ᠦᠷᠬᠡᠨ ᠤᠯᠠᠨ ᠮᠠᠯᠴᠢᠨ ᠲᠦᠮᠡᠨ ᠳᠤ᠄ | ᠨᠤᠳᠤᠭ ᠪᠡᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠢ ᠤᠯᠠᠮ ᠰᠢᠨᠵᠢᠯᠡᠬᠦ ᠤᠬᠠᠭᠠᠨᠴᠢ ᠪᠠᠷ | ᠬᠠᠮᠠᠭᠠᠯᠠᠨ ᠠᠰᠢᠭᠯᠠᠬᠤ ᠶᠢᠨ ᠲᠤᠯᠠᠳᠠ᠂ ᠪᠦᠬᠦ ᠠᠶᠢᠮᠠᠭ ᠤᠨ ᠨᠢᠬᠡᠳᠤᠯᠲᠠᠢ ᠪᠠᠶᠢᠷᠢᠯᠠᠭᠤᠯᠤᠯᠳᠡ ᠶᠤᠰᠤᠭᠠᠷ ᠮᠠᠨ ᠤ | ᠬᠤᠰᠢᠭᠤ ᠨᠢ 2020 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠦᠬᠦ | ᠬᠤᠰᠢᠭᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ ᠳᠤ ᠪᠡᠯᠴᠢᠬᠡᠷ ᠰᠡᠷᠬᠦᠬᠡᠬᠦ ᠠᠵᠢᠯ ᠢ | ᠦᠷᠨᠢᠬᠦᠯᠤᠨ᠎ᠠ᠃ ᠬᠠᠮᠢᠶ᠎ᠡ ᠪᠦᠬᠦᠢ ᠤᠴᠢᠷ ᠶᠠᠪᠤᠲᠠᠯ ᠢ ᠲᠤᠤᠷᠡᠬᠢ ᠮᠡᠲᠤ ᠵᠠᠷᠯᠠᠶ᠎ᠡ᠄ | ᠨᠢᠬᠡ᠄ ᠪᠡᠯᠴᠢᠬᠡᠷ ᠰᠡᠷᠬᠦᠬᠡᠬᠦ ᠬᠤᠭᠤᠴᠠᠭ᠎ᠠ᠄ 4 ᠰᠠᠷ᠎ᠠ ᠶᠢᠨ 10 ᠤ ᠡᠳᠤᠷ —5 ᠰᠠᠷ᠎ᠠ ᠶᠢᠨ 10 ᠤ | ᠡᠳᠤᠷ | ᠬᠤᠶᠠᠷ᠄ ᠪᠡᠯᠴᠢᠬᠡᠷ ᠰᠡᠷᠬᠦᠬᠡᠬᠦ ᠬᠦᠷᠢᠶ᠎ᠠ ᠬᠡᠪᠴᠢᠶ᠎ᠠ᠄ ᠪᠠᠶᠠᠨᠳᠠᠯ᠎ᠠ ᠪᠠᠯᠭᠠᠰᠦ᠂ ᠤᠩᠭᠤᠨ ᠠᠭᠤᠯᠡ ᠰᠤᠮᠦ᠂ | ᠪᠤᠭᠳᠠ ᠶᠢᠨ ᠭᠤᠤᠯ ᠰᠤᠮᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ᠃ ᠪᠡᠯᠴᠢᠬᠡᠷ ᠰᠡᠷᠬᠦᠬᠡᠬᠦ | ᠬᠤᠭᠤᠴᠠᠭᠠᠨ ᠳᠤ ᠦᠬᠡᠷ᠂ ᠬᠤᠨᠢ᠂ ᠢᠮᠠᠭ᠎ᠠ ᠶᠢ ᠪᠡᠯᠴᠢᠬᠡᠷᠯᠡᠬᠦᠯᠵᠤ ᠪᠤᠯᠬᠤ ᠦᠬᠡᠢ᠃ ᠲᠡᠮᠡᠭᠡ᠂ ᠠᠲᠤᠭᠤ ᠶᠢ | ᠪᠡᠯᠴᠢᠬᠡᠷᠯᠡᠬᠦᠯᠬᠦ ᠶᠢ ᠬᠢᠵᠠᠭᠠᠷᠯᠠᠬᠤ ᠦᠬᠡᠢ᠃ | ᠭᠤᠷᠪᠠ᠄ ᠪᠡᠯᠴᠢᠬᠡᠷ ᠰᠡᠷᠬᠦᠬᠡᠬᠦ ᠨᠦᠬᠦᠪᠤᠷᠢ ᠶᠢᠨ ᠪᠠᠷᠢᠮᠵᠢᠶ᠎ᠠ᠄ ᠪᠡᠯᠴᠢᠬᠡᠷ ᠰᠡᠷᠬᠦᠬᠡᠬᠦ ᠬᠤᠭᠤᠴᠠᠭᠠᠨ ᠳᠤ | ᠮᠦ ᠪᠦᠷᠢ ᠳᠤ 0.75 ᠲᠦᠬᠦᠷᠢᠭ ᠤᠨ ᠪᠠᠷᠢᠮᠵᠢᠶ᠎ᠡ ᠪᠠᠷ ᠨᠦᠬᠦᠪᠤᠷᠢ ᠤᠯᠭᠤᠵᠤ᠂ ᠡᠳ᠋ ᠤᠨ ᠵᠠᠰᠠᠭ ᠤᠨ ᠰᠠᠯᠠᠭ᠎ᠠ | ᠮᠦᠴᠢᠷ ᠠᠴᠠ ︽ᠪᠦᠷᠢᠨ ᠴᠢᠳᠠᠮᠵᠢᠲᠦ ᠺᠠᠷᠲ︾ ᠪᠠᠷ ᠪᠡᠯᠴᠢᠬᠡᠷ ᠰᠡᠷᠬᠦᠬᠡᠬᠦ ᠨᠦᠬᠦᠪᠤᠷᠢ ᠶᠢ ᠰᠢᠭᠤᠳ ᠮᠠᠯᠴᠢᠳ | ᠲᠤ ᠤᠯᠭᠤᠨ᠎ᠠ᠃ | ᠲᠦᠷᠪᠡ᠄ ᠪᠡᠯᠴᠢᠬᠡᠷ ᠰᠡᠷᠬᠦᠬᠡᠬᠦ ᠨᠦᠬᠦᠪᠤᠷᠢ ᠶᠢᠨ ᠲᠠᠯᠠᠪᠠᠢ ᠶᠢ ᠪᠤᠲᠤᠬᠤ᠄ ᠮᠠᠯ ᠪᠡᠯᠴᠢᠬᠡᠷ ᠢ | ᠲᠡᠩᠴᠡᠬᠦᠷᠢᠰᠢᠬᠦᠯᠬᠦ ᠡᠷᠤᠬᠡ ᠶᠢᠨ ᠪᠦᠬᠦ ᠨᠤᠲᠤᠭ ᠪᠡᠯᠴᠢᠬᠡᠷ ᠠᠴᠠ ᠬᠠᠲᠤᠯᠠᠩ ᠤᠨ ᠲᠠᠯᠠᠪᠠᠢ ᠶᠢ ᠬᠠᠰᠤᠨ᠎ᠠ ︵ | ᠬᠠᠲᠤᠯᠠᠩ ᠤᠨ ᠲᠠᠯᠠᠪᠠᠢ ᠶᠢ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠮᠠᠯᠴᠢᠨ ᠡᠷᠤᠬᠡ ᠶᠢᠨ ᠪᠦᠬᠦ ᠨᠤᠲᠤᠭ ᠪᠡᠯᠴᠢᠬᠡᠷ | ᠤᠨ ᠲᠠᠯᠠᠪᠠᠢ ᠶᠢᠨ36% ᠪᠠᠷ ᠪᠤᠲᠤᠨ᠎ᠠ︶᠃ | ᠲᠠᠪᠤ᠄ ᠬᠠᠮᠢᠶ᠎ᠠ ᠪᠦᠬᠦᠢ ᠱᠠᠭᠠᠷᠳᠠᠯᠭ᠎ᠠ᠄ ᠪᠡᠯᠴᠢᠬᠡᠷ ᠰᠡᠷᠬᠦᠬᠡᠬᠦ ᠬᠤᠭᠤᠴᠠᠭᠠᠨ ᠳᠤ ᠪᠡᠯᠴᠢᠬᠡᠷ ᠰᠡᠷᠬᠦᠬᠡᠵᠦ | ᠪᠠᠶᠢᠭ᠎ᠠ ᠤᠷᠤᠨ ᠳᠤ ᠮᠠᠯ ᠪᠡᠯᠴᠢᠬᠡᠷᠯᠡᠬᠦᠯᠬᠦ ᠶᠢ ᠪᠦᠬᠦ ᠲᠠᠯ᠎ᠠ ᠪᠠᠷ ᠴᠠᠭᠠᠵᠠᠯᠠᠨ᠎ᠠ᠃ ᠮᠠᠯᠵᠢᠬᠤ ᠡᠷᠤᠬᠡ ᠨᠢ ᠡᠯ᠎ᠡ | ᠲᠦᠷᠤᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠳᠤᠷ ᠬᠢᠵᠦ᠂ ᠮᠠᠯ ᠤᠰᠤᠯᠠᠬᠤ᠂ ᠮᠠᠯ ᠪᠤᠷᠳᠤᠬᠤ ᠵᠡᠷᠭᠡ | ᠰᠢᠯᠳᠠᠭᠠᠨ ᠢᠶᠠᠷ ᠮᠠᠯ ᠢᠶᠠᠨ ᠪᠡᠯᠴᠢᠬᠡᠷᠯᠡᠬᠦᠯᠬᠦ ᠶᠢ ᠡᠷᠡᠰ ᠴᠠᠭᠠᠵᠠᠯᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠪᠠ | ᠰᠤᠮᠦ ᠪᠠᠯᠭᠠᠰᠦ᠂ ᠭᠠᠴᠠᠭᠠᠨ ᠤ ᠬᠢᠨᠠᠯᠳᠠ ᠬᠠᠮᠢᠶᠠᠷᠤᠯᠳᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠠᠢ᠃ | ᠡᠯ᠎ᠡ ᠰᠤᠮᠦ ᠪᠠᠯᠭᠠᠰᠦ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠦ᠂ ᠮᠠᠯᠵᠢᠬᠤ | ᠡᠷᠤᠬᠡ ᠶᠢ ᠱᠠᠭᠠᠷᠲᠠᠨ ᠮᠠᠯ ᠢᠶᠠᠨ ᠪᠦᠬᠦᠨ ᠢ ᠬᠠᠰᠢᠶᠠᠯᠠᠨ ᠲᠡᠵᠢᠬᠡᠨ᠎ᠡ᠃ ᠡᠯ᠎ᠡ ᠰᠤᠮᠤ ᠪᠠᠯᠭᠠᠰᠤ᠂ ᠬᠤᠰᠢᠭᠤ ᠤᠢ | ᠰᠢᠭᠤᠢ ᠪᠠ ᠨᠤᠲᠤᠭ ᠪᠡᠯᠴᠢᠬᠡᠷ ᠤᠨ ᠲᠤᠪᠴᠢᠶ᠎ᠡ ᠵᠡᠷᠬᠡ ᠰᠠᠯᠠᠭ᠎ᠠ ᠮᠦᠴᠢᠷ ᠨᠢ ᠦᠪᠡᠷ ᠤᠨ ᠡᠬᠦᠷᠬᠡ ᠴᠢᠲᠠᠪᠬᠢ᠂ | ᠤᠶᠢᠯᠡᠲᠤᠯ ᠢᠶᠠᠨ ᠬᠦᠢᠴᠡᠳ ᠪᠠᠲᠠᠷᠠᠭᠤᠯᠤᠨ᠂ ᠨᠤᠳᠤᠭ ᠪᠡᠯᠴᠢᠬᠡᠷ ᠢ ᠬᠠᠮᠠᠭᠠᠯᠠᠬᠤ ᠪᠠ ᠨᠡᠶᠢᠳᠡ ᠶᠢᠨ ᠠᠰᠢᠭᠲᠦ | ᠰᠢᠭᠤᠢ ᠶᠢᠨ ᠤᠷᠤᠨ ᠲᠤᠭᠤᠷᠢᠭ ᠢ ᠬᠢᠨᠠᠵᠦ ᠬᠠᠮᠠᠭᠠᠯᠠᠬᠤ ᠬᠦᠴᠤᠯᠡᠴᠡ ᠪᠠᠨ ᠴᠢᠩᠭᠠᠳᠬᠠᠵᠦ᠂ ᠮᠠᠯ ᠢᠶᠠᠨ | ᠲᠠᠯᠳᠠᠭᠤᠷ ᠪᠡᠯᠴᠢᠬᠡᠷᠯᠡᠬᠦᠯᠬᠦ ᠠᠵᠢᠯᠯᠠᠭ᠎ᠠ ᠶᠢ ᠬᠠᠮᠢᠶ᠎ᠡ ᠪᠦᠬᠦᠢ ᠬᠠᠤᠯᠢ ᠲᠦᠷᠢᠮ ᠢ ᠦᠨᠲᠤᠰᠤᠯᠠᠨ ᠴᠢᠩᠭ᠎ᠠ | ᠪᠠᠶᠢᠴᠠᠭᠠᠨ ᠰᠢᠢᠳᠪᠤᠷᠢᠯᠠᠨᠡ᠃ ᠬᠢᠨᠠᠨ ᠵᠢᠯᠤᠭᠤᠳᠴᠤ ᠬᠠᠮᠢᠶᠠᠷᠬᠤ ᠪᠠᠨ ᠴᠢᠩᠭᠠᠳᠬᠠᠵᠤ᠂ ᠠᠵᠢᠯ ᠢᠶᠠᠨ | ᠨᠠᠶᠢᠲᠠᠪᠤᠷᠢᠭᠤᠯᠬᠤ ᠶᠢ ᠦᠨᠡᠨᠬᠦ ᠪᠠᠲᠤᠯᠠᠬᠤ ᠬᠡᠷᠡᠭᠲᠠᠢ᠃ ᠬᠤᠰᠢᠭᠤ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠭᠡ | ᠮᠡᠷᠬᠡᠵᠢᠯ ᠤᠨ ᠰᠠᠯᠠᠭ᠎ᠠ ᠮᠦᠴᠢᠷ ᠨᠢ ᠮᠠᠯ ᠤᠨ ᠬᠢᠵᠢᠭ ᠬᠡᠮ ᠢ ᠰᠡᠷᠬᠡᠶᠢᠯᠡᠨ ᠬᠤᠷᠢᠭᠯᠠᠬᠤ ᠪᠠ ᠬᠠᠰᠢᠶᠠᠯᠠᠨ ᠲᠡᠵᠢᠬᠡᠬᠦ | ᠮᠡᠷᠬᠡᠵᠢᠯ ᠤᠨ ᠵᠢᠯᠤᠭᠤᠳᠤᠯᠭ᠎ᠠ ᠶᠢ ᠬᠠᠷᠢᠭᠤᠴᠠᠨ᠎ᠠ᠃ ᠬᠤᠰᠢᠭᠤ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠨᠢ | ᠮᠠᠯ ᠤᠨ ᠤᠰᠦ ᠤᠮᠳᠠ ᠶᠢ ᠪᠠᠳᠤᠯᠠᠬᠤ ᠠᠵᠢᠯ ᠢ ᠬᠠᠷᠢᠭᠤᠴᠠᠨ᠎ᠠ᠃ ᠡᠯ᠎ᠡ ᠬᠠᠪᠰᠤᠷᠤᠨ ᠲᠡᠳᠬᠦᠬᠦ ᠪᠠᠶᠢᠭᠤᠯᠭ᠎ᠠ ᠨᠢ | ᠲᠤᠰᠬᠠᠢ ᠬᠦᠮᠤᠨ ᠲᠤᠮᠢᠯᠠᠵᠤ ᠭᠠᠴᠠᠭᠠᠨ ᠤ ᠪᠡᠯᠴᠢᠬᠡᠷ ᠰᠡᠷᠬᠦᠬᠡᠬᠦ ᠠᠵᠢᠯ ᠳᠤ ᠬᠢᠨᠠᠯᠲᠠ ᠲᠠᠯᠪᠢᠨ᠎ᠠ᠃ | ᠪᠡᠯᠴᠢᠬᠡᠷ ᠰᠡᠷᠬᠦᠬᠡᠬᠦ ᠬᠤᠭᠤᠴᠠᠭᠠᠨ ᠳᠤ ᠡᠯ᠎ᠡ ᠰᠤᠮᠤ ᠪᠠᠯᠭᠠᠰᠤ᠂ ᠤᠢ ᠰᠢᠭᠤᠢ ᠪᠠ ᠨᠤᠲᠤᠭ ᠪᠡᠯᠴᠢᠬᠡᠷ | ᠤᠨ ᠲᠤᠪᠴᠢᠶ᠎ᠠ ᠨᠢ ᠢᠯᠡᠴᠢᠯᠡᠨ ᠮᠡᠳᠡᠬᠦᠯᠬᠦ ᠤᠳᠠᠰᠦ ᠲᠤᠬᠢᠷᠠᠭᠤᠯᠵᠦ᠂ ᠨᠡᠶᠢᠬᠡᠮ ᠤᠨ ᠡᠯ᠎ᠡ ᠡᠲᠡᠬᠡᠳ ᠠᠴᠠ ᠬᠢᠨᠠᠯᠲᠠ | ᠲᠠᠯᠪᠢᠵᠤ᠂ ᠲᠦᠷᠢᠮ ᠢ ᠵᠦᠷᠢᠴᠡᠵᠤ ᠮᠠᠯ ᠪᠡᠯᠴᠢᠬᠡᠷᠯᠡᠬᠦᠯᠦᠭᠰᠡᠨ ᠠᠵᠢᠯᠯᠠᠭ᠎ᠠ ᠶᠢ ᠢᠲᠡᠪᠬᠢᠲᠠᠢ ᠢᠯᠡᠴᠢᠯᠠᠨ ᠮᠡᠲᠡᠬᠦᠯᠬᠦ | ᠶᠢ ᠬᠦᠰᠡᠵᠤ ᠪᠠᠶᠢᠨ᠎ᠠ᠃ | ᠢᠯᠡᠴᠢᠯᠡᠨ ᠮᠡᠳᠡᠬᠦᠯᠬᠦ ᠤᠳᠠᠰᠦ᠄ ᠬᠤᠰᠢᠭᠤ ᠤᠢ ᠰᠢᠭᠤᠢ ᠪᠠ ᠨᠤᠲᠤᠭ ᠪᠡᠯᠴᠢᠬᠡᠷ ᠤᠨ ᠲᠤᠪᠴᠢᠶ᠎ᠡ | 6220019᠂ ᠪᠠᠶᠠᠨᠲᠠᠯ᠎ᠠ ᠪᠠᠯᠭᠠᠰᠤ 6440107᠂ ᠤᠩᠭᠤᠨ ᠠᠭᠤᠯᠠ ᠰᠤᠮᠤ 6225921᠂ ᠪᠤᠭᠲᠠ ᠶᠢᠨ | ᠭᠤᠤᠯ ᠰᠤᠮᠤ 6720529᠃ | | ᠡᠬᠦᠨ ᠤ ᠲᠤᠯᠠᠳᠠ ᠤᠨᠴᠠᠭᠠᠶᠢᠯᠠᠨ ᠵᠠᠷᠯᠠᠪᠠ | ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2020 ᠤᠨ ᠤ 3 ᠰᠠᠷ᠎ᠠ ᠶᠢᠨ 18 ᠤ ᠡᠲᠤᠷ |