ᠣᠩᠭᠤᠨ ᠠᠭᠤᠯᠠ ᠰᠤᠮᠤ ᠨᠢ ᠠᠮᠢᠲᠠᠨ ᠤ ᠬᠢᠵᠢᠭ ᠬᠡᠮ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠱᠠᠭᠠᠷᠳᠠᠨ ᠪᠡᠶᠡᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2020/12/4
    ᠮᠠᠨ ᠤ ᠰᠣᠮᠤᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠭᠡᠶᠢᠯᠡᠬᠦ ᠠᠵᠢᠯ ᠡᠬᠢᠯᠡᠭᠰᠡᠨ ᠠᠴᠠ ᠨᠠᠰᠢ᠂ ᠮᠠᠯ ᠡᠮᠨᠡᠯᠭᠡ ᠶᠢᠨ ᠠᠵᠢᠯᠲᠠᠨ ᠪᠠ ᠭᠠᠴᠠᠭᠠᠨ ᠤ ᠬᠢᠵᠢᠭ ᠰᠡᠷᠭᠡᠶᠢᠯᠡᠭᠴᠢ ᠶᠢᠨ ᠬᠠᠮᠲᠤ ᠪᠠᠷ ᠴᠢᠷᠮᠠᠶᠢᠨ ᠠᠵᠢᠯᠯᠠᠵᠤ᠂ ᠠᠵᠢᠯ ᠤᠨ ᠡᠬᠦᠷᠭᠡ ᠪᠠᠨ ᠠᠮᠵᠢᠯᠲᠠ ᠲᠠᠢ ᠪᠡᠶᠡᠯᠡᠬᠦᠯᠦᠭᠰᠡᠨ ᠪᠠᠶᠢᠨ᠎ᠠ᠃
        ᠠᠮᠢᠲᠠᠨ ᠤ ᠬᠦᠨᠳᠦ ᠨᠤᠴᠢᠲᠠᠢ ᠬᠢᠵᠢᠭ ᠭᠡᠮ ᠢ ᠦᠨᠡᠨᠬᠦ ᠰᠡᠷᠭᠡᠶᠢᠯᠡᠨ ᠬᠤᠷᠢᠭᠯᠠᠬᠤ ᠪᠠ ︽ᠰᠡᠷᠭᠡᠶᠢᠯᠡᠯᠲᠡ ᠪᠠᠷ ᠭᠤᠣᠯ ᠪᠣᠯᠭᠠᠬᠤ︾ ᠠᠵᠢᠯ ᠤᠨ ᠰᠡᠳᠬᠢᠴᠡ ᠶᠢᠨ ᠳᠠᠭᠠᠤ᠂ ᠮᠠᠨ ᠤ ᠰᠤᠮᠤᠨ ᠤ ᠶᠡᠷᠦᠩᠭᠡᠶᠢᠯᠡᠭᠰᠡᠨ ᠪᠠᠳᠤᠯᠠᠭ᠎ᠠ ᠪᠠ ᠮᠡᠷᠭᠡᠵᠢᠯ ᠲᠦᠭᠡᠮᠡᠯᠵᠢᠯᠡᠬᠦᠯᠬᠦ ᠲᠥᠪ ᠨᠢ 11 ᠰᠠᠷ᠎ᠠ ᠶᠢᠨ 25 ᠠᠴᠠ 28 ᠤ ᠡᠳᠦᠷ ᠪᠣᠯᠲᠠᠯ᠎ᠠ᠂ ᠪᠦᠬᠦ ᠰᠣᠮᠣᠨ ᠤ 18 ᠭᠠᠴᠠᠭᠠᠨ ᠤ ᠠᠮᠢᠲᠠᠨ ᠤ ᠨᠠᠮᠤᠷ ᠤᠨ ᠤᠯᠠᠷᠢᠯ ᠤᠨ ᠲᠠᠷᠢᠯᠭ᠎ᠠ ᠶᠢᠨ ᠠᠵᠢᠯ ᠳᠤ ᠱᠠᠭᠠᠷᠳᠠᠨ ᠪᠠᠶᠢᠴᠠᠭᠠᠯᠲᠠ ᠬᠢᠵᠤ᠂ ᠭᠤᠣᠯᠳᠠᠭᠤ ᠲᠠᠷᠢᠯᠭ᠎ᠠ ᠶᠢᠨ ᠡᠮᠲᠦ ᠪᠤᠳᠠᠰ ᠤᠨ ᠵᠦᠭᠡᠭᠡᠪᠦᠷᠢᠯᠡᠨ ᠬᠡᠷᠡᠭᠯᠡᠵᠦ ᠪᠠᠶᠢᠭ᠎ᠠ᠂ ᠲᠠᠷᠢᠯᠭ᠎ᠠ ᠶᠢᠨ ᠳᠡᠪᠲᠡᠷ ᠢ ᠲᠠᠭᠯᠠᠵᠤ ᠪᠢᠴᠢᠬᠦ᠂ ᠭᠠᠴᠠᠭᠠᠨ ᠤ ᠬᠢᠵᠢᠭ ᠰᠡᠷᠭᠡᠶᠢᠯᠡᠭᠴᠢ ᠶᠢᠨ ᠠᠵᠢᠯ ᠢᠶᠠᠨ ᠥᠷᠨᠢᠬᠦᠯᠵᠦ ᠪᠠᠶᠢᠭ᠎ᠠ ᠪᠠᠶᠢᠳᠠᠯ ᠳᠤ ᠮᠠᠯᠴᠢᠳ ᠬᠠᠩᠭᠠᠮᠵᠢᠲᠠᠢ ᠪᠠᠶᠢᠬᠤ ᠡᠰᠡᠬᠦ ᠵᠡᠷᠭᠡ ᠲᠠᠯ᠎ᠠ ᠪᠠᠷ ᠪᠠᠶᠢᠴᠠᠭᠠᠯᠲᠠ ᠬᠢᠵᠡᠢ᠃     ᠪᠠᠶᠢᠴᠠᠭᠠᠯᠲᠠ ᠪᠠᠷ ᠳᠠᠮᠵᠢᠨ᠂ ᠪᠦᠬᠦ ᠰᠣᠮᠣᠨ ᠤ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠬᠡᠮ ᠢ ᠰᠡᠷᠭᠡᠶᠢᠯᠡᠨ ᠬᠤᠷᠢᠭᠯᠠᠬᠤ ᠠᠵᠢᠯ ᠤᠨ ᠴᠢᠨᠠᠷ ᠴᠢᠨᠰᠠᠭ᠎ᠠ ᠰᠠᠶᠢᠨ ᠪᠠᠶᠢᠵᠤ᠂ ᠲᠠᠷᠢᠯᠭ᠎ᠠ ᠶᠢᠨ ᠨᠢᠭᠲᠠᠴᠠ ᠪᠠ ᠴᠢᠨᠠᠷ ᠴᠢᠨᠰᠠᠭ᠎ᠠ ᠪᠦᠷ ᠪᠠᠷᠢᠮᠵᠢᠶᠠᠨ ᠳᠤ ᠬᠦᠷᠦᠭᠰᠡᠨ ᠪᠠᠶᠢᠨ᠎ᠠ᠃
 
ᠢᠷᠡᠯᠲᠡ᠄ ᠣᠩᠭᠤᠨ ᠠᠭᠤᠯᠠ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号