ᠬᠦᠪᠡᠭᠡᠲᠦ ᠰᠢᠷ᠎ᠠ ᠬᠤᠰᠢᠭᠤᠨ ᠤ ᠤᠳᠬ᠎ᠠ ᠤᠷᠠᠯᠢᠭᠴᠢᠳ ᠤᠷᠠᠨ ᠪᠦᠳᠦᠭᠡᠯᠳᠡ ᠪᠠᠷ ᠢᠶᠠᠨ ᠬᠦᠴᠦ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2020/3/27
     ᠰᠢᠨ᠎ᠡ ᠲᠢᠳᠢᠮᠯᠢᠭ ᠠᠭᠤᠰᠬᠢᠨ ᠦᠷᠪᠢᠰᠦᠯ ᠡᠬᠦᠰᠦᠭᠰᠡᠨ ᠠᠴᠠ ᠨᠠᠭᠠᠰᠢ᠂ ᠬᠦᠪᠡᠭᠡᠲᠦ ᠰᠢᠷ᠎ᠠ ᠬᠤᠰᠢᠭᠤᠨ ᠤ ᠦᠷᠭᠡᠨ ᠣᠯᠠᠨ ᠤᠳᠬ᠎ᠠ ᠤᠷᠠᠯᠢᠭᠴᠢᠳ ᠠᠭᠤᠤ ᠶᠡᠭᠡ ᠠᠷᠠᠳ ᠲᠦᠮᠡᠨ ᠤ ᠵᠣᠷᠢᠭ ᠢᠶᠠᠨ ᠨᠢᠭᠡᠳᠬᠡᠨ ᠬᠦᠴᠦ ᠪᠠᠨ ᠬᠠᠮᠳᠤᠳᠬᠠᠵᠤ᠂ ᠢᠯᠠᠯᠳᠠ ᠶᠢᠨ ᠲᠦᠯᠦᠭᠡ ᠴᠢᠷᠮᠠᠶᠢᠨ ᠲᠡᠮᠡᠴᠡᠵᠦ ᠪᠠᠶᠢᠭ᠎ᠠ ᠵᠣᠷᠢᠭ ᠰᠠᠨᠠᠭ᠎ᠠ ᠶᠢ ᠮᠠᠭᠲᠠᠨ ᠲᠠᠭᠤᠯᠤᠭᠰᠠᠨ ᠤᠳᠬ᠎ᠠ ᠪᠠᠶᠠᠯᠢᠭ ᠤᠷᠠᠨ ᠪᠦᠳᠦᠭᠡᠯ ᠵᠤᠬᠢᠶᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠤ ᠢᠯᠡᠯᠳᠡ ᠶᠢ ᠲᠡᠮᠡᠴᠡᠨ ᠣᠯᠬᠤ ᠶᠢ ᠢᠷᠦᠭᠡᠨ ᠪᠡᠯᠭᠡᠳᠡᠪᠡ᠃ ᠬᠢᠵᠢᠭ ᠢ ᠰᠡᠷᠭᠡᠶᠢᠯᠡᠬᠦ ᠠᠵᠢᠯ ᠡᠬᠢᠯᠡᠭᠰᠡᠨ ᠠᠴᠠ ᠬᠤᠶᠢᠰᠢ᠂ ᠮᠠᠨ ᠤ ᠬᠤᠰᠢᠭᠤᠨ ᠤ ᠤᠳᠬ᠎ᠠ ᠤᠷᠠᠯᠢᠭ ᠤᠨ ᠬᠤᠯᠪᠤᠭᠠᠨ ᠤ ᠬᠢᠨ ᠲᠠᠭᠤᠤ᠂ ᠰᠢᠯᠦᠭ᠂ ᠬᠤᠯᠪᠤᠭ᠎ᠠ᠂ ᠨᠠᠶᠢᠷᠠᠭᠤᠯᠤᠯ᠂ ᠦᠷᠬᠦᠯᠵᠢᠯᠡᠭᠰᠡᠨ ᠵᠤᠬᠢᠶᠠᠯ᠂ ᠤᠷᠠᠨ ᠪᠢᠴᠢᠯᠭᠡ᠂ ᠤᠷᠠᠨ ᠵᠢᠷᠤᠭ᠂ ᠪᠢᠴᠢᠯ ᠺᠢᠨᠤ᠋ ᠵᠡᠷᠭᠡ100 ᠭᠠᠷᠤᠢ ᠬᠤᠪᠢ ᠤᠷᠠᠨ ᠪᠦᠳᠦᠭᠡᠯ ᠲᠤᠰᠤᠭᠰᠠᠨ ᠪᠠᠶᠢᠨ᠎ᠠ᠃      ᠲᠤᠰ ᠤᠳᠬ᠎ᠠ ᠤᠷᠠᠯᠢᠭ ᠤᠨ ᠬᠤᠯᠪᠤᠭᠠᠨ ᠤ ᠵᠤᠬᠢᠶᠠᠯᠴᠢᠳ ᠤᠨ ᠨᠡᠶᠢᠭᠡᠮᠯᠢᠭ ᠤᠨ ᠬᠡᠰᠢᠭᠦᠨ ᠵᠢᠨᠱᠠᠨ ᠨᠦᠬᠦᠷ ᠵᠠᠯᠠᠭᠤ ᠡᠮᠴᠢ ᠠᠩᠬᠢᠯᠤᠮ᠎ᠠ᠂ ᠲᠤᠶᠠᠭ᠎ᠠ ᠬᠤᠶᠠᠷ ᠤᠨ ᠨᠠᠮ ᠵᠠᠰᠠᠭ ᠤᠨ ᠤᠷᠢᠶᠠᠯᠠᠭ᠎ᠠ ᠶᠢ ᠴᠤᠤᠷᠢᠶᠠᠳᠤᠨ᠂ ᠠᠶᠤᠯ ᠲᠦᠭᠰᠢᠬᠦᠷᠢ ᠶᠢ ᠵᠤᠷᠢᠭᠳᠠᠢ ᠰᠥᠷᠦᠨ᠂ ᠦᠬᠠᠨ ᠢ ᠵᠤᠷᠠᠶᠢᠭᠰᠠᠨ ᠦᠢᠯᠡ ᠠᠵᠢᠯᠯᠠᠭ᠎ᠠ ᠶᠢ ᠪᠠᠭ᠋ᠠᠳᠤᠨ ᠪᠢᠰᠢᠷᠡᠵᠦ᠂ ᠢᠳᠡᠭᠡᠨ ᠨᠠᠶᠢᠳᠠᠵᠤ᠂ ᠢᠷᠦᠭᠡᠨ ᠪᠡᠯᠭᠡᠳᠡᠭᠰᠡᠨ ᠰᠡᠳᠬᠢᠯᠭᠡ ᠪᠠᠷ ᠪᠢᠴᠢᠭᠰᠡᠨ ︽ᠤᠮᠤᠭᠰᠢᠯ︾ ᠭᠡᠬᠦ ᠤᠷᠠᠨ ᠪᠦᠳᠦᠭᠡᠯ ᠎ ᠨᠢ ᠨᠠᠮ ᠤᠨ ᠲᠥᠪ ᠬᠤᠷᠢᠶᠠᠨ ᠤ ᠤᠬᠠᠭᠤᠯᠬᠤ ᠭᠡᠯᠳᠡᠰ ᠠᠴᠠ ᠡᠷᠬᠢᠯᠡᠭᠰᠡᠨ ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠲᠠᠪᠴᠠᠩ ᠤᠨ ᠭᠤᠣᠯ ᠲᠠᠪᠴᠠᠩ ᠳᠤ ᠨᠡᠶᠢᠳᠡᠯᠡᠭᠳᠡᠵᠦ᠂ ᠨᠤᠲᠤᠭ ᠣᠷᠤᠨ ᠳᠠᠭᠠᠨ ᠦᠩᠭᠡ ᠭᠡᠷᠡᠯ ᠨᠡᠮᠡᠷᠢᠯᠡᠪᠡ᠃ ᠲᠤᠰ ᠬᠤᠰᠢᠭᠤᠨ ᠤ ᠤᠯᠠᠭᠠᠨᠮᠦ᠋ᠴᠢᠷ ᠤᠨ ᠵᠠᠯᠠᠭᠤ ᠲᠤᠭᠯᠠᠭᠴᠢ ᠪᠤᠶᠠᠨᠳᠡᠯᠭᠡᠷ ᠤᠨ ᠵᠤᠬᠢᠶᠠᠨ ᠪᠦᠳᠦᠭᠡᠭᠰᠡᠨ ᠡᠮᠴᠢᠯᠡᠭᠡᠨ ᠤ ᠠᠩᠭᠢ ᠶᠢᠨ ᠬᠠᠮᠲᠤ ᠤᠯᠠᠨ ᠲᠠᠢ ᠪᠠᠨ ᠬᠢᠵᠢᠭ ᠢ ᠰᠡᠷᠭᠡᠶᠢᠯᠡᠬᠦ ᠭᠠᠯ ᠹᠷᠤᠨᠲ ᠲᠤ ᠮᠤᠷᠳᠠᠬᠤ ᠪᠠᠷ ᠪᠠᠶᠢᠭ᠎ᠠ ᠵᠠᠯᠠᠭᠤ ᠬᠡᠦᠬᠡᠨ ᠪᠠ ᠲᠡᠬᠦᠨ ᠤ ᠡᠵᠢ ᠶᠢᠨ ᠠᠭᠤᠳᠠᠮᠴᠢ ᠰᠡᠳᠬᠢᠯ᠂ ᠬᠤᠯᠠᠴᠢ ᠪᠤᠳᠤᠯ ᠢ ᠬᠠᠷᠠᠭᠤᠯᠤᠭᠰᠠᠨ ᠪᠢᠴᠢᠯ ᠺᠢᠨᠤ᠋ ︽ᠰᠦ︾ ᠬᠡᠬᠦᠰ ᠤᠷᠠᠨ ᠪᠦᠳᠦᠭᠡᠯ ᠨᠢ ᠤᠷᠤᠨ᠂ ᠠᠶᠢᠮᠠᠭ ᠤᠨ ᠰᠢᠨ᠎ᠡ ᠵᠠᠭᠤᠴᠢᠯᠠᠭᠤᠷ ᠢᠶᠠᠷ ᠦᠷᠭᠡᠨ ᠢᠶᠠᠷ ᠰᠠᠴᠤᠭᠳᠠᠵᠤ᠂ ᠬᠦᠮᠦᠰ ᠤᠨ ᠰᠡᠳᠬᠢᠯ ᠤᠨ ᠭᠦᠨ ᠳᠤ ᠬᠦᠷᠴᠦ᠂ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠤᠨᠲ ᠲᠤ ᠭᠠᠪᠰᠢᠭᠠᠶᠢᠯᠠᠵᠤ ᠪᠠᠶᠢᠭ᠎ᠠ ᠬᠦᠮᠦᠰ ᠲᠤ ᠢᠳᠡᠭᠡᠯ ᠬᠦᠴᠦᠨ ᠨᠡᠮᠡᠷᠢᠯᠡᠪᠡ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号