ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/3/20
                           ᠠᠯᠪᠠᠨ ᠵᠠᠷᠯᠠᠯ                      ︵ᠠᠷᠪᠠ ᠶᠢᠰᠦᠳᠦᠭᠡᠷ ᠲᠤᠭᠠᠳᠤ︶      ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠦᠷᠭᠡᠵᠢᠨ ᠲᠠᠷᠬᠠᠬᠤ ᠶᠢ ᠪᠦᠳᠦᠮᠵᠢᠳᠡᠢ ᠬᠤᠷᠢᠭᠯᠠᠵᠤ᠂ ᠦᠷᠭᠡᠨ ᠤᠯᠠᠨ ᠲᠦᠮᠡᠨ ᠤ ᠡᠷᠡᠬᠦᠯ ᠮᠡᠨᠳᠦ᠂ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠤᠰᠠᠳᠠ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠦᠷᠢᠳᠤ ᠡᠪᠡᠳᠴᠢᠨ  ᠢ ᠰᠡᠷᠭᠡᠶᠢᠯᠡᠨ ᠡᠵᠡᠮᠳᠡᠬᠦ ᠬᠠᠤᠯᠢ︾᠂ ᠲᠥᠪ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠨ ᠡᠵᠡᠮᠳᠡᠬᠦ ᠠᠵᠢᠯ ᠤᠨ ᠲᠤᠭᠳᠠᠯᠴᠠᠭᠠᠨ ᠤ ᠬᠤᠯᠪᠤᠭᠳᠠᠯ ᠪᠦᠬᠦᠢ ᠱᠠᠭᠠᠷᠳᠠᠯᠭ᠎ᠠ ᠪᠤᠯᠤᠨ ᠦᠪᠡᠷᠲᠡᠭᠡᠨ ᠵᠠᠰᠠᠬᠤ ᠣᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪ ᠤᠨ ᠠᠯᠪᠠᠨ ᠵᠠᠷᠯᠠᠯ ᠢ ᠦᠨᠳᠦᠰᠦᠯᠡᠵᠦ᠂ ᠮᠠᠨ ᠤ ᠬᠤᠰᠢᠭᠤᠨ ᠤ ᠬᠢᠯᠢ ᠶᠢᠨ ᠭᠠᠳᠠᠨ᠎ᠠ ᠠᠴᠠ ᠬᠢᠵᠢᠭ ᠤᠨ ᠪᠠᠶᠢᠳᠠᠯ ᠤᠷᠤᠵᠤ ᠢᠷᠡᠬᠦ ᠶᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠵᠠᠷᠯᠠᠪᠠ᠃      ᠨᠢᠭᠡ᠂ ᠬᠢᠯᠢ ᠶᠢᠨ ᠭᠠᠳᠠᠨ᠎ᠠ ᠠᠴᠠ ᠢᠷᠡᠭᠰᠡᠨ ᠬᠦᠮᠦᠰ ︵ᠭᠠᠳᠠᠭᠠᠳᠤ ᠶᠢᠨ ᠬᠠᠷᠢᠶᠠᠳᠤ ᠪᠤᠯᠤᠨ ᠤᠯᠤᠰ ᠲᠠᠭᠠᠨ ᠪᠤᠴᠠᠭᠰᠠᠨ ᠲᠤᠮᠳᠠᠳᠤ ᠶᠢᠨ ᠢᠷᠭᠡᠨ᠂ ᠰᠢᠶᠠᠩᠭᠠᠩ ᠤᠤᠮᠧᠨ᠂ ᠲᠠᠶᠢᠸᠠᠨ ᠤ ᠬᠦᠮᠦᠰ ᠢ ᠪᠠᠭᠲᠠᠭᠠᠨ᠎ᠠ ︶ ᠨᠢ ᠡᠷᠬᠡᠪᠰᠢ ᠭᠡᠷ ᠤᠨ ᠬᠦᠮᠦᠰ ᠪᠤᠶᠤ ᠪᠠᠶᠢᠭᠤᠯᠭ᠎ᠠ ᠶᠢᠨ ᠤᠳᠤᠷᠢᠳᠤᠯᠭ᠎ᠠ ᠲᠠᠢ ᠪᠠᠨ ᠤᠷᠢᠳᠴᠢᠯᠠᠨ ᠬᠠᠷᠢᠯᠴᠠᠵᠤ᠂ ᠰᠠᠨᠠᠭᠠᠴᠢᠯᠠᠭᠠᠳᠠᠢ ᠪᠠᠷ᠂ ᠦᠨᠡᠨ ᠪᠤᠳᠠᠳᠠᠢ ᠪᠠᠷ ᠬᠤᠪᠢ ᠪᠡᠶ᠎ᠡ ᠶᠢᠨ ᠰᠣᠷᠠᠭ ᠵᠠᠩᠬᠢ᠂ ᠬᠠᠷᠢᠯᠴᠠᠬᠤ ᠤᠳᠠᠰᠤ᠂ ᠥᠪᠡᠷ ᠤᠨ ᠪᠠᠶᠢᠭ᠎ᠠ ᠤᠯᠤᠰ᠂ ᠪᠤᠴᠠᠭᠰᠠᠨ ᠴᠠᠭ᠂ ᠬᠡᠷᠡᠭᠯᠡᠭᠰᠡᠨ ᠵᠠᠮ ᠬᠠᠷᠢᠯᠴᠠᠭᠠᠨ ᠤ ᠪᠠᠭᠠᠵᠢ᠂ 14 ᠡᠳᠦᠷ ᠤᠨ ᠲᠤᠳᠤᠷᠠᠬᠢ ᠶᠠᠪᠤᠵᠤ ᠰᠠᠭᠤᠭᠰᠠᠨ ᠦᠩᠭᠡᠷᠡᠯᠳᠡ᠂ ᠡᠷᠡᠬᠦᠯ ᠮᠡᠨᠳᠦ ᠶᠢᠨ ᠪᠠᠶᠢᠳᠠᠯ ᠪᠠ ᠬᠢᠯᠢ  ᠳᠤ ᠤᠷᠤᠵᠤ ᠢᠷᠡᠭᠰᠡᠨ ᠤᠴᠢᠷ ᠰᠢᠯᠳᠠᠭᠠᠨ ᠵᠡᠷᠭᠡ ᠰᠤᠷᠠᠭ ᠵᠠᠩᠬᠢ ᠪᠠᠨ ᠥᠪᠡᠷ ᠤᠨ ᠬᠠᠷᠢᠶᠠᠯᠠᠭᠳᠠᠬᠤ ᠨᠡᠶᠢᠭᠡᠮ ᠲᠤᠭᠤᠷᠢᠭ ︵ᠭᠠᠴᠠᠭ᠎ᠠ︶ ᠪᠤᠶᠤ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠵᠤ᠂ ᠬᠢᠯᠢ ᠳᠤ ᠣᠷᠣᠬᠤ ᠦᠶᠡᠰ ᠲᠤᠭᠳᠠᠭᠠᠯ ᠶᠤᠰᠤᠭᠠᠷ ︽ᠰᠤᠷᠠᠭ ᠵᠠᠩᠬᠢ ᠶᠢᠨ ᠪᠦᠷᠢᠳᠭᠡᠯᠳᠡ ᠶᠢᠨ ᠺᠠᠷᠲ︾ ᠶᠢ ᠲᠠᠭᠯᠠᠬᠤ ᠬᠡᠷᠡᠭᠳᠡᠢ᠃      ᠬᠤᠶᠠᠷ᠂ ᠬᠢᠯᠢ ᠶᠢᠨ ᠭᠠᠳᠠᠨ᠎ᠠ ᠠᠴᠠ ᠢᠷᠡᠭᠰᠡᠨ ᠬᠦᠮᠦᠰ ᠢ ᠡᠷᠬᠡᠪᠰᠢ 14 ᠡᠳᠦᠷ ᠲᠥᠪᠯᠡᠷᠡᠩᠬᠦᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠡᠷᠡᠭᠳᠡᠢ᠃      ᠭᠤᠷᠪᠠ᠂ 14 ᠡᠳᠦᠷ ᠤᠨ ᠲᠤᠳᠤᠷ᠎ᠠ᠂ ᠬᠢᠯᠢ ᠶᠢᠨ ᠭᠠᠳᠠᠨ᠎ᠠ ᠠᠴᠠ ᠢᠷᠡᠭᠰᠡᠨ ᠬᠦᠮᠦᠰ ᠨᠢ ᠲᠥᠪᠯᠡᠷᠡᠩᠬᠦᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠳᠠ ᠬᠢᠭᠰᠡᠨ ᠦᠬᠡᠢ  ᠪᠣᠯ᠂ ᠲᠠᠷᠤᠶᠢᠬᠠᠨ ᠨᠡᠶᠢᠭᠡᠮ ᠲᠤᠭᠤᠷᠢᠭ ︵ᠭᠠᠴᠠᠭ᠎ᠠ︶  ᠲᠠᠭᠠᠨ ᠮᠡᠳᠡᠬᠦᠯᠵᠦ᠂ ᠲᠥᠪᠯᠡᠷᠡᠩᠬᠦᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠳᠠ ᠶᠢᠨ ᠠᠷᠭ᠎ᠠ ᠬᠡᠮᠵᠢᠶ᠎ᠠ ᠶᠢ ᠬᠡᠷᠡᠭᠵᠢᠬᠦᠯᠬᠦ ᠬᠡᠷᠡᠭᠳᠡᠢ᠃ ᠡᠯ᠎ᠡ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠪᠤᠯᠤᠨ ᠦᠷᠭᠡᠨ ᠤᠯᠠᠨ ᠲᠥᠮᠡᠨ ᠨᠢ ᠬᠢᠯᠢ ᠠᠴᠠ ᠭᠠᠷᠴᠤ ᠠᠶᠠᠯᠠᠨ ᠵᠢᠭᠤᠯᠴᠢᠯᠠᠭᠰᠠᠨ ᠪᠤᠶᠤ ᠪᠤᠴᠠᠵᠤ ᠢᠷᠡᠭᠡᠳ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠦᠬᠡᠢ ᠬᠦᠮᠦᠰ  ᠢ ᠣᠯᠵᠤ ᠮᠡᠳᠡᠪᠡᠯ᠂ ᠢᠳᠡᠪᠬᠢᠳᠡᠢ ᠢᠯᠡᠴᠢᠯᠡᠨ ᠮᠡᠳᠡᠬᠦᠯᠦᠨ᠎ᠡ᠃ ︵ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠄ 0479-6224814︔ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ᠄ 0479-6222994︔ ᠰᠢᠨᠠᠪᠤᠯᠠᠭ ᠪᠠᠯᠭᠠᠰᠤᠨ ᠤ ᠲᠤᠳᠤᠭᠠᠳᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ︔ 0479-6222221︶᠃      ᠲᠦᠷᠪᠡ᠂ ᠬᠢᠯᠢ ᠶᠢᠨ ᠭᠠᠳᠠᠨ᠎ᠠ ᠠᠴᠠ ᠢᠷᠡᠭᠰᠡᠨ ᠬᠦᠮᠦᠰ ᠨᠢ ᠬᠤᠰᠢᠭᠤᠨ ᠳᠤ ᠲᠦᠪᠯᠡᠷᠡᠩᠬᠦᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠤᠭᠤᠴᠠᠭᠠᠨ  ᠳᠠᠬᠢ ᠵᠠᠷᠤᠳᠠᠯ ᠮᠦᠩᠬᠦ ᠶᠢ ᠵᠠᠷᠴᠢᠮ ᠲᠡᠭᠡᠷ᠎ᠡ ᠪᠠᠨ ᠦᠪᠡᠷᠲᠡᠭᠡᠨ ᠬᠠᠷᠢᠭᠤᠴᠠᠨ᠎ᠠ᠃      ᠲᠠᠪᠤ᠂ ᠬᠢᠯᠢ ᠶᠢᠨ ᠭᠠᠳᠠᠨ᠎ᠠ ᠠᠴᠠ ᠢᠷᠡᠭᠰᠡᠨ ᠬᠦᠮᠦᠰ ᠨᠢ ᠬᠤᠰᠢᠭᠤᠨ ᠳᠤ ᠪᠠᠶᠢᠬᠤ ᠬᠤᠭᠤᠴᠠᠭᠠᠨ ᠳᠤ᠂ ᠡᠯ᠎ᠡ ᠱᠠᠳᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠤᠭᠳᠠᠯ ᠪᠦᠬᠦᠢ ᠲᠥᠷᠢᠮ ᠲᠤᠭᠳᠠᠭᠠᠯ ᠢ ᠴᠢᠩᠭ᠎ᠠ ᠵᠢᠷᠤᠮᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠯᠦ ᠣᠶᠢᠰᠢᠶᠠᠬᠤ᠂ ᠬᠤᠯᠪᠤᠭᠳᠠᠯ ᠪᠦᠬᠦᠢ ᠰᠤᠷᠠᠭ ᠵᠠᠩᠬᠢ ᠪᠠᠨ ᠬᠤᠳᠠᠯ ᠬᠠᠭᠤᠷᠮᠠᠭ ᠮᠡᠳᠡᠬᠦᠯᠬᠦ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠭ᠎ᠠ ᠪᠦᠬᠦᠢ ᠲᠥᠷᠢᠮ ᠲᠤᠭᠳᠠᠭᠠᠯ ᠢ ᠵᠢᠷᠤᠮᠯᠠᠭᠰᠠᠨ ᠦᠬᠡᠢ ᠠᠴᠠ ᠪᠤᠯᠵᠤ ᠬᠦᠨᠳᠦ ᠨᠤᠴᠢᠲᠠᠢ ᠦᠷ᠎ᠡ ᠨᠦᠯᠦᠭᠡ ᠡᠬᠦᠰᠭᠡᠪᠡᠯ᠂ ᠬᠠᠤᠯᠢ ᠲᠥᠷᠢᠮ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃      ᠵᠢᠷᠭᠤᠭ᠎ᠠ᠂ ᠲᠤᠰ ᠠᠯᠪᠠᠨ ᠵᠠᠷᠯᠠᠯ ᠨᠢ ᠵᠠᠷᠯᠠᠭᠰᠠᠨ ᠡᠳᠦᠷ ᠠᠴᠠ ᠡᠬᠢᠯᠡᠵᠦ ᠬᠦᠴᠦᠨ ᠲᠠᠢ᠃ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠦᠭᠤᠳᠬᠤ ᠭᠡᠯᠳᠡᠰ2020 ᠤᠨ ᠤ 3 ᠰᠠᠷᠠᠶᠢᠨ 16 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号