ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠵᠢᠯᠤᠭᠤᠳᠬᠤ ᠭᠡᠯᠲᠡᠰ ᠤᠨ ᠮᠡᠳᠡᠭᠳᠡᠯ
ᠨᠡᠶᠢᠲᠡᠯᠡᠭᠰᠡᠨ ᠴᠠᠭ᠄
2020/3/5
          ᠮᠠᠯᠵᠢᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ‍ᠤᠨ‌‍ᠪᠠᠶᠢᠳᠠᠯ ᠢ                       ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯᠪᠠᠶᠠᠨᠳᠠᠯ᠎ᠠ ᠪᠠᠯᠭᠠᠰᠤ᠂ ᠤᠩᠭᠤᠨ ᠠᠭᠤᠯᠠ ᠰᠤᠮᠤ᠂ ᠪᠤᠭᠳᠠ ᠶᠢᠨ ᠭᠤᠤᠯ ᠰᠤᠮᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠤᠨ᠄        ᠴᠢᠭᠤᠯᠤᠯᠳᠤ ᠬᠠᠭᠠᠯᠭ᠎ᠠ ᠬᠤᠲᠠ ᠶᠢᠨ ᠺᠠᠩᠪᠤᠤ ᠰᠢᠶᠠᠨ᠂ ᠴᠠᠪᠸᠢ ᠬᠠᠮᠢᠶᠠᠷᠤᠯᠳᠠ ᠶᠢᠨ ᠤᠷᠤᠨ ᠵᠡᠷᠭᠡ ᠮᠠᠨ ᠤ ᠬᠤᠰᠢᠭᠤᠨ ᠤ ᠬᠥᠷᠰᠢ ᠵᠡᠷᠭᠡᠯᠳᠡᠭᠡ ᠭᠠᠵᠠᠷ ᠤᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠲᠠᠬᠢᠨ ᠰᠡᠷᠭᠦᠵᠦ ᠪᠠᠶᠢᠭ᠎ᠠ ᠪᠠᠶᠢᠳᠠᠯ ᠠᠴᠠ ᠡᠭᠦᠰᠦᠨ᠂ ᠡᠪᠡᠳᠴᠢᠨ ᠤ ᠸᠢᠷᠦ᠋ᠰ ᠤᠨ ᠬᠠᠯᠳᠠᠪᠦᠷᠢᠯᠠᠬᠤ ᠵᠠᠮ ᠢ ᠪᠦᠳᠦᠮᠵᠢᠲᠠᠢ ᠲᠠᠰᠤᠯᠵᠤ᠂ ᠬᠢᠵᠢᠭ ᠤᠨ ᠪᠠᠶᠢᠳᠠᠯ ᠤᠨ ᠦᠷᠭᠡᠵᠢᠨ ᠲᠠᠷᠬᠠᠬᠤ ᠬᠠᠨᠳᠤᠰᠢ ᠶᠢ ᠡᠷᠡᠰ ᠬᠤᠷᠢᠭᠯᠠᠵᠤ᠂ ᠣᠯᠠᠨ ᠲᠦᠮᠡᠨ ᠤ ᠡᠷᠡᠬᠦᠯ ᠮᠡᠨᠳᠦ᠂ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠠᠴᠠ ᠪᠦᠬᠦ ᠤᠷᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠢᠭᠡᠳᠦᠭᠡᠷ ᠳᠡᠰ ᠠᠴᠠ ᠥᠪᠡᠷᠲᠡᠭᠡᠨ ᠵᠠᠰᠠᠬᠤ ᠤᠷᠤᠨ ᠤ ᠭᠤᠷᠪᠠᠳᠤᠭᠠᠷ ᠲᠠᠰ ᠪᠤᠯᠭᠠᠨ ᠲᠤᠬᠢᠷᠠᠭᠤᠯᠤᠭᠰᠠᠨ ᠤ ᠲᠠᠷᠠᠭ᠎ᠠ ᠲᠤᠷᠠᠳᠤᠭᠰᠠᠨ ︽ᠵᠢᠷᠭᠤᠭ᠎ᠠ ᠶᠢ ᠬᠤᠪᠢᠷᠠᠭᠤᠯᠬᠤ ᠦᠬᠡᠢ︾᠂ ︽ᠵᠢᠷᠭᠤᠭ᠎ᠠ ᠶᠢ ᠬᠤᠪᠢᠷᠠᠭᠤᠯᠬᠤ︾ ᠪᠤᠯᠤᠨ ︽ᠲᠤᠯᠤᠭ᠎ᠠ ᠶᠢ ᠦᠷᠭᠦᠯᠵᠢᠯᠡᠨ ᠴᠢᠩᠭ᠎ᠠ ᠠᠳᠬᠤᠬᠤ︾ ᠱᠠᠭᠠᠷᠳᠠᠯᠭ᠎ᠠ ᠶᠢ ᠦᠨᠳᠦᠰᠦᠯᠡᠵᠦ᠂ ᠮᠠᠯᠵᠢᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠬᠠᠮᠢᠭ᠎ᠠ ᠪᠦᠬᠦᠢ ᠵᠦᠢᠯ ᠢ ᠲᠤᠤᠷᠠᠬᠢ ᠮᠡᠳᠦ ᠮᠡᠳᠡᠭᠳᠡᠪᠡ᠃        ᠨᠢᠭᠡ᠂ ᠲᠠᠩᠰᠠᠯᠠᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠳᠡᠢ᠃ ᠡᠯ᠎ᠡ ᠭᠠᠴᠠᠭᠠᠨ ᠤ ᠬᠤᠶᠠᠷ ᠵᠦᠪᠯᠡᠯ ᠤᠨ ᠤᠳᠤᠷᠢᠳᠬᠤ ᠪᠠᠭ᠂ ᠲᠤᠤᠷᠴᠢᠯᠠᠭᠰᠠᠨ ᠬᠠᠮᠢᠶᠠᠷᠤᠯᠳᠠ ᠶᠢᠨ ᠠᠵᠢᠯᠳᠠᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠤ᠂ ᠲᠤᠰ ᠭᠠᠴᠠᠭ᠎ᠠ᠂ ᠬᠤᠳᠠ ᠤᠰᠤᠨ ᠤ ᠭᠠᠷᠴᠤ ᠤᠷᠤᠵᠤ ᠪᠠᠶᠢᠭ᠎ᠠ ᠬᠦᠮᠦᠨ ᠨᠢᠭᠡᠪᠦᠷᠢ ᠶᠢ ᠲᠠᠩᠰᠠᠯᠠᠨ ᠲᠡᠮᠳᠡᠭᠯᠡᠵᠦ᠂ ᠱᠠᠭᠠᠷᠳᠠᠯᠭ᠎ᠠ ᠶᠤᠰᠤᠭᠠᠷ ᠰᠤᠮᠤ ᠪᠠᠯᠭᠠᠰᠤᠨ ᠳᠤ ᠮᠡᠳᠡᠬᠦᠯᠬᠦ ᠬᠡᠷᠡᠭᠳᠡᠢ᠃ ᠬᠡᠷᠪᠡ 16 ᠭᠤᠤᠯᠳᠠᠯᠭ᠎ᠠ ᠲᠠᠢ ᠭᠠᠵᠠᠷ ᠤᠷᠤᠨ ︵ᠬᠤᠪᠸᠢ᠂ ᠭᠤᠸᠠᠩᠳᠦ᠋ᠩ᠂ ᠵᠧᠵᠢᠶᠠᠩ᠂ ᠡᠾᠧᠨᠠᠨ᠂ ᠬᠤᠨᠠᠨ᠂ ᠠᠨᠾᠦ᠋ᠢ᠂ ᠵᠢᠶᠠᠩᠰᠢ᠂ ᠵᠢᠶᠠᠩᠰᠤ᠂ ᠴᠦᠩᠴᠢᠩ᠂ ᠱᠠᠨᠳᠦ᠋ᠩ᠂ ᠰᠧᠴᠦᠸᠠᠨ᠂ ᠪᠡᠭᠡᠵᠢᠩ᠂ ᠬᠠᠷᠠᠮᠦ᠋ᠷᠡᠨ᠂ ᠱᠠᠩᠬᠠᠢ᠂ ᠹᠦᠵᠢᠶᠡᠨ᠂ ᠡᠾᠧᠪᠸᠢ︶ ᠵᠢᠴᠢ ᠶᠠᠫᠤᠨ᠂ ᠺᠤᠷᠢᠶᠠ᠂ ᠢᠲ᠋ᠠᠯᠢ᠂ ᠢᠷᠠᠨ ᠵᠡᠷᠭᠡ ᠤᠯᠤᠰ ᠤᠨ ᠭᠠᠳᠠᠨᠠᠬᠢ ᠭᠤᠤᠯᠳᠠᠯᠭ᠎ᠠ  ᠲᠠᠢ ᠭᠠᠵᠠᠷ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ ᠢ ᠤᠯᠵᠤ ᠢᠯᠡᠷᠡᠬᠦᠯᠪᠡᠯ᠂ ᠲᠠᠷᠤᠶᠢᠬᠠᠨ ᠰᠤᠮᠤ ᠪᠠᠯᠭᠠᠰᠤᠨ ᠤ ᠤᠳᠤᠷᠢᠳᠬᠤ ᠲᠤᠭᠤᠶᠢᠯᠠᠩ ᠪᠠ ᠬᠤᠰᠢᠭᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ  ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ︵ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ 110 ᠵᠢᠯᠤᠭᠤᠳᠬᠤ ᠲᠥᠪ᠄ 110᠂ 6224814︶ ᠳᠤ ᠮᠡᠳᠡᠬᠦᠯᠬᠦ ᠶᠢᠨ ᠬᠠᠮᠲᠤ ᠭᠤᠤᠯᠳᠠᠯᠭ᠎ᠠ ᠲᠠᠢ ᠤᠷᠤᠨ  ᠠᠴᠠ ᠢᠷᠡᠭᠰᠡᠳ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠲᠦᠪᠯᠡᠷᠡᠩᠬᠦᠢ ᠲᠤᠰᠭᠠᠷᠯᠠᠨ ᠠᠵᠢᠭᠯᠠᠯᠳᠠ ᠬᠢᠬᠦ ᠭᠠᠵᠠᠷ ᠲᠤ ᠬᠦᠷᠴᠦ ᠲᠤᠰᠭᠠᠷᠯᠠᠨ ᠠᠵᠢᠭᠯᠠᠯᠳᠠ ᠬᠢᠬᠦ ᠪᠤᠶᠤ ᠬᠡᠷ ᠲᠡᠭᠡᠨ ᠲᠤᠰᠭᠠᠷᠯᠠᠨ ᠠᠨᠠᠭᠠᠬᠤ ᠤᠬᠠᠭᠠᠨ ᠤ ᠠᠵᠢᠭᠯᠠᠯᠳᠠ ᠬᠢᠬᠦ ᠶᠢ ᠴᠢᠩᠭ᠎ᠠ ᠱᠠᠭᠠᠷᠳᠠᠬᠤ ᠬᠡᠷᠡᠭᠲᠠᠢ᠃        ᠬᠤᠶᠠᠷ᠂ ᠬᠡᠰᠡᠭ ᠭᠠᠴᠠᠭᠠᠨ ᠤ ᠦᠪᠡᠷᠳᠡᠭᠡᠨ ᠪᠠᠶᠢᠭᠤᠯᠤᠭᠰᠠᠨ ︽ᠲᠠᠯ᠎ᠠ ᠶᠢᠨ ᠰᠠᠬᠢᠭᠴᠢ︾ ᠬᠠᠮᠲᠤ ᠪᠠᠷ ᠰᠡᠷᠭᠡᠶᠢᠯᠡᠵᠤ ᠬᠠᠮᠲᠤ ᠪᠠᠷ ᠡᠵᠡᠮᠳᠡᠬᠦ ᠵᠤᠬᠢᠶᠠᠨ ᠪᠠᠶᠢᠭᠤᠯᠤᠯᠳᠠ ᠶᠢᠨ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠳᠠ ᠳᠤ ᠵᠤᠬᠢᠰᠲᠠᠢ ᠲᠤᠬᠢᠷᠠᠭᠤᠯᠤᠯᠳᠠ ᠬᠢᠬᠦ ᠬᠡᠷᠡᠭᠳᠡᠢ᠃ ᠣᠣᠯ ᠤᠨ ᠭᠠᠳᠠᠷ ᠬᠦᠷᠢᠶᠡᠨ ᠤ ᠵᠠᠮ ᠱᠤᠭᠤᠮ ᠳᠤ ᠵᠢᠵᠢᠭᠦᠷᠯᠡᠨ ᠰᠠᠬᠢᠵᠤ ᠪᠠᠶᠢᠭᠰᠠᠨ ᠵᠠᠭᠪᠦᠷ ᠢ ᠲᠤᠳᠤᠭᠠᠳᠤ ᠭᠠᠳᠠᠭᠠᠳᠤ ᠶᠢ ᠤᠶᠠᠯᠳᠤᠭᠤᠯᠵᠤ᠂ ᠲᠤᠭᠤᠷᠢᠨ ᠪᠠᠶᠢᠴᠠᠭᠠᠬᠤ ᠪᠠᠷ ᠭᠤᠣᠯ ᠪᠤᠯᠭᠠᠭᠰᠠᠨ ᠬᠠᠮᠲᠤ ᠪᠠᠷ ᠰᠡᠷᠭᠡᠶᠢᠯᠡᠵᠤ ᠬᠠᠮᠲᠤ ᠪᠠᠷ ᠵᠠᠰᠠᠬᠤ ᠵᠠᠭᠪᠦᠷ ᠪᠤᠯᠭᠠᠨ ᠬᠤᠪᠢᠷᠠᠭᠤᠯᠤᠨ᠎ᠠ᠃ ᠭᠠᠳᠠᠷ ᠬᠦᠷᠢᠶᠡᠨ ᠤ ᠵᠠᠷᠢᠮ ᠵᠠᠮ ᠱᠤᠭᠤᠮ ᠳᠤ ᠰᠤᠩᠭᠤᠯᠳᠠ ᠶᠢᠨ ᠴᠢᠨᠠᠷᠲᠠᠢ ᠵᠢᠵᠢᠭᠦᠷ ᠮᠠᠨᠠᠭ᠎ᠠ ᠲᠤᠬᠢᠷᠠᠭᠤᠯᠵᠤ᠂ ᠪᠤᠰᠤᠳ ᠬᠦᠴᠦᠨ ᠢ ᠲᠤᠬᠢᠷᠠᠭᠤᠯᠤᠨ ᠭᠠᠴᠠᠭ᠎ᠠ ᠬᠤᠲᠠ ᠤᠰᠤᠨ ᠳᠤ ᠨᠡᠪᠳᠡᠷᠡᠬᠦ ᠴᠢᠬᠤᠯᠠ ᠪᠦᠬᠦᠢ ᠵᠠᠮ ᠱᠤᠭᠤᠮ ᠳᠤ ᠪᠠᠶᠢᠴᠠᠭᠠᠨ ᠲᠠᠩᠰᠠᠯᠠᠬᠤ ᠴᠡᠭ ᠭᠠᠷᠭᠠᠬᠤ ᠶᠢᠨ ᠬᠠᠮᠲᠤ ︽ᠲᠠᠯ᠎ᠠ ᠶᠢᠨ ᠰᠠᠬᠢᠭᠴᠢ︾ ᠲᠤᠭᠤᠷᠢᠨ ᠪᠠᠶᠢᠴᠠᠭᠠᠬᠤ ᠠᠩᠬᠢ ᠶᠢ ᠵᠤᠬᠢᠶᠠᠨ ᠪᠠᠶᠢᠭᠤᠯᠬᠤ ᠬᠡᠷᠡᠭᠲᠠᠢ᠃        ᠭᠤᠷᠪᠠ᠂ ᠲᠤᠭᠤᠷᠢᠨ ᠴᠠᠭᠳᠠᠬᠤ ᠠᠵᠢᠯ ᠢ ᠴᠢᠩᠭᠠᠳᠬᠠᠬᠤ ᠬᠡᠷᠡᠭᠲᠠᠢ᠃ ᠬᠤᠲᠠ ᠤᠰᠤ ᠪᠠᠷ ᠨᠢᠭᠡᠴᠡ ᠪᠤᠯᠭᠠᠨ ᠲᠤᠭᠤᠷᠢᠨ ᠴᠠᠭᠳᠠᠬᠤ ᠠᠵᠢᠯ ᠢ ᠥᠷᠨᠢᠭᠦᠯᠵᠦ᠂ ᠭᠠᠳᠠᠨ᠎ᠠ ᠤᠷᠤᠨ ᠤ ᠲᠡᠷᠭᠡ ᠤᠨᠤᠭ᠎ᠠ᠂ ᠬᠦᠮᠦᠨ ᠤ ᠲᠤᠰ ᠬᠤᠲᠠ ᠤᠰᠤᠨ ᠳᠤ ᠤᠷᠤᠵᠤ ᠢᠷᠡᠬᠦ ᠠᠴᠠ ᠴᠢᠩᠭ᠎ᠠ ᠰᠡᠷᠭᠡᠶᠢᠯᠡᠬᠦ ᠶᠢᠨ ᠬᠠᠮᠲᠤ ᠡᠳᠦᠷ ᠪᠥᠷᠢ ᠶᠢᠨ ᠮᠡᠳᠡᠭᠦᠯᠦᠯᠲᠡ  ᠶᠢᠨ ᠳᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠴᠠᠭ ᠳᠤᠬᠠᠢ ᠳᠤ ᠨᠢ ᠰᠤᠮᠤ ᠪᠠᠯᠭᠠᠰᠤᠨ ᠳᠤ ᠮᠡᠳᠡᠭᠦᠯᠬᠦ ᠬᠡᠷᠡᠭᠲᠠᠢ᠃        ᠳᠥᠷᠪᠡ᠂ ᠶᠠᠪᠤᠭᠤᠯ ᠬᠤᠳᠠᠯᠳᠤᠭᠠᠴᠢᠨ ᠤ ᠮᠠᠯᠵᠢᠬᠤ ᠤᠷᠤᠨ ᠪᠠᠷ ᠶᠠᠪᠤᠬᠤ ᠶᠢ ᠡᠷᠡᠰ ᠬᠤᠷᠢᠭᠯᠠᠬᠤ ᠬᠡᠷᠡᠭᠳᠡᠢ᠃ ᠡᠯ᠎ᠡ ᠰᠤᠮᠤ ᠪᠠᠯᠭᠠᠰᠤ ᠨᠢ ︽ᠲᠠᠯ᠎ᠠ ᠶᠢᠨ ᠰᠠᠬᠢᠭᠴᠢ︾ ᠬᠠᠮᠲᠤ ᠪᠠᠷ ᠰᠡᠷᠭᠡᠶᠢᠯᠡᠵᠤ᠂ ᠬᠠᠮᠲᠤ ᠪᠠᠷ ᠡᠵᠡᠮᠳᠡᠬᠦ ᠵᠤᠬᠢᠶᠠᠨ ᠪᠠᠶᠢᠭᠤᠯᠤᠯᠳᠠ᠂ ᠭᠠᠴᠠᠭᠠᠨ ᠤ ᠬᠤᠶᠠᠷ ᠵᠦᠪᠯᠡᠯ ᠤᠨ ᠤᠳᠤᠷᠢᠳᠬᠤ ᠪᠠᠭ ᠪᠤᠯᠤᠨ ᠲᠤᠤᠷᠴᠢᠯᠠᠭᠰᠠᠨ ᠬᠠᠮᠢᠶᠠᠷᠤᠯᠳᠠ ᠶᠢᠨ ᠠᠵᠢᠯᠳᠠᠨ ᠢ ᠵᠤᠬᠢᠶᠠᠨ ᠪᠠᠶᠢᠭᠤᠯᠵᠤ᠂ ᠶᠠᠪᠤᠭᠤᠯ ᠬᠤᠳᠠᠯᠳᠤᠭᠠᠴᠢᠨ ᠤ ᠮᠠᠯᠵᠢᠬᠤ ᠤᠷᠤᠨ ᠢᠶᠠᠷ ᠬᠦᠷᠴᠦ ᠠᠷᠠᠯᠵᠢᠶ᠎ᠠ ᠬᠢᠬᠦ ᠶᠢ ᠴᠢᠩᠭ᠎ᠠ ᠰᠡᠷᠭᠡᠶᠢᠯᠡᠬᠦ ᠬᠡᠷᠡᠭᠳᠡᠢ᠃ ᠮᠠᠯᠵᠢᠬᠤ ᠤᠷᠤᠨ ᠳᠠᠬᠢ ᠮᠠᠯ ᠤᠨ ᠠᠷᠠᠯᠵᠢᠶᠠᠨ ᠤ ᠵᠠᠭᠤᠴᠢᠯᠠᠭᠴᠢᠳ ᠤᠨ ᠪᠠᠶᠢᠳᠠᠯ ᠢ ᠤᠶᠢᠯᠠᠭᠠᠵᠤ᠂ ᠲᠡᠳᠡᠨ ᠤ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠭᠠᠳᠠᠨ᠎ᠠ ᠤᠷᠤᠨ ᠤ ᠮᠠᠯ ᠤᠨ ᠬᠤᠳᠠᠯᠳᠤᠭᠠᠴᠢᠨ ᠲᠠᠢ ᠬᠠᠷᠢᠯᠴᠠᠵᠤ ᠭᠠᠳᠠᠨ᠎ᠠ ᠤᠷᠤᠨ  ᠤ ᠬᠤᠳᠠᠯᠳᠤᠭᠠᠴᠢᠨ ᠢ ᠮᠠᠯᠵᠢᠬᠤ ᠤᠷᠤᠨ ᠳᠤ ᠵᠠᠮᠴᠢᠯᠠᠨ ᠤᠷᠤᠭᠤᠯᠬᠤ ᠦᠭᠡᠢ ᠪᠠᠶᠢᠬᠤ ᠶᠢ ᠱᠠᠭᠠᠷᠳᠠᠬᠤ ᠬᠡᠷᠡᠭᠲᠠᠢ᠃ ᠶᠠᠪᠤᠭᠤᠯ ᠬᠤᠳᠠᠯᠳᠤᠭᠠᠴᠢᠨ ᠢ ᠤᠯᠵᠤ ᠮᠡᠳᠡᠪᠡᠯ ᠲᠠᠷᠤᠶᠢᠬᠠᠨ ᠢᠳᠬᠠᠨ ᠪᠤᠴᠠᠭᠠᠵᠤ᠂ ᠢᠳᠬᠠᠯ ᠢ ᠰᠤᠨᠤᠰᠬᠤ ᠦᠬᠡᠢ ᠮᠠᠯᠵᠢᠬᠤ ᠤᠷᠤᠨ ᠳᠤ ᠤᠷᠤᠪᠠᠯ ᠴᠠᠭ ᠲᠤᠬᠠᠢ ᠳᠤ ᠨᠢ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠳᠤ ᠮᠡᠳᠡᠭᠦᠯᠬᠦ ᠬᠡᠷᠡᠭᠲᠠᠢ ︵ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ 110 ᠵᠢᠯᠤᠭᠤᠳᠬᠤ ᠲᠥᠪ᠄ 110᠂ 6224814︔ ᠪᠠᠶᠠᠨᠳᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ᠄ 13947942555︔ ᠣᠩᠭᠤᠨ ᠠᠭᠤᠯᠠ ᠰᠤᠮᠤᠨ ᠤ ᠲᠤᠮᠢᠯᠠᠭᠰᠠᠨ ᠰᠠᠯᠪᠦᠷᠢ᠄ 13904798647︔ ᠪᠤᠭᠳᠠ ᠶᠢᠨ ᠭᠤᠤᠯ ᠰᠤᠮᠤᠨ  ᠤ ᠲᠤᠮᠢᠯᠠᠭᠰᠠᠨ ᠰᠠᠯᠪᠦᠷᠢ᠄ 13947925042︶᠃                                                              ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ2020 ᠤᠨ ᠤ 3 ᠰᠠᠷᠠᠶᠢᠨ 3 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号