠭᠠᠰᠢ ᠴᠠᠭᠠᠰᠢ ᠵᠤᠷᠴᠢᠵᠤ ᠪᠤᠯᠤᠨ᠎ᠠ᠃ ᠲᠡᠭᠡᠷᠡᠬᠢ ᠬᠡᠷᠡᠴᠢ ᠶᠢ ᠬᠠᠩᠭᠠᠵᠤ | ᠴᠢᠳᠠᠬᠤ ᠦᠭᠡᠢ ᠪᠣᠯ ᠲᠠᠷᠤᠶᠢᠬᠠᠨ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠪᠢᠯᠢᠭ ᠴᠢᠨᠠᠷᠲᠠᠢ ᠪᠠᠶᠢᠪᠠᠯ ᠰᠠᠶ᠋ᠢ | ᠴᠢᠯᠤᠭᠡᠳᠡᠢ ᠨᠠᠭᠠᠰᠢ ᠴᠠᠭᠠᠰᠢ ᠵᠤᠷᠴᠢᠵᠤ ᠪᠤᠯᠤᠨ᠎ᠠ᠃ ᠬᠡᠷᠪᠡ ᠪᠠᠶᠢᠴᠠᠭᠠᠯᠲᠠ ᠶᠢᠨ ᠳ᠋ᠦᠩ ᠨᠢ ᠠᠷᠭ᠎ᠠ ᠴᠢᠨᠠᠷᠲᠠᠢ | ᠪᠠᠶᠢᠪᠠᠯ᠂ ᠲᠠᠷᠤᠶᠢᠬᠠᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤ ᠰᠢᠯᠵᠢᠬᠦᠯᠦᠨ ᠲᠤᠰᠠᠭᠠᠷᠯᠠᠬᠤ ᠬᠡᠷᠡᠭᠳᠡᠢ᠃ | ︵ᠭᠤᠷᠪᠠ︶ ᠳᠤᠮᠳᠠ ᠥᠨᠳᠦᠷ ᠲᠡᠰ ᠤᠨ ᠲᠥᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠳᠤ | ᠢᠷᠡᠭᠰᠡᠨ ᠬᠦᠮᠦᠰ ᠨᠢ 7 ᠡᠳᠦᠷ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ | ᠬᠡᠷᠡᠴᠢ ᠶᠢ ᠬᠠᠩᠭᠠᠬᠤ ᠶᠢᠨ ᠬᠠᠮᠲᠤ 14 ᠡᠳᠦᠷ ᠡᠷᠡᠬᠦᠯ ᠮᠡᠨᠳᠦ ᠶᠢᠨ ᠬᠢᠨᠠᠨ ᠬᠡᠮᠵᠢᠯᠲᠡ ᠪᠠ ᠰᠡᠷᠭᠡᠶᠢᠯᠡᠨ | ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠵᠤ᠂ ᠬᠡᠷᠪᠡ ᠬᠠᠯᠠᠭᠤᠷᠠᠬᠤ᠂ ᠬᠠᠨᠢᠶᠠᠬᠤ ᠲᠠᠮᠢᠷᠳᠠᠬᠤ ᠵᠡᠷᠭᠡ ᠢᠯᠡᠷᠡᠯ ᠭᠠᠷᠪᠠᠯ᠂ | ᠲᠠᠷᠤᠶᠢᠬᠠᠨ ᠠᠮᠠᠪᠴᠢ ᠵᠡᠬᠦᠨ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ | ᠡᠮᠴᠢᠯᠡᠬᠦ ᠡᠬᠦᠳᠡᠨ ᠡᠮᠨᠡᠯᠭᠡ ᠳᠤ ᠬᠦᠷᠴᠦ ᠡᠮᠴᠢᠯᠡᠬᠦᠯᠦᠨ ︵ᠬᠠᠶ᠋ᠢᠭ᠄ ᠰᠢᠨᠡᠪᠤᠯᠠᠭ ᠪᠠᠯᠭᠠᠰᠤᠨ ᠤ ᠬᠤᠩᠭᠤᠷ | ᠵᠡᠭᠡᠯᠢ ᠶᠢᠨ ᠪᠠᠷᠠᠭᠤᠨ ᠵᠠᠬ᠎ᠠ᠂ ᠤᠳᠠᠰᠤ᠄ 13141798461︶᠂ ᠡᠮᠴᠢᠯᠡᠬᠦᠯᠬᠦ ᠶᠠᠪᠤᠴᠠ ᠳᠤ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠪᠣᠯᠬᠤ ᠦᠭᠡᠢ᠃ | ᠬᠤᠶᠠᠷ᠂ ᠡᠯ᠎ᠡ ᠲᠥᠷᠦᠯ ᠤᠨ ᠬᠦᠳᠡᠯᠭᠡᠭᠡᠨ ᠪᠠ ᠬᠦᠮᠦᠰ ᠤᠨ ᠨᠠᠭᠠᠰᠢ ᠴᠠᠭᠠᠰᠢ ᠵᠣᠷᠴᠢᠬᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠳᠡᠢ᠃ | ︵ᠲᠥᠷᠪᠡ︶ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠡᠯ᠎ᠡ ᠲᠥᠷᠦᠯ ᠤᠨ ᠠᠵᠤ | ᠠᠬᠤᠶᠢᠯᠠᠯ ᠨᠢ ᠲᠣᠮᠣ ᠬᠡᠯᠪᠡᠷᠢ ᠶᠢᠨ ᠬᠤᠷᠠᠯ᠂ ᠬᠦᠳᠡᠯᠭᠡᠭᠡᠨ ᠤ ᠲᠥᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ | ᠬᠤᠷᠠᠯ᠂ ᠬᠦᠳᠡᠯᠭᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ᠂ ᠲᠧᠯᠸᠢᠰᠲᠤ | ᠬᠤᠷᠠᠯ ᠬᠤᠷᠠᠯᠳᠤᠬᠤ ᠶᠢ ᠤᠷᠢᠶᠠᠯᠠᠬᠤ ᠬᠡᠷᠡᠭᠳᠡᠢ᠃ ᠲᠣᠮᠣ ᠬᠡᠯᠪᠡᠷᠢ ᠶᠢᠨ ᠬᠤᠷᠠᠯ᠂ ᠬᠦᠳᠡᠯᠭᠡᠭᠡᠨ ᠢ ᠵᠤᠬᠢᠶᠠᠨ | ᠪᠠᠶᠢᠭᠤᠯᠬᠤ ᠪᠠ ᠡᠷᠬᠢᠯᠡᠬᠦ ᠳᠤ ︽ᠨᠢᠭᠡ ᠬᠠᠷᠢᠭᠤᠴᠠᠯᠭ᠎ᠠ ᠬᠤᠶᠠᠷ ᠲᠥᠰᠦᠯ︾ ᠢ ᠨᠠᠶᠢᠳᠠᠪᠦᠷᠢᠵᠭᠤᠯᠬᠤ ᠬᠡᠷᠡᠭᠳᠡᠢ᠃ | ᠲᠤᠬᠠᠶᠢᠯᠠᠪᠠᠯ ︽ᠬᠡᠨ ᠵᠤᠬᠢᠶᠠᠨ ᠪᠠᠶᠢᠭᠤᠯᠵᠤ ᠡᠷᠬᠢᠯᠡᠪᠡᠯ᠂ ᠲᠡᠷᠡ ᠬᠠᠷᠢᠭᠤᠴᠠᠬᠤ︾ ᠵᠠᠷᠴᠢᠮ ᠤᠨ ᠱᠠᠭᠠᠷᠳᠠᠯᠭ᠎ᠠ | ᠶᠤᠤᠰᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠪᠠ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠲᠤᠭᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠦᠷᠢᠵᠢᠭᠤᠯᠵᠤ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ ᠮᠦᠴᠢᠷ ᠨᠢ ᠬᠠᠪᠰᠤᠷᠤᠨ | ᠵᠢᠯᠤᠭᠤᠳᠬᠤ ᠶᠢ ᠬᠠᠷᠢᠭᠤᠴᠠᠨ᠂ ᠬᠤᠷᠠᠯ ᠬᠦᠳᠡᠯᠭᠡᠭᠡᠨ ᠤ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠴᠢᠩᠭ᠎ᠠ | ᠰᠡᠷᠭᠡᠶᠢᠯᠡᠬᠦ ᠬᠡᠷᠡᠭᠳᠡᠢ᠃ | ︵ᠲᠠᠪᠤ︶ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠠᠯᠲᠤ ᠠᠵᠤ | ᠠᠬᠤᠶᠢᠯᠠᠯ ᠤᠨ ᠠᠵᠢᠯᠲᠠᠳ ᠣᠨᠴᠠᠭᠠᠢ ᠴᠢᠬᠤᠯᠠ ᠤᠴᠢᠷ ᠰᠢᠯᠲᠠᠭᠠᠨ ᠦᠬᠡᠢ ᠪᠣᠯ ᠬᠢᠵᠢᠭ ᠤᠨ ᠪᠠᠶᠢᠳᠠᠯ ᠳᠤᠮᠳᠠ | ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠳᠤ ᠣᠴᠢᠬᠤ ᠦᠬᠡᠢ ᠪᠠᠶᠢᠵᠤ᠂ ᠰᠢᠨ᠎ᠡ ᠵᠢᠯ ᠴᠠᠭᠠᠨ ᠰᠠᠷ᠎ᠠ ᠶᠢᠨ | ᠬᠤᠭᠤᠴᠠᠭᠠᠨ ᠳᠤ ᠭᠠᠳᠠᠭᠰᠢ ᠭᠠᠷᠬᠤ ᠪᠠᠨ ᠠᠯᠢ ᠴᠢᠳᠠᠬᠤ ᠪᠠᠷ ᠪᠠᠭᠠᠰᠬᠠᠬᠤ ᠬᠡᠷᠡᠭᠳᠡᠢ᠃ ᠬᠡᠷᠪᠡ ᠭᠠᠳᠠᠭᠰᠢ ᠭᠠᠷᠬᠤ | ᠴᠢᠬᠤᠯᠠᠲᠠᠢ ᠪᠣᠯ ᠡᠷᠬᠡᠪᠰᠢ ᠤᠷᠢᠳᠴᠢᠯᠠᠨ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠦᠨ ᠵᠥᠪᠰᠢᠶᠡᠷᠡᠬᠦᠯᠬᠦ ᠬᠡᠷᠡᠭᠳᠡᠢ᠃ | ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠬᠦᠳᠡᠯᠭᠡᠭᠡᠨ ᠢ ᠵᠤᠬᠢᠶᠠᠨ ᠪᠠᠶᠢᠭᠤᠯᠬᠤ ᠪᠣᠶᠣ ᠬᠦᠳᠡᠯᠭᠡᠭᠡᠨ ᠳᠤ | ᠤᠷᠤᠯᠴᠠᠵᠤ ᠪᠣᠯᠬᠤ ᠦᠬᠡᠢ᠃ | ︵ᠵᠢᠷᠭᠤᠭ᠎ᠠ︶ ᠡᠯ᠎ᠡ ᠰᠣᠮᠣ ᠪᠠᠯᠭᠠᠰᠤ᠂ ᠡᠯ᠎ᠡ ᠰᠠᠯᠠᠭ᠎ᠠ ᠮᠦᠴᠢᠷ ᠨᠢ ᠭᠤᠣᠯᠯᠠᠭᠴᠢ ᠬᠦᠴᠦᠨ ᠢ ᠵᠤᠬᠢᠶᠠᠨ | ᠪᠠᠶᠢᠭᠤᠯᠵᠤ᠂ ᠲᠤᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠬᠤᠰᠢᠭᠤᠨ ᠳᠤ ᠢᠷᠡᠭᠰᠡᠨ ᠬᠦᠮᠦᠰ ᠤᠨ | ᠰᠤᠷᠠᠭ ᠵᠠᠩᠭᠢ ᠶᠢ ᠲᠠᠩᠰᠠᠯᠠᠨ ᠳᠡᠮᠳᠡᠭᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠤ᠂ ᠣᠨᠴᠠᠭᠠᠶᠢᠯᠠᠨ ᠳᠤᠮᠳᠠ | ᠥᠨᠳᠦᠷ ᠲᠡᠰ ᠤᠨ ᠲᠥᠭᠰᠢᠬᠦᠷᠢᠲᠦ ᠭᠠᠵᠠᠷ ᠣᠷᠤᠨ ᠠᠴᠠ ᠢᠷᠡᠭᠰᠡᠨ ᠬᠦᠮᠦᠰ᠂ ᠬᠢᠯᠢ ᠶᠢᠨ ᠭᠠᠳᠠᠨ᠎ᠠ ᠠᠴᠠ | ᠢᠷᠡᠭᠰᠡᠨ ᠬᠦᠮᠦᠰ ᠵᠢᠴᠢ ᠬᠦᠢᠲᠡᠨ ᠬᠦᠷᠦᠭᠡᠭᠴᠢᠳᠦ ᠬᠦᠢᠯᠭᠡᠭᠡᠨ ᠤ ᠵᠦᠭᠡᠭᠡᠪᠦᠷᠢᠯᠡᠬᠦ᠂ ᠪᠣᠯᠪᠠᠰᠤᠷᠠᠭᠤᠯᠬᠤ ᠵᠡᠷᠭᠡ | ᠠᠵᠢᠯ ᠲᠥᠷᠦᠯ ᠤᠨ ᠠᠵᠢᠯᠲᠠᠳ ᠲᠤ ᠬᠠᠨᠳᠤᠭᠤᠯᠤᠨ᠂ ᠡᠷᠡᠬᠦᠯ ᠮᠡᠨᠳᠦ ᠶᠢᠨ ᠬᠢᠨᠠᠨ ᠬᠡᠮᠵᠢᠯᠲᠡ ᠬᠢᠬᠦ ᠪᠠ ᠠᠰᠠᠭᠤᠨ | ᠰᠣᠷᠪᠤᠯᠵᠢᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠬᠢᠵᠢᠭ ᠤᠨ ᠭᠠᠳᠠᠨ᠎ᠠ ᠠᠴᠠ ᠬᠠᠯᠳᠠᠪᠦᠷᠢᠯᠠᠬᠤ ᠳᠡᠯᠳᠡ ᠬᠡᠮ | ᠰᠣᠭᠤᠭ ᠢ ᠠᠷᠢᠯᠭᠠᠬᠤ ᠬᠡᠷᠡᠭᠳᠡᠢ᠃ | ᠭᠤᠷᠪᠠ᠂ ᠠᠷᠠᠯᠵᠢᠶ᠎ᠠ ᠬᠤᠳᠠᠯᠳᠤᠭ᠎ᠠ᠂ ᠬᠤᠭᠤᠯᠠ ᠤᠮᠳᠠ᠂ ᠬᠤᠨᠤᠬᠤ ᠪᠠᠭᠤᠳᠠᠯ ᠵᠡᠷᠭᠡ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠴᠢᠩᠭ᠎ᠠ ᠠᠳᠬᠤᠬᠤ ᠬᠡᠷᠡᠭᠳᠡᠢ᠃ | ︵ᠲᠤᠯᠤᠭ᠎ᠠ︶ ᠲᠤᠮᠤ ᠬᠤᠳᠠᠯᠳᠤᠭᠠᠨ ᠤ ᠲᠠᠯᠠᠪᠠᠢ ᠬᠡᠳᠦ ᠳᠡᠯᠭᠡᠬᠦᠷ᠂ ᠲᠠᠷᠢᠶᠠᠯᠠᠩ ᠤᠨ ᠪᠦᠳᠦᠭᠡᠭᠳᠡᠬᠦᠨ ᠤ | ᠵᠠᠬ᠎ᠠ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠳᠤᠳᠤᠷᠠᠬᠢ ᠨᠡᠶᠢᠲᠡ ᠶᠢᠨ ᠬᠡᠷᠡᠭᠯᠡᠭᠡᠨ ᠤ ᠪᠠᠭᠠᠵᠢ ᠬᠡᠷᠡᠭᠰᠡᠯ ᠪᠠ | ᠲᠤᠨᠤᠭ ᠲᠦᠬᠦᠭᠡᠷᠦᠮᠵᠢ ᠶᠢ ᠠᠷᠢᠭᠤᠳᠬᠠᠨ ᠴᠡᠪᠡᠷᠯᠡᠬᠦ ᠠᠵᠢᠯ ᠢ ᠰᠠᠶᠢᠲᠤᠷ ᠬᠢᠵᠤ᠂ ᠦᠷᠬᠦᠯᠵᠢ ᠠᠭᠠᠷ ᠰᠠᠯᠬᠢ | ᠨᠡᠪᠳᠡᠷᠡᠬᠦᠯᠦᠨ᠂ ᠦᠢᠯᠡᠴᠢᠯᠡᠭᠡᠨ ᠤ ᠠᠵᠢᠯᠲᠠᠨ᠂ ᠬᠡᠷᠡᠭᠯᠡᠭᠴᠢ ᠪᠠ ᠵᠣᠴᠢᠳ ᠤᠨ ᠠᠮᠠᠪᠴᠢ ᠵᠡᠬᠦᠬᠦ ᠶᠢ ᠴᠢᠩᠭ᠎ᠠ | ᠱᠠᠭᠠᠷᠳᠠᠬᠤ ᠬᠡᠷᠡᠭᠳᠡᠢ︔ ᠪᠡᠶ᠎ᠡ ᠶᠢᠨ ᠬᠠᠯᠠᠭᠤᠨ ᠢ ᠨᠢ ᠬᠡᠮᠵᠢᠬᠦ᠂ ︽ᠡᠷᠡᠬᠦᠯ ᠮᠡᠨᠳᠦ ᠶᠢᠨ ᠺᠣᠳ᠋︾ ᠢ ᠰᠢᠯᠭᠠᠨ | ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠦᠷᠬᠦᠯᠵᠢᠯᠡᠨ ᠨᠠᠶᠢᠳᠠᠪᠦᠷᠢᠵᠢᠭᠤᠯᠬᠤ ᠬᠡᠷᠡᠭᠳᠡᠢ᠃ | ︵ᠨᠠᠢᠮᠠ︶ ᠬᠤᠭᠤᠯᠠᠨ ᠭᠡᠷ ᠤᠨ ᠦᠢᠯᠡᠴᠢᠯᠡᠭᠴᠢ ᠠᠵᠢᠯᠲᠠᠳ ᠡᠷᠬᠡᠪᠰᠢ ᠡᠳᠦᠷ ᠪᠦᠷᠢ ᠪᠡᠶ᠎ᠡ ᠶᠢᠨ | ᠬᠠᠯᠠᠭᠤᠨ ᠢᠶᠠᠨ ᠬᠡᠮᠵᠢᠬᠦ ᠶᠢᠨ ᠬᠠᠮᠲᠤ ᠳᠠᠩᠰᠠᠯᠠᠨ ᠳᠡᠮᠳᠡᠭᠯᠡᠵᠦ᠂ ᠠᠵᠢᠯ ᠤᠨ ᠴᠠᠭ ᠲᠤ ᠠᠮᠠᠪᠴᠢ ᠵᠡᠬᠦᠬᠦ ᠬᠡᠷᠡᠭᠳᠡᠢ᠃ | ᠤᠷᠤᠵᠤ ᠢᠷᠡᠭᠰᠡᠨ ᠵᠤᠴᠢᠳ ᠨᠢᠭᠡᠪᠦᠷᠢ ᠶᠢᠨ ᠪᠡᠶ᠎ᠡ ᠶᠢᠨ ᠬᠠᠯᠠᠭᠤᠨ ᠢ ᠨᠢ ᠬᠡᠮᠵᠢᠵᠦ ︽ᠡᠷᠡᠬᠦᠯ ᠮᠡᠨᠳᠦ ᠶᠢᠨ ᠺᠣᠳ᠋︾ | ᠢ ᠨᠢ ᠰᠢᠯᠭᠠᠨ ᠪᠠᠶᠢᠴᠠᠭᠠᠵᠤ᠂ ᠵᠤᠴᠢᠳ ᠲᠤ ᠠᠮᠠᠪᠴᠢ ᠵᠡᠬᠦᠬᠦ᠂ ᠴᠠᠭ ᠠᠯᠤᠰᠯᠠᠨ ᠬᠤᠭᠤᠯᠠᠯᠠᠬᠤ᠂ ᠨᠡᠶᠢᠲᠡ ᠶᠢᠨ | ᠬᠤᠭᠤᠯᠠᠨ ᠬᠡᠷᠡᠭᠰᠡᠯ ᠢ ᠬᠡᠷᠡᠭᠯᠡᠬᠦ᠂ ᠠᠮᠤᠷ ᠲᠥᠪᠰᠢᠨ ᠤ ᠵᠠᠢ ᠲᠠᠢ ᠪᠠᠶᠢᠬᠤ ᠵᠡᠷᠭᠡ ᠶᠢ ᠰᠠᠨᠠᠭᠤᠯᠬᠤ ᠬᠡᠷᠡᠭᠳᠡᠢ᠃ | ︵ᠶᠢᠰᠦ︶ ᠬᠤᠨᠤᠬᠤ ᠪᠠᠭᠤᠳᠠᠯ ᠨᠢ ᠵᠣᠴᠢᠳ ᠤᠨ ᠰᠤᠷᠠᠭ ᠵᠠᠩᠬᠢ ᠶᠢ ᠦᠨᠡᠨ ᠪᠤᠳᠠᠳᠠᠢ ᠪᠠᠷ ᠳᠠᠩᠰᠠᠯᠠᠨ | ᠳᠡᠮᠳᠡᠭᠯᠡᠵᠦ᠂ ᠪᠡᠶ᠎ᠡ ᠶᠢᠨ ᠬᠠᠯᠠᠭᠤᠨ ᠢ ᠨᠢ ᠬᠡᠮᠵᠢᠨ᠂ ᠺᠣᠳ᠋ ᠰᠢᠷᠪᠢᠵᠤ᠂ ᠤᠨᠴᠠᠭᠠᠢ ᠪᠠᠶᠢᠳᠠᠯ ᠲᠠᠢ ᠪᠣᠯ ᠬᠠᠮᠢᠭ᠎ᠠ ᠪᠦᠬᠦᠢ | ᠲᠤᠭᠳᠠᠭᠠᠯ ᠤᠨ ᠱᠠᠭᠠᠷᠳᠠᠯᠭ᠎ᠠ ᠶᠤᠰᠤᠭᠠᠷ ᠲᠠᠷᠤᠶᠢᠬᠠᠨ ᠰᠢᠢᠳᠪᠦᠷᠢᠯᠡᠵᠦ᠂ ᠲᠡᠭᠡᠭᠰᠢ ᠮᠡᠳᠡᠬᠦᠯᠦᠨ᠎ᠡ᠃ ᠪᠠᠭᠤᠳᠠᠯ ᠤᠨ | ᠥᠷᠦᠭᠡᠨ ᠤ ᠰᠠᠯᠬᠢ ᠨᠡᠪᠳᠡᠷᠡᠬᠦᠯᠦᠨ ᠠᠷᠢᠭᠤᠳᠬᠠᠬᠤ ᠠᠵᠢᠯ ᠢ ᠰᠠᠶᠢᠲᠤᠷ ᠬᠢᠵᠤ᠂ ᠣᠯᠠᠨ ᠨᠡᠶᠢᠲᠡ ᠶᠢᠨ ᠬᠡᠷᠡᠭᠯᠡᠭᠡᠨ ᠤ | ᠡᠳ᠋ ᠪᠤᠳᠠᠰ ᠢ ᠴᠠᠭ ᠲᠤᠬᠠᠢ ᠳᠤᠨᠢ ᠰᠤᠯᠢᠵᠤ᠂ ᠠᠷᠢᠭᠤᠳᠬᠠᠬᠤ ᠠᠵᠢᠯ ᠢ ᠰᠠᠶᠢᠲᠤᠷ ᠨᠠᠶᠢᠳᠠᠪᠦᠷᠢᠵᠢᠭᠤᠯᠬᠤ ᠬᠡᠷᠡᠭᠳᠡᠢ᠃ | ᠲᠥᠷᠪᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠠᠵᠢᠯ ᠢ ᠰᠠᠶᠢᠲᠤᠷ ᠠᠤᠬᠤᠬᠤ ᠬᠡᠷᠡᠭᠳᠡᠢ᠃ | ︵ᠠᠷᠪᠠ︶ ᠲᠡᠷᠭᠡᠨ ᠥᠷᠲᠡᠭᠡ᠂ ᠨᠢᠰᠭᠡᠯ ᠤᠨ ᠪᠠᠭᠤᠳᠠᠯ ᠵᠡᠷᠭᠡ ᠭᠤᠣᠯᠳᠠᠯᠭ᠎ᠠ ᠲᠠᠢ ᠤᠷᠤᠨ ᠲᠠᠯᠠᠪᠤᠷ ᠤᠨ | ᠠᠭᠠᠷ ᠰᠠᠯᠬᠢ ᠨᠡᠪᠳᠡᠷᠡᠬᠦᠯᠬᠦ᠂ ᠠᠷᠢᠭᠤᠳᠬᠠᠬᠤ᠂ ᠠᠷᠢᠭᠤᠨ ᠴᠡᠪᠡᠷ ᠢ ᠪᠠᠳᠤᠯᠠᠬᠤ ᠵᠡᠷᠭᠡ ᠰᠡᠷᠭᠡᠶᠢᠯᠡᠨ ᠡᠵᠡᠮᠳᠡᠬᠦ | ᠠᠵᠢᠯ ᠢ ᠴᠢᠩᠭ᠎ᠠ ᠨᠠᠶᠢᠳᠠᠪᠦᠷᠢᠵᠢᠭᠤᠯᠤᠨ ᠤᠷᠤᠵᠤ ᠭᠠᠷᠬᠤ ᠬᠦᠮᠦᠰ ᠤᠨ ᠪᠡᠶ᠎ᠡ ᠶᠢᠨ ᠬᠠᠯᠠᠭᠤᠨ ᠢ ᠨᠢ ᠬᠡᠮᠵᠢᠬᠦ᠂ ︽ | ᠡᠷᠡᠬᠦᠯ ᠮᠡᠨᠳᠦ ᠶᠢᠨ ᠺᠣᠳ᠋︾ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠤ᠂ ᠠᠶᠠᠨᠴᠢᠳ ᠲᠤ ᠠᠮᠠᠪᠴᠢ | ᠪᠡᠯᠡᠳᠭᠡᠨ᠂ ᠠᠶᠠᠨᠴᠢᠳ ᠤᠨ ᠮᠠᠰᠢᠨ ᠤ ᠡᠭᠡᠯᠵᠢ ᠤᠳᠠᠭ᠎ᠠ ᠶᠢ ᠲᠣᠬᠢᠷᠠᠭᠤᠯᠤᠨ ᠡᠵᠡᠮᠳᠡᠬᠦ ᠠᠵᠢᠯ ᠢ ᠴᠢᠩᠭᠠᠳᠬᠠᠵᠤ | ᠬᠦᠮᠦᠨ ᠣᠯᠠᠨ ᠴᠤᠭᠯᠠᠷᠠᠬᠤ ᠪᠠᠶᠢᠳᠠᠯ ᠢ ᠦᠨᠨᠡᠬᠦ ᠪᠠᠭᠠᠰᠬᠠᠬᠤ ᠬᠡᠷᠡᠭᠳᠡᠢ᠃ ᠪᠡᠯᠡᠳᠬᠡᠯ ᠲᠡᠷᠭᠡ ᠮᠠᠰᠢᠨ ᠲᠣᠬᠢᠷᠠᠭᠤᠯᠵᠤ᠂ | ᠭᠡᠨᠡᠳᠲᠡ ᠡᠭᠦᠰᠬᠦ ᠠᠶᠠᠨᠴᠢᠳ ᠤᠨ ᠤᠷᠤᠰᠬᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠶᠢᠨ | ᠬᠠᠮᠲᠤ ᠥᠷᠲᠡᠭᠡ ᠴᠢᠭ ᠤᠨ ᠠᠶᠠᠨᠴᠢᠳ ᠤᠨ ᠤᠷᠤᠰᠬᠠᠯ ᠤᠨ ᠬᠤᠪᠢᠷᠠᠯᠲᠠ ᠤᠨ ᠪᠠᠶᠢᠳᠠᠯ ᠲᠠᠢ ᠤᠶᠠᠯᠳᠤᠭᠤᠯᠤᠨ | ᠴᠠᠭ ᠲᠤᠬᠠᠢ ᠳᠤᠨᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ ᠠᠶᠠᠨᠴᠢᠳ ᠢ ᠰᠢᠯᠵᠢᠭᠦᠯᠦᠨ ᠲᠡᠭᠡᠭᠡᠪᠦᠷᠢᠯᠡᠵᠦ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ᠃ | ︵ᠠᠷᠪᠠᠨ ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ︵ᠲᠦᠷᠢᠶᠡᠰᠦᠨ ᠮᠠᠰᠢᠨ ᠲᠡᠷᠭᠡ᠂ | ᠨᠡᠶᠢᠲᠡ ᠶᠢᠨ ᠮᠠᠰᠢᠨ ᠲᠡᠷᠭᠡ᠂ ᠠᠶᠠᠨᠴᠢᠨ ᠤ ᠮᠠᠰᠢᠨ ᠲᠡᠷᠭᠡ ᠵᠡᠷᠭᠡ︶ ᠤᠨ ᠠᠭᠠᠷ ᠰᠠᠯᠬᠢ ᠨᠡᠪᠳᠡᠷᠡᠬᠦᠯᠬᠦ | ᠠᠷᠢᠭᠤᠳᠬᠠᠬᠤ ᠠᠵᠢᠯ ᠢ ᠰᠠᠶᠢᠲᠤᠷ ᠬᠢᠵᠤ᠂ ᠠᠶᠠᠨᠴᠢᠳ ᠲᠤ ᠠᠮᠤᠷ ᠲᠥᠪᠰᠢᠨ ᠴᠡᠪᠡᠷ ᠲᠣᠬᠢᠯᠢᠭ ᠣᠷᠴᠢᠨ | ᠨᠦᠬᠦᠴᠠᠯ ᠢ ᠬᠠᠩᠭᠠᠬᠤ ᠬᠡᠷᠡᠭᠳᠡᠢ᠃ ᠠᠵᠢᠯᠲᠠᠳ ᠪᠠ ᠵᠢᠯᠤᠭᠤᠴᠢ ᠶᠢᠨ ᠡᠳᠦᠷ ᠪᠦᠷᠢ ᠶᠢᠨ ᠡᠷᠡᠬᠦᠯ ᠮᠡᠨᠳᠦ ᠶᠢᠨ | ᠰᠢᠯᠭᠠᠨ ᠪᠠᠶᠢᠴᠠᠭᠠᠯᠲᠠ ᠶᠢᠨ ᠲᠥᠷᠢᠮ ᠢ ᠴᠢᠩᠭ᠎ᠠ ᠬᠡᠷᠡᠭᠵᠢᠬᠦᠯᠦᠨ᠂ ᠡᠷᠡᠬᠦᠯ ᠮᠡᠨᠳᠦ ᠶᠢᠨ ᠰᠤᠷᠠᠭ ᠵᠠᠩᠬᠢ ᠶᠢ ᠨᠢ | ᠳᠠᠩᠰᠠᠯᠠᠨ ᠳᠡᠮᠳᠡᠭᠯᠡᠬᠦ ᠠᠵᠢᠯ ᠢ ᠰᠠᠶᠢᠲᠤᠷ ᠬᠢᠬᠦ ᠬᠡᠷᠡᠭᠳᠡᠢ᠃ | ᠲᠠᠪᠤ᠂ ᠰᠤᠷᠭᠠᠭᠤᠯᠢ ᠶᠢᠨ ᠬᠦᠷᠢᠶ᠎ᠡ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ | ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠠᠳᠬᠤᠬᠤ ᠬᠡᠷᠡᠭᠳᠡᠢ᠃ | ︵ᠠᠷᠪᠠᠨ ᠬᠤᠶᠠᠷ︶ ᠪᠠᠭᠰᠢ ᠰᠤᠷᠤᠭᠴᠢ ᠠᠵᠢᠯᠲᠠᠳ ︵ᠠᠮᠤᠷ ᠢ ᠬᠠᠮᠠᠭᠠᠯᠠᠭᠴᠢ᠂ ᠴᠡᠪᠡᠷᠯᠡᠭᠴᠢ ᠬᠤᠭᠤᠯᠠᠨ | ᠭᠡᠷ ᠤᠨ ᠠᠵᠢᠯᠲᠠᠳ᠂ ᠪᠠᠶᠢᠷᠢ ᠶᠢᠨ ᠬᠠᠮᠢᠶᠠᠷᠤᠭᠴᠢ᠂ ᠰᠤᠷᠭᠠᠭᠤᠯᠢ ᠶᠢᠨ ᠵᠢᠯᠤᠭᠤᠴᠢ᠂ ᠠᠰᠠᠷᠠᠭᠴᠢ ᠵᠡᠷᠭᠡ︶ ᠤᠨ | ᠠᠮᠠᠷᠠᠯᠲᠠ ᠶᠢᠨ ᠬᠤᠭᠤᠴᠠᠭᠠᠨ ᠤ ᠠᠵᠢᠯᠯᠠᠭᠠᠨ ᠤ ᠤᠯᠠ ᠮᠥᠷ ᠵᠢᠴᠢ ᠡᠷᠡᠬᠦᠯ ᠮᠡᠨᠳᠦ ᠶᠢᠨ ᠪᠠᠶᠢᠳᠠᠯ ᠢ ᠨᠢ ᠨᠠᠷᠢᠯᠢᠭ | ᠣᠨᠣᠪᠴᠢᠲᠠᠢ ᠡᠵᠡᠮᠳᠡᠨ᠂ ᠡᠷᠡᠬᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠬᠦ ᠬᠡᠷᠡᠭᠳᠡᠢ᠃ ᠬᠡᠷᠪᠡ ᠬᠢᠵᠢᠭ ᠤᠨ ᠪᠠᠶᠢᠳᠠᠯ | ᠳᠤᠮᠳᠠ ᠥᠨᠳᠦᠷ ᠲᠡᠰ ᠤᠨ ᠲᠥᠭᠰᠢᠬᠦᠷᠢᠲᠦ ᠭᠠᠵᠠᠷ ᠤᠷᠤᠨ ᠳᠤ ᠠᠶᠠᠯᠠᠵᠤ ᠵᠢᠭᠤᠯᠴᠢᠯᠠᠭᠰᠠᠨ ᠦᠩᠭᠡᠷᠡᠯᠲᠠ ᠲᠠᠢ | ᠪᠣᠯ᠂ ᠰᠤᠷᠭᠠᠭᠤᠯᠢ ᠳᠠᠭᠠᠨ ᠪᠤᠴᠠᠬᠤ ᠦᠶᠡᠰ ᠡᠷᠬᠡᠪᠰᠢ 7 ᠡᠳᠦᠷ ᠤᠨ ᠲᠤᠳᠤᠷᠠᠬᠢ ᠪᠦᠬᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢ ᠬᠠᠩᠭᠠᠵᠤ᠂ 14 ᠡᠳᠦᠷ ᠭᠡᠷ ᠲᠡᠭᠡᠨ ᠰᠠᠭᠤᠵᠤ ᠡᠷᠡᠬᠦᠯ ᠮᠡᠨᠳᠦ ᠶᠢᠨ | ᠠᠵᠢᠭᠯᠠᠯᠲᠠ ᠬᠢᠬᠦ ᠬᠡᠷᠡᠭᠳᠡᠢ︔ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠳᠤ ᠦᠯᠡᠳᠡᠬᠦ ᠪᠠᠭᠰᠢ | ᠰᠤᠷᠤᠭᠴᠢᠳ ᠤᠨ ᠬᠠᠮᠢᠶᠠᠷᠤᠯᠲᠠ ᠪᠠ ᠦᠢᠯᠡᠴᠢᠯᠡᠭᠡ ᠶᠢ ᠰᠠᠶᠢᠲᠤᠷ ᠬᠢᠵᠤ᠂ ᠰᠤᠷᠭᠠᠭᠤᠯᠢ ᠶᠢᠨ ᠬᠦᠷᠢᠶᠡᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠨ᠂ ᠥᠷᠯᠦᠭᠡ ᠦᠳᠡ | ᠣᠷᠤᠢ ᠶᠢᠨ ᠰᠢᠯᠭᠠᠨ ᠪᠠᠶᠢᠴᠠᠭᠠᠯᠲᠠ ᠶᠢᠨ ᠲᠥᠷᠢᠮ ᠢ ᠴᠢᠩᠭ᠎ᠠ ᠬᠡᠷᠡᠭᠵᠢᠬᠦᠯᠵᠦ᠂ ᠰᠤᠷᠤᠭᠴᠢᠳ ᠲᠤ ᠬᠤᠪᠢ | ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠬᠦ ᠶᠢ ᠵᠢᠯᠤᠭᠤᠳᠤᠨ᠂ ᠰᠤᠷᠭᠠᠭᠤᠯᠢ ᠳᠤ ᠦᠯᠡᠳᠡᠬᠦ ᠪᠠᠭᠰᠢ | ᠰᠤᠷᠤᠭᠴᠢᠳ ᠤᠨ ᠠᠵᠢᠯ ᠰᠤᠷᠤᠯᠭ᠎ᠠ ᠠᠮᠢᠳᠤᠷᠠᠯ ᠳᠤ ᠨᠦᠬᠦᠴᠠᠯ ᠤᠨ ᠪᠠᠳᠤᠯᠠᠭ᠎ᠠ ᠬᠠᠩᠭᠠᠵᠤ᠂ ᠡᠪᠦᠯ | ᠤᠨ ᠠᠮᠠᠷᠠᠯᠲᠠ ᠶᠢᠨ ᠠᠮᠢᠳᠤᠷᠠᠯ ᠢ ᠨᠢ ᠪᠦᠳᠦᠮᠵᠢᠲᠡᠢ ᠵᠤᠬᠢᠴᠠᠭᠤᠯᠬᠤ ᠬᠡᠷᠡᠭᠳᠡᠢ᠃ | ︵ᠠᠷᠪᠠᠨ ᠭᠤᠷᠪᠠ︶ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠨᠢ ᠪᠠᠭᠰᠢ | ᠠᠵᠢᠯᠲᠠᠨ ᠤ ᠡᠷᠡᠬᠦᠯ ᠮᠡᠨᠳᠦ ᠶᠢᠨ ᠪᠠᠶᠢᠳᠠᠯ ᠢ ᠨᠢ ᠨᠠᠷᠢᠨ ᠡᠵᠡᠮᠰᠢᠵᠦ᠂ ᠬᠢᠵᠢᠭ ᠤᠨ ᠪᠠᠶᠢᠳᠠᠯ ᠳᠤᠮᠳᠠ ᠥᠨᠳᠦᠷ ᠲᠡᠰ | ᠤᠨ ᠲᠦᠭᠰᠢᠬᠦᠷᠢᠲᠦ ᠭᠠᠵᠠᠷ ᠣᠷᠤᠨ ᠳᠤ ᠠᠶᠠᠯᠠᠵᠤ ᠰᠠᠭᠤᠷᠢᠰᠢᠭᠰᠠᠨ ᠦᠩᠭᠡᠷᠡᠯᠲᠡ ᠲᠠᠢ ᠪᠠᠭᠰᠢ ᠠᠵᠢᠯᠲᠠᠳ | ᠡᠷᠬᠡᠪᠰᠢ ᠠᠵᠢᠯ ᠳᠤ ᠭᠠᠷᠬᠤ ᠠᠴᠠ ᠡᠮᠦᠨ᠎ᠡ 7 ᠡᠳᠦᠷ ᠤᠨ ᠳᠤᠳᠤᠷᠠᠬᠢ ᠪᠦᠬᠡᠮ ᠬᠦᠴᠢᠯ ᠤᠨ ᠪᠠᠶᠢᠴᠠᠭᠠᠯᠲᠠ ᠶᠢᠨ | ᠪᠢᠯᠢᠭ ᠴᠢᠨᠠᠷᠲᠠᠢ ᠭᠡᠷᠡᠴᠢ ᠬᠠᠩᠭᠠᠬᠤ ᠶᠢᠨ ᠬᠠᠮᠲᠤ ᠬᠡᠷ ᠲᠡᠭᠡᠨ 14 ᠡᠳᠦᠷ ᠲᠤᠰᠭᠠᠷᠯᠠᠨ ᠡᠷᠡᠬᠦᠯ ᠮᠡᠨᠳᠦ ᠶᠢᠨ | ᠠᠵᠢᠭᠯᠠᠯᠲᠠ ᠬᠢᠬᠦ ᠬᠡᠷᠡᠭᠳᠡᠢ︔ ᠠᠵᠢᠯ ᠲᠥᠷᠦᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠱᠠᠭᠠᠷᠳᠠᠯᠭ᠎ᠠ ᠶᠤᠰᠤᠭᠠᠷ᠂ ᠺᠤᠳ᠋ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠲᠠᠩᠰᠠᠯᠠᠨ ᠳᠡᠮᠳᠡᠭᠯᠡᠬᠦ᠂ ᠠᠷᠢᠭᠤᠳᠬᠠᠬᠤ᠂ | ᠲᠡᠭᠡᠭᠰᠢ ᠮᠡᠳᠡᠬᠦᠯᠬᠦ ᠵᠡᠷᠭᠡ ᠠᠵᠢᠯ ᠢ ᠪᠠᠷᠢᠮᠵᠢᠶ᠎ᠠ ᠶᠤᠰᠤᠭᠠᠷ ᠰᠠᠶᠢᠲᠤᠷ ᠬᠢᠬᠦ ᠬᠡᠷᠡᠭᠳᠡᠢ᠃ ᠬᠡᠷᠪᠡ ᠬᠠᠯᠠᠭᠤᠷᠠᠬᠤ᠂ | ᠬᠠᠨᠢᠶᠠᠬᠤ᠂ ᠲᠠᠮᠢᠷᠲᠠᠬᠤ ᠵᠡᠷᠭᠡ ᠢᠯᠡᠷᠡᠯ ᠭᠠᠷᠪᠠᠯ ᠲᠠᠷᠤᠶᠢᠬᠠᠨ ᠠᠮᠠᠪᠴᠢ ᠵᠡᠬᠦᠨ ᠬᠤᠰᠢᠭᠤ ᠠᠷᠠᠳ ᠤᠨ ᠡᠮᠨᠡᠯᠭᠡ ᠶᠢᠨ | ᠬᠤᠷᠢᠶᠠᠨ ᠤ ᠬᠠᠯᠠᠭᠤᠷᠠᠭᠰᠠᠨ ᠡᠪᠡᠳᠴᠢᠲᠠᠨ ᠢ ᠡᠮᠴᠢᠯᠡᠬᠦ ᠡᠬᠦᠳᠡᠨ ᠡᠮᠨᠡᠯᠭᠡ ᠳᠤ ᠬᠦᠷᠴᠦ ᠡᠮᠴᠢᠯᠡᠬᠦᠯᠬᠦ ᠬᠡᠷᠡᠭᠳᠡᠢ᠃ | ᠡᠯ᠎ᠡ ᠲᠥᠷᠦᠯ ᠤᠨ ᠰᠡᠷᠭᠡᠶᠢᠯᠡᠨ ᠡᠵᠡᠮᠳᠡᠬᠦ ᠰᠢᠰᠲ᠋ᠧᠮ ᠢ ᠰᠠᠶᠢᠵᠢᠷᠠᠭᠤᠯᠤᠨ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ | ᠶᠢ ᠨᠠᠶᠢᠳᠠᠪᠦᠷᠢᠵᠢᠭᠤᠯᠵᠤ᠂ ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠦᠷᠢᠵᠢᠭᠤᠯᠤᠨ᠂ ᠪᠤᠯᠪᠠᠰᠤᠷᠠᠭᠤᠯᠤᠯ ᠤᠨ ᠲᠠᠯᠠᠪᠤᠷ ᠤᠨ ᠳᠤᠳᠤᠷᠠᠬᠢ ᠬᠢᠵᠢᠭ ᠢ ᠰᠡᠷᠭᠡᠶᠢᠯᠡᠬᠦ ᠡᠳ᠋ | ᠪᠤᠳᠠᠰ ᠤᠨ ᠨᠦᠭᠡᠴᠡ ᠬᠦᠢᠴᠡᠳ᠂ ᠪᠣᠯᠪᠠᠰᠤᠷᠠᠭᠤᠯᠤᠯ ᠪᠠᠷᠢᠮᠵᠢᠶᠠᠵᠢᠭᠰᠠᠨ᠂ ᠣᠷᠴᠢᠨ ᠲᠤᠭᠤᠷᠢᠨ ᠴᠡᠪᠡᠷ ᠲᠤᠬᠢᠯᠢᠭ | ᠪᠠᠶᠢᠯᠭᠠᠵᠤ᠂ ᠬᠠᠷᠢᠭᠤᠴᠠᠯᠭ᠎ᠠ ᠶᠢ ᠬᠦᠮᠦᠨ ᠪᠦᠬᠦᠨ ᠳᠤ ᠨᠠᠶᠢᠳᠠᠪᠦᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ | ᠵᠢᠷᠭᠤᠭ᠎ᠠ᠂ ᠬᠤᠪᠢ ᠬᠦᠮᠦᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠦᠷᠢᠵᠢᠭᠤᠯᠬᠤ ᠬᠡᠷᠡᠭᠳᠡᠢ᠃ | ︵ᠠᠷᠪᠠᠨ ᠲᠥᠷᠪᠡ︶ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠬᠦᠵᠦ᠂ ᠦᠷᠬᠦᠯᠵᠢ ᠪᠡᠶ᠎ᠡ ᠳᠡᠭᠡᠨ ᠠᠮᠠᠪᠴᠢ | ᠠᠪᠬᠤ ᠶᠠᠪᠤᠬᠤ ᠰᠠᠶᠢᠨ ᠰᠠᠶᠢᠬᠠᠨ ᠲᠠᠳᠬᠠᠯ ᠢ ᠪᠣᠢ ᠪᠤᠯᠭᠠᠨ ᠤᠨᠴᠠᠭᠠᠶᠢᠯᠠᠨ ᠨᠡᠶᠢᠲᠡ ᠶᠢᠨ ᠵᠠᠮ ᠬᠠᠷᠢᠯᠴᠠᠭᠠᠨ ᠤ | ᠮᠠᠰᠢᠨ ᠲᠡᠷᠭᠡ᠂ ᠴᠠᠬᠢᠯᠭᠠᠨ ᠱᠠᠳᠤ ᠵᠡᠷᠭᠡ ᠪᠢᠳᠡᠬᠦᠦ ᠤᠷᠤᠨ ᠵᠠᠢ ᠲᠠᠢ ᠭᠠᠵᠠᠷ ᠲᠤ ᠣᠷᠤᠬᠤ ᠳᠠᠭᠠᠨ ᠡᠷᠬᠡᠪᠰᠢ | ᠠᠮᠠᠪᠴᠢ ᠵᠡᠬᠦᠨ᠎ᠡ︔ ᠨᠡᠶᠢᠭᠡᠮ ᠤᠨ ᠬᠠᠷᠢᠯᠴᠠᠭᠠᠨ ᠤ ᠠᠮᠤᠷ ᠲᠥᠪᠰᠢᠨ ᠣᠷᠤᠨ ᠵᠠᠢ ᠶᠢ ᠪᠠᠳᠤᠯᠠᠵᠤ᠂ ᠬᠦᠮᠦᠨ ᠣᠯᠠᠨ | ᠴᠤᠭᠯᠠᠷᠠᠭᠰᠠᠨ ᠲᠠᠯᠠᠪᠤᠷ ᠪᠤᠶᠤ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠦᠶᠡᠰ ᠪᠤᠰᠤᠳ | ᠬᠦᠮᠦᠰ ᠲᠠᠢ ᠨᠢᠭᠡ ᠮᠧᠲᠷ ᠠᠴᠠ ᠲᠡᠭᠡᠭᠰᠢᠬᠢ ᠠᠮᠤᠷ ᠲᠥᠪᠰᠢᠨ ᠤ ᠵᠠᠢ ᠲᠠᠢ ᠪᠠᠶᠢᠬᠤ ᠶᠢ ᠠᠩᠬᠠᠷᠴᠤ᠂ ᠡᠮᠬᠢ | ᠲᠠᠷᠠᠭᠠᠯᠠᠯ ᠲᠠᠢ ᠮᠦᠷᠯᠡᠨ ᠬᠦᠯᠢᠶᠡᠨ᠎ᠡ︔ ᠬᠤᠪᠢ ᠬᠦᠮᠦᠨ ᠤ ᠡᠷᠡᠬᠦᠯ ᠬᠠᠮᠠᠭᠠᠯᠠᠯ ᠢ ᠰᠠᠶᠢᠲᠤᠷ ᠠᠩᠬᠠᠷᠴᠤ᠂ | ᠦᠷᠬᠦᠯᠵᠢ ᠭᠠᠷ ᠢᠶᠠᠨ ᠤᠬᠢᠶᠠᠨ᠂ ᠣᠯᠠᠨ ᠨᠡᠶᠢᠲᠡ ᠶᠢᠨ ᠲᠠᠯᠠᠪᠤᠷ ᠤᠨ ᠨᠡᠶᠢᠲᠡ ᠶᠢᠨ ᠬᠡᠷᠡᠭᠯᠡᠭᠡᠨ ᠤ ᠪᠤᠳᠠᠰ ᠲᠠᠢ | ᠠᠯᠢ ᠴᠢᠳᠠᠬᠤ ᠪᠠᠷ ᠬᠦᠷᠦᠯᠴᠡᠬᠦ ᠦᠬᠡᠢ ᠪᠠᠶᠢᠵᠤ᠂ ᠬᠠᠨᠢᠶᠠᠬᠤ᠂ ᠨᠠᠶᠢᠲᠠᠭᠠᠬᠤ ᠦᠶᠡᠰ ᠲᠤ ᠬᠠᠨᠴᠤᠢ ᠪᠤᠶᠤ ᠴᠠᠭᠠᠰᠤ | ᠪᠠᠷ ᠠᠮᠠ ᠪᠠᠨ ᠲᠠᠭᠯᠠᠨ᠎ᠠ︔ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠴᠢᠳᠠᠬᠤ ᠶᠢᠨ ᠳᠤᠳᠤᠷ᠎ᠠ ᠪᠠᠭᠠᠰᠬᠠᠨ᠂ ᠬᠡᠷ | ᠪᠦᠯᠢ ᠶᠢᠨ ᠨᠠᠶᠢᠷ ᠴᠤᠭᠯᠠᠭᠠᠨ ᠢ 10 ᠬᠦᠮᠦᠨ ᠤ ᠳᠤᠳᠤᠷ᠎ᠠ ᠬᠢᠵᠠᠭᠠᠷᠯᠠᠬᠤ ᠶᠢ ᠤᠷᠢᠶᠠᠯᠠᠨ᠎ᠠ᠃ | ︵ᠠᠷᠪᠠᠨ ᠲᠠᠪᠤ︶ ᠥᠷᠭᠡᠨ ᠣᠯᠠᠨ ᠲᠦᠮᠡᠨ ᠭᠠᠳᠠᠭᠰᠢ ᠭᠠᠷᠬᠤ ᠪᠠᠨ ᠠᠯᠢ ᠴᠢᠳᠠᠬᠤ ᠪᠠᠷ ᠪᠠᠭᠠᠰᠬᠠᠵᠤ | ᠳᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠤᠷᠤᠨ ᠳᠤ ᠣᠴᠢᠬᠤ ᠠᠴᠠ ᠵᠠᠶᠢᠯᠠᠰᠬᠢᠨ᠎ᠠ᠃ ᠬᠡᠷᠪᠡ ᠣᠨᠴᠠᠭᠠᠢ | ᠤᠴᠢᠷ ᠰᠢᠯᠳᠠᠭᠠᠨ ᠠᠴᠠ ᠣᠴᠢᠬᠤ ᠴᠢᠬᠤᠯᠠᠲᠠᠢ ᠪᠣᠯ᠂ ᠶᠠᠪᠤᠬᠤ ᠠᠴᠠ ᠡᠮᠦᠨ᠎ᠡ ᠦᠪᠡᠷ ᠤᠨ ᠬᠠᠷᠢᠶ᠎ᠠ ᠭᠠᠴᠠᠭ᠎ᠠ | ᠨᠡᠶᠢᠭᠡᠮ ᠲᠣᠭᠤᠷᠢᠭ ᠲᠤ ᠳᠠᠩᠰᠠᠯᠠᠭᠤᠯᠤᠨ᠂ ᠪᠠᠶᠢᠭᠤᠯᠭ᠎ᠠ ᠨᠢᠭᠡᠴᠡ ᠳᠡᠭᠡᠨ ᠮᠡᠳᠡᠭᠳᠡᠬᠦ ᠬᠡᠷᠡᠭᠳᠡᠢ᠃ ᠪᠤᠴᠠᠵᠤ ᠢᠷᠡᠮᠡᠭᠴᠡ | ᠰᠠᠨᠠᠭᠠᠴᠢᠯᠠᠭ᠎ᠠ ᠠᠴᠠ ᠪᠠᠨ ᠪᠤᠴᠠᠵᠤ ᠢᠷᠡᠭᠰᠡᠨ ᠢᠶᠠᠨ ᠮᠡᠳᠡᠭᠳᠡᠵᠦ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ | ᠬᠢᠬᠦ ᠵᠡᠷᠭᠡ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠭᠤᠯᠬᠤ ᠬᠡᠷᠡᠭᠳᠡᠢ᠃ | | ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ | ᠬᠠᠯᠳᠠᠪᠦᠷᠢᠯᠠᠬᠰᠠᠨ | ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ | 2020 ᠤᠨ ᠤ 12 ᠰᠠᠷᠠᠶᠢᠨ 29 ᠤ ᠡᠳᠦᠷ |