ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/3/20
                        ᠠᠯᠪᠠᠨ  ᠵᠠᠷᠯᠠᠯ                      ︵ᠬᠤᠷᠢᠳᠤᠭᠠᠷ ᠲᠤᠭᠠᠳᠤ︶        ᠠᠵᠢᠯ ᠦᠢᠯᠡᠳᠪᠦᠷᠢᠯᠡᠯ ᠢ ᠪᠦᠬᠦ ᠲᠠᠯ᠎ᠠ ᠪᠠᠷ ᠰᠡᠷᠭᠦᠬᠡᠨ᠂ ᠠᠮᠢᠳᠤᠷᠠᠯ ᠤᠨ ᠬᠡᠪ ᠤᠨ ᠪᠠᠶᠢᠳᠠᠯ ᠢ ᠪᠠᠳᠤᠯᠠᠵᠤ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠵᠤ ᠠᠬᠤᠢ ᠨᠠᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠦᠯᠳᠡᠢ ᠲᠦᠯᠬᠢᠨ ᠠᠬᠢᠭᠤᠯᠬᠤ ᠶᠢᠨ ᠲᠤᠰᠠᠳᠠ᠂ ︽ᠰᠢᠯᠢ ᠶᠢᠨ ᠭᠤᠣᠯ ᠠᠶᠢᠮᠠᠭ ᠤᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠥᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠠᠯᠪᠠᠨ ᠵᠠᠷᠯᠠᠯ︾ ︵ᠬᠤᠷᠢᠨ ᠵᠢᠷᠭᠤᠳᠤᠭᠠᠷ ᠲᠤᠭᠠᠳᠤ︶ ᠶᠢ ᠦᠨᠳᠦᠰᠦᠯᠡᠵᠦ᠂ ᠲᠤᠤᠷᠠᠬᠢ ᠬᠠᠮᠢᠭ᠎ᠠ ᠪᠦᠬᠦᠢ ᠵᠦᠢᠯ ᠢ ᠵᠠᠷᠯᠠᠪᠠ᠃        ᠨᠢᠭᠡ᠂ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠲᠡᠭᠡᠷ᠎ᠡ᠂ ᠪᠦᠬᠦᠶᠢᠯᠡ ᠠᠵᠢᠯ ᠲᠥᠷᠦᠯ ︵ᠰᠤᠷᠭᠠᠨ ᠬᠦᠮᠦᠵᠢᠯ᠂ ᠪᠤᠯᠪᠠᠰᠤᠷᠠᠯ ᠵᠡᠷᠭᠡ ᠠᠵᠢᠯ ᠲᠥᠷᠦᠯ ᠠᠴᠠ ᠪᠤᠰᠤᠳ︶ ᠢ ᠨᠡᠭᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠲᠠᠢ ᠨᠡᠶᠢᠴᠡᠬᠦ ᠵᠠᠬ᠎ᠠ ᠲᠡᠯᠭᠡᠬᠦᠷ ᠤᠨ ᠡᠵᠡᠩᠨᠡᠯᠳᠡ ᠶᠢᠨ ᠭᠤᠤᠯ ᠴᠤᠭᠴᠠ ᠨᠢ ᠥᠪᠡᠷᠲᠡᠭᠡᠨ ᠡᠵᠡᠩᠨᠡᠯᠳᠡ ᠪᠠᠨ ᠡᠬᠢᠯᠡᠬᠦᠯᠵᠦ ᠪᠤᠯᠤᠨ᠎ᠠ᠃ ᠡᠯ᠎ᠡ ᠲᠦᠷᠥᠯ ᠤᠨ ᠠᠵᠢᠯ ᠦᠢᠯᠡᠳᠪᠦᠷᠢᠯᠡᠯ ᠤᠨ ᠰᠡᠷᠭᠦᠬᠡᠯᠳᠡ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠬᠡᠢ ᠪᠤᠯᠭᠠᠨ᠎ᠠ᠃        ᠬᠤᠶᠠᠷ᠂ ᠡᠯ᠎ᠡ ᠠᠵᠢᠯ ᠲᠥᠷᠦᠯ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠡᠷᠬᠡᠪᠰᠢ ᠠᠵᠢᠯ ᠲᠥᠷᠦᠯ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠡᠳᠦᠷ ᠲᠤᠳᠤᠮ ᠤᠨ ᠲᠤᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠬᠦᠴᠦᠯᠡᠴᠡ ᠪᠠᠨ ᠴᠢᠩᠭᠠᠳᠬᠠᠵᠤ᠂ ᠬᠢᠨᠠᠨ ᠬᠠᠮᠢᠶᠠᠷᠤᠯᠳᠠ ᠪᠠ ᠦᠢᠯᠡᠴᠢᠯᠡᠭᠡ ᠪᠠᠨ ᠰᠢᠯᠢᠳᠡᠭᠵᠢᠬᠦᠯᠵᠦ᠂ ᠡᠯ᠎ᠡ ᠲᠠᠯ᠎ᠠ ᠶᠢᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠱᠠᠭᠠᠷᠳᠠᠨ ᠵᠢᠯᠤᠭᠤᠳᠬᠤ ᠬᠡᠷᠡᠭᠳᠡᠢ᠃       ᠭᠤᠷᠪᠠ᠂ ᠠᠵᠤ ᠠᠬᠤᠶᠢᠯᠠᠯ ᠪᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠠᠵᠤ ᠠᠬᠤᠶᠢᠯᠠᠯ ︵ᠨᠢᠭᠡᠴᠡ︶ ᠶᠢᠨ ᠬᠠᠤᠯᠢ ᠶᠢᠨ ᠡᠷᠭᠡᠳᠡᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠦᠭᠡᠷ ᠬᠠᠷᠢᠭᠤᠴᠠᠯᠭ᠎ᠠ ᠶᠢ ᠡᠬᠦᠷᠭᠡᠯᠡᠵᠦ᠂ ᠲᠤᠬᠠᠢ ᠶᠢᠨ ᠲᠠᠯᠠᠪᠤᠷ ᠲᠤ ᠪᠠᠶᠢᠭ᠎ᠠ ᠬᠠᠮᠢᠶᠠᠷᠤᠯᠳᠠ ᠶᠢᠨ ᠠᠵᠢᠯᠳᠠᠨ ᠨᠢ ᠰᠢᠭᠤᠳ ᠬᠠᠷᠢᠭᠤᠴᠠᠯᠭ᠎ᠠ ᠶᠢ ᠡᠬᠦᠷᠭᠡᠯᠡᠨ᠎ᠡ᠃ ᠪᠡᠶ᠎ᠡ ᠶᠢᠨ ᠬᠠᠯᠠᠭᠤᠨ ᠢ ᠬᠡᠮᠵᠢᠬᠦ᠂ ᠠᠭᠠᠷ ᠰᠠᠯᠬᠢ ᠨᠡᠪᠳᠡᠷᠡᠬᠦᠯᠵᠦ ᠠᠷᠢᠭᠤᠳᠬᠠᠬᠤ᠂ ᠬᠦᠮᠦᠨ ᠤᠯᠠᠨ ᠴᠤᠭᠯᠠᠷᠠᠬᠤ ᠶᠢ ᠬᠢᠵᠠᠭᠠᠷᠯᠠᠬᠤ ᠵᠡᠷᠭᠡ ᠰᠡᠷᠭᠡᠶᠢᠯᠡᠨ ᠬᠠᠮᠠᠭᠠᠯᠠᠬᠤ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠠᠵᠢᠯᠳᠠᠨ ᠤ  ᠰᠢᠯᠢᠨ ᠪᠠᠶᠢᠴᠠᠭᠠᠯᠳᠠ ᠨᠢ ᠲᠤᠤᠱᠳᠠᠢ᠂ ᠬᠢᠵᠢᠭ ᠢ ᠰᠡᠷᠭᠡᠶᠢᠯᠡᠬᠦ ᠡᠳ᠋ ᠪᠤᠳᠠᠰ ᠨᠢ ᠬᠦᠷᠦᠯᠴᠡᠭᠡᠳᠡᠢ᠂ ᠲᠠᠯᠠᠪᠠᠢ ᠶᠢᠨ ᠬᠠᠮᠢᠶᠠᠷᠤᠯᠳᠠ ᠨᠢ ᠲᠦᠷᠢᠮᠵᠢᠯ ᠲᠠᠢ᠂ ᠤᠬᠠᠭᠤᠯᠭ᠎ᠠ ᠬᠦᠮᠦᠵᠢᠯ ᠨᠢ ᠤᠨᠤᠪᠴᠢᠳᠠᠢ᠂ ᠠᠮᠤᠷ ᠲᠥᠪᠰᠢᠨ ᠤ ᠰᠡᠷᠭᠡᠶᠢᠯᠡᠨ ᠬᠠᠮᠠᠭᠠᠯᠠᠯᠳᠠ ᠨᠢ ᠲᠤᠶᠢᠯᠪᠦᠷᠢᠳᠠᠢ ᠪᠠᠶᠢᠬᠤ ᠶᠢ ᠪᠠᠳᠤᠯᠠᠵᠤ᠂ ᠠᠵᠢᠯᠳᠠᠳ ᠪᠠ ᠬᠡᠷᠡᠭᠯᠡᠭᠴᠢᠳ ᠤᠨ ᠡᠷᠡᠬᠦᠯ ᠮᠡᠨᠳᠦ ᠠᠮᠤᠷ ᠲᠥᠪᠰᠢᠨ ᠢ ᠦᠨᠡᠨᠬᠦ ᠪᠠᠳᠤᠯᠠᠬᠤ ᠬᠡᠷᠡᠭᠳᠡᠢ᠃        ᠲᠦᠷᠪᠡ᠂ ︽ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠭᠤᠭᠠᠯᠢ ᠠᠷᠠᠳ ᠤᠨ ᠡᠯᠧᠺᠲᠷᠣᠨ ᠡᠷᠡᠬᠦᠯ ᠮᠡᠨᠳᠦ ᠶᠢᠨ ᠺᠠᠷᠲ ︵ᠺᠤᠲ︶︾ ᠬᠡᠷᠡᠭᠯᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠵᠢᠯ ᠤᠨ ᠪᠠᠶᠢᠷᠢᠨ ᠳᠠᠭᠠᠨ ᠪᠤᠴᠠᠬᠤ᠂ ᠰᠤᠷᠭᠠᠭᠤᠯᠢ ᠳᠠᠭᠠᠨ ᠪᠤᠴᠠᠬᠤ᠂ ᠡᠮᠴᠢᠯᠡᠬᠦᠯᠬᠦ᠂ ᠠᠵᠢᠯ ᠢᠶᠠᠷ ᠭᠠᠳᠠᠭᠰᠢ ᠭᠠᠷᠬᠤ᠂ ᠠᠶᠠᠯᠠᠵᠤ ᠵᠢᠭᠤᠯᠴᠢᠯᠠᠬᠤ ᠵᠡᠷᠭᠡ  ᠳᠤ ᠴᠦᠮ ᠬᠡᠷᠡᠭᠯᠡᠵᠦ᠂ ᠪᠤᠰᠤᠳ ᠬᠡᠷᠡᠴᠢ ᠪᠠᠷᠢᠮᠳᠠ ᠶᠢ ᠱᠠᠭᠠᠷᠳᠠᠬᠤ ᠦᠬᠡᠢ᠃        ᠲᠠᠪᠤ᠂ 3 ᠰᠠᠷ᠎ᠠ ᠶᠢᠨ 17 ᠤ ᠡᠳᠦᠷ ᠤᠨ ᠲᠡᠭ ᠴᠠᠭ ᠠᠴᠠ ᠨᠠᠰᠢ ᠬᠤᠪᠸᠢ ᠮᠤᠵᠢ ᠠᠴᠠ ᠪᠤᠰᠤᠳ ᠭᠤᠤᠯᠳᠠᠯᠭ᠎ᠠ ᠲᠠᠢ ᠮᠤᠵᠢ ︵ᠤᠷᠤᠨ᠂ ᠬᠤᠳᠠ︶ ᠠᠴᠠ ᠢᠷᠡᠭᠰᠡᠨ ᠨᠤᠭᠤᠭᠠᠨ ᠦᠩᠭᠡ ᠶᠢᠨ ᠡᠷᠡᠬᠦᠯ ᠮᠡᠨᠳᠦ ᠶᠢᠨ ᠺᠤᠲ ᠲᠠᠢ ᠬᠦᠮᠦᠰ ᠲᠤ ᠲᠤᠰᠭᠠᠷᠯᠠᠬᠤ ᠠᠷᠭ᠎ᠠ ᠬᠡᠮᠵᠢᠶ᠎ᠡ ᠬᠡᠷᠡᠭᠵᠢᠬᠦᠯᠬᠦ ᠦᠬᠡᠢ᠂ ᠪᠡᠶ᠎ᠡ ᠶᠢᠨ ᠬᠠᠯᠠᠭᠤᠨ ᠨᠢ ᠬᠡᠪ ᠤᠨ ᠪᠠᠶᠢᠳᠠᠯ ᠲᠠᠢ ᠪᠠᠶᠢᠪᠠᠯ ᠠᠵᠢᠯ ᠤᠨ ᠪᠠᠶᠢᠷᠢᠨ ᠳᠠᠭᠠᠨ ᠰᠢᠭᠤᠳ ᠭᠠᠷᠴᠤ ᠪᠤᠯᠤᠨ᠎ᠠ᠃ ᠰᠢᠷ᠎ᠠ᠂ ᠤᠯᠠᠭᠠᠨ ᠦᠩᠭᠡ  ᠲᠠᠢ ᠡᠷᠡᠬᠦᠯ ᠮᠡᠨᠳᠦ ᠶᠢᠨ ᠺᠤᠲ ᠲᠠᠢ ᠬᠦᠮᠦᠰ ᠲᠤ ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠠᠴᠠ ᠲᠤᠰᠭᠠᠷᠯᠠᠬᠤ ᠠᠷᠭ᠎ᠠ ᠬᠡᠮᠵᠢᠶ᠎ᠡ ᠠᠪᠬᠤ ᠡᠰᠡᠬᠦ ᠶᠢ ᠰᠤᠳᠤᠯᠤᠨ ᠲᠤᠭᠳᠠᠭᠠᠨ᠎ᠠ᠃ ᠭᠤᠤᠯᠳᠠᠯᠭ᠎ᠠ ᠲᠠᠢ ᠬᠦᠮᠦᠰ ᠤᠨ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠨᠠᠷᠢᠨ ᠤᠨᠤᠪᠴᠢᠳᠠᠢ ᠲᠤᠭᠳᠠᠭᠠᠵᠤ᠂ ᠭᠤᠤᠯᠳᠠᠯᠭ᠎ᠠ ᠲᠠᠢ ᠬᠦᠮᠦᠰ ᠤᠨ ᠬᠠᠮᠢᠶᠠᠷᠤᠯᠳᠠ ᠶᠢᠨ ᠬᠦᠷᠢᠶ᠎ᠡ ᠬᠡᠪᠴᠢᠶ᠎ᠡ ᠶᠢ ᠲᠤᠷ᠎ᠠ ᠪᠠᠷ ᠦᠷᠭᠡᠳᠬᠡᠵᠦ ᠪᠤᠯᠬᠤ ᠦᠬᠡᠢ᠃ ᠬᠢᠯᠢ ᠶᠢᠨ ᠭᠠᠳᠠᠨ᠎ᠠ ᠠᠴᠠ ᠢᠷᠡᠭᠰᠡᠨ ᠬᠦᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠵᠢᠯᠤᠭᠤᠳᠬᠤ ᠬᠡᠯᠲᠡᠰ ᠤᠨ ᠠᠷᠪᠠ ᠶᠢᠰᠦᠳᠦᠭᠡᠷ ᠲᠤᠭᠠᠳᠤ ᠠᠯᠪᠠᠨ ᠵᠠᠷᠯᠠᠯ ᠢ ᠦᠨᠳᠦᠰᠦᠯᠡᠨ ᠶᠠᠪᠤᠭᠳᠠᠭᠤᠯᠤᠨ᠎ᠠ᠃        ᠵᠢᠷᠭᠤᠭ᠎ᠠ᠂ ᠰᠢᠨᠡᠪᠤᠯᠠᠭ ᠪᠠᠯᠭᠠᠰᠤᠨ ᠳᠤ ︽ᠲᠤᠮᠤ ᠨᠡᠶᠢᠭᠡᠮ ᠲᠤᠭᠤᠷᠢᠭ︾ ᠤᠨ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠬᠡᠷᠡᠭᠵᠢᠬᠦᠯᠵᠦ᠂ 2 ᠪᠠᠶᠢᠴᠠᠭᠠᠬᠤ ᠴᠡᠭ ᠦᠯᠡᠳᠡᠭᠡᠵᠦ᠂ ᠬᠤᠰᠢᠭᠤᠨ ᠳᠤ ᠤᠷᠤᠬᠤ ᠬᠦᠮᠦᠰ ᠡᠷᠬᠡᠪᠰᠢ ︽ᠥᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠡᠷᠡᠬᠦᠯ ᠮᠡᠨᠳᠦ ᠶᠢᠨ ᠺᠠᠷᠲ ︵ᠺᠤᠲ︶ ᠪᠠᠨ ᠭᠠᠷᠭᠠᠨ ᠦᠵᠡᠬᠦᠯᠬᠦ ᠬᠡᠷᠡᠭᠳᠡᠢ᠃ ᠨᠤᠭᠤᠭᠠᠨ ᠦᠩᠭᠡ ᠶᠢᠨ ᠺᠤᠲ ᠲᠠᠢ ᠬᠦᠮᠦᠰ ᠢ ᠪᠦᠷᠢᠳᠬᠡᠨ ᠲᠠᠩᠰᠠᠯᠠᠬᠤ ᠦᠬᠡᠢ ᠂ ᠪᠡᠶ᠎ᠡ ᠶᠢᠨ ᠬᠠᠯᠠᠭᠤᠨ ᠢ ᠨᠢ ᠬᠡᠮᠵᠢᠬᠦ ᠦᠬᠡᠢ᠃ ᠪᠤᠰᠤᠳ ᠵᠠᠮ ᠬᠠᠷᠢᠯᠴᠠᠭᠠᠨ ᠤ ᠵᠦᠬᠡᠬᠡᠪᠦᠷᠢ ᠶᠢᠨ ᠬᠠᠮᠢᠶᠠᠷᠤᠨ ᠬᠢᠵᠠᠭᠠᠷᠯᠠᠬᠤ ᠠᠷᠭ᠎ᠠ ᠬᠡᠮᠵᠢᠶ᠎ᠡ ︵ᠡᠯ᠎ᠡ ᠲᠦᠷᠦᠯ ᠤᠨ ᠲᠡᠷᠭᠡᠨ ᠫᠠᠶᠢᠰᠠᠨ ᠤ ᠨᠤᠮᠧᠷ ᠢᠶᠠᠷ ᠵᠠᠮ ᠳᠤ ᠭᠠᠷᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ᠂ ᠪᠠᠶᠢᠴᠠᠭᠠᠬᠤ ᠦᠷᠳᠡᠭᠡ᠂ ᠲᠠᠯ᠎ᠠ ᠶᠢᠨ ᠰᠠᠬᠢᠭᠴᠢ︶ ᠶᠢ ᠪᠦᠬᠦᠨ ᠢ ᠬᠦᠴᠦᠨ ᠦᠬᠡᠢ ᠪᠤᠯᠭᠠᠵᠤ᠂ ᠠᠶᠠᠨᠴᠢᠳ᠂ ᠡᠳ᠋ ᠪᠠᠷᠠᠭᠠᠨ ᠤ ᠵᠦᠭᠡᠭᠡᠪᠦᠷᠢ ᠶᠢᠨ ᠰᠠᠭᠠᠳ ᠦᠬᠡᠢ ᠨᠠᠪᠳᠠᠷᠡᠬᠦ ᠶᠢ ᠲᠦᠯᠬᠢᠨ ᠠᠬᠢᠭᠤᠯᠵᠤ᠂ ᠠᠵᠢᠯ ᠦᠢᠯᠡᠳᠪᠦᠷᠢᠯᠡᠯ ᠢᠶᠠᠨ ᠪᠦᠬᠦ ᠲᠠᠯ᠎ᠠ ᠪᠠᠷ ᠰᠡᠷᠭᠦᠬᠡᠬᠦ ᠳᠤ ᠪᠠᠳᠤᠯᠠᠭ᠎ᠠ ᠬᠠᠩᠭᠠᠬᠤ ᠬᠡᠷᠡᠭᠳᠡᠢ᠃        ᠲᠤᠯᠤᠭ᠎ᠠ᠂ ᠰᠠᠭᠤᠭᠠᠯᠢ ᠠᠷᠠᠳ ᠨᠢ ᠪᠡᠶ᠎ᠡ ᠶᠢᠨ ᠬᠠᠯᠠᠭᠤᠨ ᠬᠡᠮᠵᠢᠬᠦ ᠦᠬᠡᠢ᠂ ᠺᠤᠲ ᠰᠢᠷᠪᠢᠬᠦ ᠦᠬᠡᠢ᠂ ᠲᠠᠩᠰᠠᠯᠠᠨ ᠪᠦᠷᠢᠳᠬᠡᠬᠦ ᠦᠬᠡᠢ ᠪᠠᠷ ︽ᠰᠠᠭᠤᠭᠠᠯᠢ ᠲᠤᠭᠤᠷᠢᠭ ᠤᠨ ᠰᠠᠭᠤᠭᠠᠯᠢ ᠠᠷᠠᠳ ᠤᠨ ᠭᠡᠷᠡᠴᠢ︾ ᠪᠣᠯᠤᠨ ︽ᠨᠡᠶᠢᠭᠡᠮ ᠲᠤᠭᠤᠷᠢᠭ ᠤᠨ ᠲᠡᠷᠬᠡᠨ ᠤ ᠨᠡᠪᠳᠡᠷᠡᠬᠦ ᠦᠨᠡᠮᠯᠡᠯ︾ ︵ᠰᠤᠮᠤ ᠪᠠᠯᠭᠠᠰᠤᠨ ᠠᠴᠠ ᠨᠢᠭᠡᠳᠦᠯᠳᠡᠢ ᠲᠠᠷᠬᠠᠭᠠᠨ᠎ᠠ︶  ᠢ ᠬᠡᠷᠡᠭᠯᠡᠵᠦ᠂ ᠰᠢᠭᠤᠳ ᠤᠷᠤᠵᠤ ᠭᠠᠷᠴᠤ ᠪᠤᠯᠤᠨ᠎ᠠ᠃ ᠡᠯ᠎ᠡ ᠰᠠᠭᠤᠭᠠᠯᠢ ᠲᠤᠭᠤᠷᠢᠭ ᠤᠨ ᠪᠠᠶᠢᠴᠠᠭᠠᠬᠤ ᠴᠡᠭ  ᠲᠤ ᠵᠦᠪᠬᠡᠨ ᠨᠢᠭᠡᠯᠡ ᠬᠦᠮᠦᠨ ᠵᠢᠵᠢᠭᠦᠷᠯᠡᠵᠦ᠂ ᠰᠤᠮᠤ ᠪᠠᠯᠭᠠᠰᠤ ᠠᠴᠠ ᠨᠢᠭᠡᠳᠦᠯᠳᠡᠢ ᠵᠢᠵᠢᠭᠦᠷ ᠵᠤᠬᠢᠶᠠᠨ ᠪᠠᠶᠢᠭᠤᠯᠵᠤ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢᠨ ᠭᠠᠵᠠᠷ ᠨᠢ ᠦᠪᠡᠷᠲᠡᠭᠡᠨ ᠵᠢᠵᠢᠭᠦᠷ ᠲᠣᠬᠢᠷᠠᠭᠤᠯᠬᠤ ᠶᠢ ᠬᠠᠷᠢᠭᠤᠴᠠᠵᠤ᠂ ᠬᠡᠷᠪᠡ ᠪᠠᠶᠢᠬᠤ ᠦᠬᠡᠢ ᠪᠣᠯ ᠨᠡᠶᠢᠭᠡᠮ ᠲᠤᠭᠤᠷᠢᠭ ᠠᠴᠠ ᠵᠢᠵᠢᠬᠦᠷ ᠲᠤᠬᠢᠷᠠᠭᠤᠯᠬᠤ ᠶᠢ ᠬᠠᠷᠢᠭᠤᠴᠠᠨ᠎ᠠ᠃ ᠰᠠᠶᠢᠨ ᠳᠤᠷᠠᠴᠤᠳ ᠤᠨ ᠨᠡᠶᠢᠭᠡᠮ ᠲᠤᠭᠤᠷᠢᠭ ᠲᠤ ᠢᠳᠡᠪᠬᠢᠳᠡᠢ ᠨᠡᠷ᠎ᠡ ᠮᠡᠳᠡᠬᠦᠯᠬᠦ ᠶᠢ ᠵᠤᠷᠢᠭᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠴᠢᠳᠠᠯ ᠪᠠᠨ ᠨᠡᠮᠡᠷᠢᠯᠡᠨ᠎ᠡ᠃        ᠨᠠᠢᠮᠠ᠂ ᠨᠡᠶᠢᠭᠡᠮ ᠲᠤᠭᠤᠷᠢᠭ ︵ᠭᠠᠴᠠᠭ᠎ᠠ︶ ᠤᠨ ᠲᠤᠤᠷᠴᠢᠯᠠᠭᠰᠠᠨ ᠰᠤᠷᠠᠭ ᠵᠠᠩᠬᠢᠴᠢᠯᠠᠯᠳᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠰᠠᠭᠤᠭᠠᠯᠢ ᠲᠤᠭᠤᠷᠢᠭ ︵ᠬᠤᠳᠠ︶  ᠢᠶᠠᠷ ᠨᠢᠭᠡᠴᠡ ᠪᠤᠯᠭᠠᠭᠰᠠᠨ ᠤᠯᠠᠨ ᠢᠶᠠᠷ  ᠢᠶᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠵᠤ᠂ ᠬᠤᠪᠸᠢ ᠮᠤᠵᠢ ᠪᠤᠶᠤ ᠬᠢᠯᠢ ᠶᠢᠨ ᠭᠠᠳᠠᠨ᠎ᠠ ᠠᠴᠠ ᠢᠷᠡᠭᠡᠳ ᠴᠠᠭ ᠲᠤᠬᠠᠢ ᠳᠤ ᠨᠢ ᠰᠤᠷᠠᠭ ᠵᠠᠩᠬᠢ ᠪᠠᠨ ᠲᠡᠭᠡᠭᠰᠢ ᠮᠡᠳᠡᠬᠦᠯᠦᠭᠰᠡᠨ ᠦᠬᠡᠢ ᠪᠤᠶᠤ ᠲᠤᠰᠭᠠᠷᠯᠠᠬᠤ ᠠᠷᠭ᠎ᠠ ᠬᠡᠮᠵᠢᠶ᠎ᠡ ᠠᠪᠤᠭᠰᠠᠨ ᠦᠬᠡᠢ ᠬᠦᠮᠦᠰ ᠢ ᠢᠯᠡᠴᠢᠯᠡᠨ ᠮᠡᠳᠡᠬᠦᠯᠵᠦ ᠬᠢᠨᠠᠨ ᠪᠠᠶᠢᠴᠠᠭᠠᠬᠤ ᠳᠦᠷᠢᠮ ︵ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠄ 110︔ ᠵᠢᠯᠤᠭᠤᠳᠬᠤ ᠬᠡᠯᠳᠡᠰ᠄ 110᠂ 6224814︔ ᠰᠢᠨᠠᠪᠤᠯᠠᠭ ᠪᠠᠯᠭᠠᠰᠤᠨ ᠤ ᠲᠤᠮᠢᠯᠠᠭᠰᠠᠨ ᠰᠠᠯᠪᠤᠷᠢ᠄ 6222221︔ ᠪᠠᠶᠠᠨᠳᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ᠄ 13947910948︔ ᠤᠩᠭᠤᠨ ᠠᠭᠤᠯᠠ ᠰᠤᠮᠤᠨ ᠤ ᠲᠤᠮᠢᠯᠠᠭᠰᠠᠨ ᠰᠠᠯᠪᠤᠷᠢ᠄ 13904798647︔ ᠪᠤᠭᠳᠠ ᠶᠢᠨ ᠭᠤᠤᠯ ᠰᠤᠮᠤᠨ ᠤ ᠲᠤᠮᠢᠯᠠᠭᠰᠠᠨ ᠰᠠᠯᠪᠦᠷᠢ᠄ 13947925042︶   ᠢ ᠴᠢᠩᠭ᠎ᠠ ᠨᠠᠶᠢᠳᠠᠪᠦᠷᠢᠵᠢᠭᠤᠯᠵᠤ᠂ ᠨᠡᠶᠢᠭᠡᠮ ᠲᠤᠭᠤᠷᠢᠭ ︵ᠭᠠᠴᠠᠭ᠎ᠠ︶ ᠪᠤᠯᠤᠨ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠨᠢ ᠬᠤᠯᠪᠤᠭᠠᠯᠠᠨ ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠨᠡᠶᠢᠭᠡᠮ ᠲᠤᠭᠤᠷᠢᠭ ᠤᠨ ᠬᠤᠯᠪᠤᠭᠠᠯᠠᠭᠰᠠᠨ ᠨᠠᠮ ᠤᠨ ᠡᠬᠦᠷ ᠨᠢ ᠤᠳᠤᠷᠢᠳᠤᠯᠭ᠎ᠠ ᠶᠢᠨ ᠵᠤᠬᠢᠶᠠᠨ ᠪᠠᠶᠢᠭᠤᠯᠤᠯᠳᠠ ᠶᠢ  ᠰᠠᠶᠢᠲᠤᠷ ᠴᠢᠩᠭᠠᠳᠬᠠᠵᠤ᠂ ᠬᠤᠯᠪᠤᠭᠳᠠᠯ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ᠃        ᠶᠢᠰᠦ᠂ ᠬᠤᠯᠪᠤᠭᠳᠠᠯ ᠪᠦᠬᠦᠢ ᠠᠵᠤ ᠠᠬᠤᠶᠢᠯᠠᠯ᠂ ᠨᠢᠭᠡᠴᠡ ᠪᠤᠯᠤᠨ ᠬᠤᠪᠢ ᠬᠦᠮᠦᠨ ᠨᠢ ᠰᠡᠷᠭᠡᠶᠢᠯᠡᠨ ᠬᠠᠮᠠᠭᠠᠯᠠᠯᠳᠠ ᠶᠢ ᠰᠠᠶᠢᠲᠤᠷ ᠬᠢᠭᠰᠡᠨ ᠰᠠᠭᠤᠷᠢᠨ ᠲᠡᠭᠡᠷ᠎ᠡ ᠮᠠᠯᠵᠢᠬᠤ ᠤᠷᠤᠨ ᠢᠶᠠᠷ ᠡᠪᠡᠰᠦ ᠪᠤᠷᠳᠤᠭᠤᠷ ᠪᠤᠷᠤᠯᠠᠭᠤᠯᠵᠤ ᠪᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠲᠤᠳᠤᠷ᠎ᠠ ᠬᠤᠳᠠᠯᠳᠤᠭᠠᠴᠢᠳ ᠨᠢ ᠰᠡᠷᠭᠡᠶᠢᠯᠡᠨ ᠬᠠᠮᠠᠭᠠᠯᠠᠯᠳᠠ ᠶᠢ ᠰᠠᠶᠢᠲᠤᠷ ᠬᠢᠭᠰᠡᠨ ᠪᠣᠯ ᠮᠠᠯᠵᠢᠬᠤ ᠤᠷᠤᠨ ᠢᠶᠠᠷ ᠮᠠᠯ ᠤᠨ ᠠᠷᠠᠯᠵᠢᠶ᠎ᠠ ᠬᠢᠵᠤ ᠪᠤᠯᠤᠨ᠎ᠠ᠃ ᠮᠠᠯᠴᠢᠳ ᠰᠤᠯᠢᠯᠴᠠᠭ᠎ᠠ ᠬᠢᠬᠦ ᠳᠡᠭᠡᠨ ᠬᠤᠪᠢ ᠪᠡᠶ᠎ᠡ ᠶᠢᠨ ᠬᠠᠮᠠᠭᠠᠯᠠᠯᠳᠠ ᠶᠢ ᠰᠠᠶᠢᠲᠤᠷ ᠬᠢᠵᠤ᠂ ᠬᠤᠳᠠᠯᠳᠤᠭᠠᠴᠢᠨ ᠢ ᠭᠡᠷ ᠲᠤ ᠪᠠᠨ ᠤᠷᠤᠭᠤᠯᠬᠤ ᠦᠬᠡᠢ᠂ ᠠᠯᠢ ᠴᠢᠳᠠᠬᠤ ᠪᠠᠷ ᠺᠣᠲ ᠰᠢᠷᠪᠢᠬᠦ᠂ ᠳᠠᠩᠰᠠᠨ ᠳᠤ ᠰᠢᠯᠵᠢᠬᠦᠯᠬᠦ ᠵᠡᠷᠭᠡ ᠠᠷᠭ᠎ᠠ ᠪᠠᠷ ᠰᠤᠯᠢᠯᠴᠠᠭ᠎ᠠ ᠬᠢᠵᠤ᠂ ᠪᠡᠯᠡᠨ ᠵᠤᠭᠤᠰᠤᠨ ᠤ ᠰᠤᠯᠢᠯᠴᠠᠭ᠎ᠠ ᠶᠢ ᠪᠠᠭᠠᠰᠬᠠᠨ᠎ᠠ᠃        ᠠᠷᠪᠠ᠂ ᠪᠦᠬᠦ ᠬᠤᠰᠢᠭᠤᠨ ᠤ ᠡᠯ᠎ᠡ ᠱᠠᠳᠤᠨ ᠤ᠂ ᠡᠯ᠎ᠡ ᠲᠦᠷᠥᠯ ᠤᠨ ᠡᠮᠴᠢᠯᠡᠭᠡᠨ ᠤ ᠪᠠᠶᠢᠭᠤᠯᠤᠮᠵᠢ ᠨᠢ ᠡᠳᠦᠷ ᠲᠤᠳᠤᠮ ᠤᠨ ᠡᠮᠴᠢᠯᠡᠭᠡᠨ ᠤ ᠦᠢᠯᠡᠴᠢᠯᠡᠭᠡ ᠪᠠᠨ ᠰᠡᠷᠭᠦᠬᠡᠬᠦ ᠬᠡᠷᠡᠭᠳᠡᠢ᠃        ᠠᠷᠪᠠᠨ ᠨᠢᠭᠡ᠂ ᠪᠦᠬᠦ ᠬᠤᠰᠢᠭᠤᠨ ᠤ ᠠᠵᠢᠯ ᠦᠢᠯᠡᠳᠪᠦᠷᠢᠯᠡᠯ ᠢᠶᠠᠨ ᠰᠡᠷᠬᠦᠭᠡᠬᠦ ᠦᠢᠯᠡᠴᠢᠯᠡᠭᠡ ᠶᠢ ᠲᠦᠯᠬᠢᠨ ᠠᠬᠢᠭᠤᠯᠬᠤ ᠢᠯᠡᠴᠢᠯᠡᠨ ᠮᠡᠳᠡᠬᠦᠯᠬᠦ᠂ ᠠᠰᠠᠭᠤᠨ ᠯᠠᠪᠯᠠᠬᠤ ᠲᠤᠰᠬᠠᠢ ᠤᠳᠠᠰᠤ ᠪᠠ ᠢᠮᠧᠯ ᠲᠤᠬᠢᠷᠠᠭᠤᠯᠪᠠ᠃ ᠤᠳᠠᠰᠤ᠄ 0479 — 6222143︔ ᠢᠮᠧᠯ᠄ xhqfgj@163.comᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠦᠭᠤᠳᠬᠤ ᠭᠡᠯᠳᠡᠰ2020 ᠤᠨ ᠤ 3 ᠰᠠᠷᠠᠶᠢᠨ 19 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号