ᠡᠬᠡ ᠤᠷᠤᠨᠴᠢ ᠡᠷᠡᠬᠦᠯ ᠬᠠᠮᠠᠭᠠᠯᠠᠯ ᠤᠨ ᠠᠵᠢᠯᠯᠠᠭ᠎ᠠ ᠳᠤ ᠢᠳᠡᠪᠬᠢᠳᠡᠢ ᠤᠷᠤᠯᠴᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2020-04-14
ᠪᠦᠬᠦ ᠬᠤᠰᠢᠭᠤᠨ ᠤ ᠦᠷᠭᠡᠨ ᠣᠯᠠᠨ ᠲᠦᠮᠡᠨ ᠳᠤ᠄      2020 ᠣᠨ ᠤ ᠲᠦᠷᠪᠡᠳᠦᠭᠡᠷ ᠰᠠᠷ᠎ᠠ ᠪᠣᠯ ᠡᠬᠡ ᠣᠷᠤᠨᠴᠢ ᠡᠷᠡᠬᠦᠯ ᠬᠠᠮᠠᠭᠠᠯᠠᠯ ᠤᠨ ᠪᠦᠬᠦ ᠤᠯᠤᠰ ᠤᠨ ᠭᠤᠴᠢᠨ ᠬᠤᠶᠠᠳᠡᠬᠢ ᠡᠬᠡ ᠣᠷᠤᠨᠴᠢ ᠡᠷᠡᠬᠦᠯ ᠬᠠᠮᠠᠭᠠᠯᠠᠯ ᠤᠨ ᠰᠠᠷ᠎ᠠ ᠪᠤᠯᠤᠨ᠎ᠠ᠃ ᠡᠬᠡ ᠤᠷᠤᠨᠴᠢ ᠡᠷᠡᠬᠦᠯ ᠬᠠᠮᠠᠭᠠᠯᠠᠯ ᠤᠨ ᠰᠢᠯᠢᠳᠡᠭ ᠤᠯᠠᠮᠵᠢᠯᠠᠯ ᠢ ᠰᠠᠶᠢᠲᠤᠷ ᠰᠤᠷᠳᠠᠯᠴᠢᠯᠠᠵᠤ᠂ ᠡᠬᠡ ᠤᠷᠤᠨᠴᠢ ᠡᠷᠡᠬᠦᠯ᠎ᠡ ᠬᠠᠮᠠᠭᠠᠯᠠᠯ ᠢᠶᠠᠷ ᠬᠦᠮᠦᠨ ᠪᠦᠬᠦᠨ ᠳᠤ ᠠᠰᠢᠭ ᠬᠦᠷᠳᠡᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠭᠤᠴᠢᠨ ᠬᠤᠶᠠᠳᠡᠬᠢ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ ᠬᠦᠷᠴᠦ ᠢᠷᠡᠬᠦ ᠲᠠᠰᠢᠷᠠᠮ ᠳᠤ᠂ ᠲᠤᠤᠷᠠᠬᠢ ᠮᠡᠲᠦ ᠰᠠᠨᠠᠭᠠᠴᠢᠯᠠᠪᠠ᠃      ᠨᠢᠭᠡ᠂ ᠥᠪᠡᠷ ᠤᠨ ᠪᠡᠶ᠎ᠡ ᠠᠴᠠ ᠪᠠᠨ ᠡᠬᠢᠯᠡᠨ᠂ ᠣᠷᠴᠢᠨ ᠲᠤᠭᠤᠷᠢᠨ ᠤ ᠴᠡᠭᠴᠡᠯᠡᠨ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠨ᠎ᠠ᠃ ᠰᠢᠨ᠎ᠡ ᠨᠢᠭᠡ ᠡᠭᠡᠯᠵᠢ ᠶᠢᠨ ᠬᠤᠲᠠ ᠬᠦᠳᠡᠭᠡ ᠶᠢᠨ ᠣᠷᠴᠢᠨ ᠲᠤᠭᠤᠷᠢᠨ ᠤ ᠡᠷᠡᠬᠦᠯ ᠬᠠᠮᠠᠭᠠᠯᠠᠯ ᠠᠷᠢᠭᠤᠨ ᠴᠡᠪᠡᠷᠯᠡᠭᠡ ᠶᠢᠨ ᠠᠵᠢᠯᠯᠠᠭ᠎ᠠ ᠡᠬᠢᠯᠡᠪᠡ᠃ ᠬᠤᠲᠠ ᠪᠠᠯᠭᠠᠰᠤᠨ ᠤ ᠡᠵᠡᠨ ᠪᠤᠯᠤᠭᠰᠠᠨ ᠤ ᠬᠤᠪᠢ ᠳᠤ᠂ ᠪᠢᠳᠡ ᠡᠬᠡ ᠤᠷᠤᠨᠴᠢ ᠡᠷᠡᠬᠦᠯ ᠬᠠᠮᠠᠭᠠᠯᠠᠯ ᠤᠨ ᠰᠠᠷ᠎ᠠ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠤᠬᠠᠮᠰᠠᠷ ᠠᠴᠠ ᠪᠠᠨ ᠴᠤᠤᠷᠢᠶᠠᠳᠤᠨ ᠲᠠᠭᠠᠬᠤ ᠬᠡᠷᠡᠭᠳᠡᠢ᠃ ᠬᠤᠪᠢ ᠬᠦᠮᠦᠨ ᠤ ᠠᠮᠢᠳᠤᠷᠠᠯ᠂ ᠠᠵᠢᠯ᠂ ᠰᠤᠷᠤᠯᠴᠠᠯᠭ᠎ᠠ ᠶᠢᠨ ᠣᠷᠴᠢᠨ ᠲᠤᠭᠤᠷᠢᠨ ᠤ ᠠᠷᠢᠭᠤᠨ ᠴᠡᠪᠡᠷ ᠢ ᠪᠠᠳᠤᠯᠠᠵᠤ᠂ ᠳᠤᠷ᠎ᠠ ᠪᠠᠷ ᠬᠤᠭ ᠨᠤᠪᠰᠢ ᠬᠠᠶᠠᠬᠤ ᠦᠬᠡᠢ᠂ ᠳᠤᠷ᠎ᠠ ᠪᠠᠷ ᠲᠡᠷᠭᠡ ᠵᠤᠭᠰᠤᠭᠠᠬᠤ ᠦᠬᠡᠢ᠂ ᠬᠡᠷᠡᠮ ᠬᠠᠨ᠎ᠠ ᠲᠡᠭᠡᠷ᠎ᠡ ᠳᠤᠷ᠎ᠠ ᠪᠠᠷ ᠨᠠᠭᠠᠵᠤ ᠵᠢᠷᠤᠬᠤ ᠦᠬᠡᠢ ᠪᠠᠶᠢᠵᠤ᠂ ᠰᠠᠶᠢᠨ ᠰᠠᠶᠢᠬᠠᠨ ᠬᠤᠪᠢ ᠬᠦᠮᠦᠨ ᠤ ᠳᠠᠳᠬᠠᠯ ᠢ ᠪᠤᠢ ᠪᠤᠯᠭᠠᠶ᠎ᠠ᠃ ᠪᠠᠶᠢᠭᠤᠯᠭ᠎ᠠ ᠨᠢᠭᠡᠴᠡ᠂ ᠨᠡᠶᠢᠭᠡᠮ ᠲᠤᠭᠤᠷᠢᠭ ᠤᠨ ᠵᠤᠬᠢᠶᠠᠨ ᠪᠠᠶᠢᠭᠤᠯᠤᠭᠰᠠᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠴᠡᠪᠡᠷ ᠲᠡᠭᠰᠢ ᠪᠠᠶᠢᠯᠭᠠᠬᠤ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠬᠤᠭ ᠨᠤᠪᠰᠢ᠂ ᠪᠤᠵᠠᠷ ᠤᠰᠤ᠂ ᠦᠨᠴᠦᠭ ᠪᠤᠯᠤᠩ ᠢ ᠴᠡᠪᠡᠷᠯᠡᠬᠦ ᠪᠠ ᠤᠷᠴᠢᠨ ᠲᠤᠭᠤᠷᠢᠨ ᠢ ᠨᠤᠭᠤᠭᠠᠷᠠᠭᠤᠯᠬᠤ ᠵᠡᠷᠭᠡ ︽ᠭᠤᠷᠪᠠ ᠶᠢ ᠴᠡᠪᠡᠷᠯᠡᠵᠦ ᠨᠢᠭᠡ ᠶᠢ ᠨᠤᠭᠤᠭᠠᠷᠠᠭᠤᠯᠬᠤ︾ ᠠᠵᠢᠯᠯᠠᠭ᠎ᠠ ᠳᠤ ᠢᠳᠡᠪᠬᠢᠳᠡᠢ ᠤᠷᠤᠯᠴᠠᠬᠤ ᠬᠡᠷᠡᠭᠳᠡᠢ᠃      ᠬᠤᠶᠠᠷ᠂ ᠮᠠᠭᠤ ᠮᠠᠭᠤᠬᠠᠢ ᠳᠠᠳᠬᠠᠯ ᠢᠶᠠᠨ ᠲᠠᠶᠠᠭᠳᠠᠵᠤ᠂ ᠡᠪᠡᠳᠴᠢᠨ ᠡᠮᠭᠡᠭ ᠢ ᠰᠡᠷᠭᠡᠶᠢᠯᠡᠬᠦ ᠬᠡᠷᠡᠭᠳᠡᠢ᠃ ᠭᠠᠷ ᠢᠶᠠᠨ ᠦᠷᠬᠦᠯᠵᠢ ᠤᠬᠢᠶᠠᠵᠤ᠂ ᠠᠮᠠᠪᠴᠢ ᠵᠡᠬᠦᠵᠦ᠂ ᠦᠷᠬᠦᠯᠵᠢ ᠰᠠᠯᠬᠢ ᠨᠡᠪᠳᠡᠷᠡᠬᠦᠯᠵᠦ᠂ ᠳᠤᠷ᠎ᠠ ᠪᠠᠷ ᠨᠤᠯᠮᠤᠬᠤ ᠦᠬᠡᠢ᠂ ᠬᠠᠨᠢᠶᠠᠵᠤ ᠨᠠᠶᠢᠲᠠᠭᠠᠬᠤ ᠳᠠᠭᠠᠨ ᠬᠠᠨᠴᠤᠢ ᠪᠤᠶᠤ ᠴᠠᠭᠠᠰᠤ ᠪᠠᠷ ᠠᠮᠠ ᠬᠠᠮᠠᠷ ᠢᠶᠠᠨ ᠲᠠᠭᠯᠠᠵᠤ᠂ ᠳᠤᠷ᠎ᠠ ᠪᠠᠷ ᠬᠤᠭ ᠨᠤᠪᠰᠢ ᠬᠠᠶᠠᠬᠤ ᠦᠬᠡᠢ᠂ ᠬᠤᠭ ᠨᠤᠪᠰᠢ ᠶᠢ ᠲᠥᠷᠦᠯ ᠬᠤᠪᠢᠶᠠᠬᠤ ᠶᠢ ᠰᠠᠨᠠᠭᠠᠴᠢᠯᠠᠨ᠂ ᠠᠷᠢᠭᠤᠨ ᠴᠡᠪᠡᠷ ᠵᠤᠷᠯᠤᠩ ᠢ ᠬᠡᠷᠡᠭᠯᠡᠬᠦ ᠶᠢ ᠤᠷᠢᠶᠠᠯᠠᠵᠤ᠂ ᠬᠤᠪᠢ ᠬᠦᠮᠦᠨ ᠤ ᠡᠷᠡᠬᠦᠯ ᠬᠠᠮᠠᠭᠠᠯᠠᠯ ᠢ ᠡᠷᠬᠢᠮᠯᠡᠵᠦ᠂ ᠡᠳᠡᠭᠡᠨ ᠤᠮᠳᠠᠭᠠᠨ ᠢᠶᠠᠨ ᠵᠦᠢ ᠵᠤᠬᠢᠰᠲᠠᠢ ᠲᠣᠬᠢᠷᠠᠭᠤᠯᠵᠤ᠂ ᠬᠤᠪᠢᠶᠠᠨ ᠬᠤᠭᠤᠯᠠᠯᠠᠬᠤ᠂ ᠬᠡᠭᠡᠷ᠎ᠡ ᠶᠢᠨ ᠠᠮᠢᠲᠠᠨ ᠢ ᠢᠳᠡᠬᠦ ᠶᠢ ᠡᠷᠡᠰ ᠲᠡᠪᠴᠢᠬᠦ ᠬᠡᠷᠡᠭᠳᠡᠢ᠃ ᠬᠢᠵᠢᠭᠳᠦ ᠤᠷᠤᠨ ᠤ ᠠᠮᠢᠲᠠᠨ ᠢ ᠳᠤᠷ᠎ᠠ ᠪᠠᠷ ᠠᠩᠨᠠᠵᠤ ᠢᠳᠡᠬᠦ ᠦᠬᠡᠢ᠂ ᠬᠢᠵᠢᠭᠲᠦ ᠤᠷᠤᠨ ᠤ ᠠᠮᠢᠲᠠᠨ ᠵᠢᠴᠢ ᠬᠠᠮᠢᠭ᠎ᠠ ᠪᠦᠬᠦᠢ ᠪᠦᠳᠦᠭᠡᠭᠳᠡᠬᠦᠨ ᠢ ᠬᠢᠵᠢᠭᠲᠦ ᠤᠷᠤᠨ ᠠᠴᠠ ᠠᠪᠴᠦ ᠭᠠᠷᠬᠤ ᠦᠬᠡᠢ᠂ ᠡᠪᠡᠳᠴᠢᠨ ᠢᠶᠠᠷ ᠦᠬᠦᠭᠰᠡᠨ ᠬᠤᠯᠤᠭᠠᠨ᠎ᠠ ᠵᠡᠷᠭᠡ ᠠᠮᠢᠲᠠᠨ᠂ ᠬᠤᠯᠣᠭᠠᠨ᠎ᠠ ᠶᠢᠨ ᠬᠢᠵᠢᠭ ᠤᠨ ᠰᠡᠵᠢᠭᠯᠡᠯᠳᠡᠢ ᠡᠪᠡᠳᠴᠢᠳᠡᠨ᠂ ᠰᠢᠯᠳᠠᠭᠠᠨ ᠨᠢ ᠲᠤᠳᠤᠷᠬᠠᠢ ᠦᠬᠡᠢ ᠦᠨᠳᠦᠷ ᠬᠠᠯᠠᠭᠤᠷᠠᠬᠤ ᠡᠪᠡᠳᠴᠢᠳᠡᠨ ᠪᠠ ᠬᠡᠨᠡᠳᠳᠡ ᠦᠬᠦᠭᠰᠡᠨ ᠡᠪᠡᠳᠴᠢᠳᠡᠨ ᠲᠤᠬᠢᠶᠠᠯᠳᠤᠪᠠᠯ ᠴᠠᠭ ᠲᠤᠬᠠᠢ ᠳᠤ ᠨᠢ ᠲᠡᠭᠡᠭᠰᠢ ᠮᠡᠳᠡᠬᠦᠯᠬᠦ ᠬᠡᠷᠡᠭᠳᠡᠢ᠃      ᠭᠤᠷᠪᠠ᠂ ᠡᠷᠡᠬᠦᠯ ᠰᠠᠷᠠᠭᠤᠯ ᠠᠮᠢᠳᠤᠷᠠᠯ᠂ ᠵᠣᠯ ᠵᠢᠷᠭᠠᠯᠳᠤ ᠢᠷᠡᠭᠡᠳᠦᠢ ᠪᠠᠨ ᠴᠤᠭᠴᠠᠯᠠᠶ᠎ᠠ᠃ ᠬᠤᠭᠤᠯᠠ ᠤᠮᠳᠠ ᠪᠠᠨ ᠵᠤᠬᠢᠰᠲᠠᠢ ᠲᠣᠬᠢᠷᠠᠭᠤᠯᠵᠤ᠂ ᠵᠣᠬᠢᠬᠤ ᠬᠦᠳᠡᠯᠭᠡᠭᠡᠨ ᠬᠢᠵᠤ᠂ ᠰᠡᠳᠬᠢᠯ ᠰᠠᠨᠠᠭ᠎ᠠ ᠪᠠᠨ ᠲᠤᠭᠳᠠᠭᠤᠨ ᠪᠠᠶᠢᠯᠭᠠᠵᠤ᠂ ᠬᠡᠮᠵᠢᠶ᠎ᠡ ᠲᠠᠢ ᠢᠳᠡᠵᠦ ᠤᠤᠭᠤᠨ᠂ ᠤᠨᠳᠠᠵᠤ ᠬᠡᠪᠳᠡᠬᠦ ᠪᠠᠨ ᠲᠤᠬᠢᠷᠠᠭᠤᠯᠵᠤ᠂ ᠬᠦᠳᠡᠯᠭᠡᠭᠡᠨ ᠬᠢᠬᠦ ᠪᠠ ᠨᠠᠮ ᠰᠠᠭᠤᠬᠤ ᠶᠢ ᠤᠶᠠᠯᠳᠤᠭᠤᠯᠵᠤ᠂ ᠦᠪᠡᠷ ᠢ ᠪᠠᠨ ᠡᠷᠡᠬᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠳᠠᠨ ᠪᠤᠯᠭᠠᠵᠤ᠂ ᠪᠤᠯᠪᠠᠰᠤᠨ ᠪᠤᠬᠢᠷᠳᠤᠯ ᠦᠬᠡᠢ ᠡᠷᠡᠬᠦᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠶ᠎ᠠ᠃      ᠪᠦᠬᠦᠳᠡᠭᠡᠷ ᠬᠦᠳᠡᠯᠦᠯᠴᠡᠵᠦ᠂ ᠡᠬᠡ ᠣᠷᠤᠨᠴᠢ ᠡᠷᠡᠬᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠳᠤ ᠤᠷᠤᠯᠴᠠᠵᠤ᠂ ᠬᠢᠵᠢᠭ ᠤᠨ ᠪᠠᠶᠢᠳᠠᠯ ᠢ ᠬᠠᠮᠳᠤᠪᠡᠷ ᠢᠯᠠᠨ ᠲᠠᠪᠠᠵᠤ᠂ ᠪᠦᠬᠦ ᠠᠷᠠᠳ ᠢᠶᠠᠷ ᠢᠶᠠᠨ ᠡᠷᠡᠬᠦᠯ ᠴᠢᠬᠢᠷᠠᠭ᠂ ᠪᠦᠬᠦ ᠲᠠᠯ᠎ᠠ ᠪᠠᠷ ᠴᠢᠨᠠᠭᠡᠯᠢᠭᠵᠢᠬᠦ ᠶᠢ ᠪᠡᠶᠡᠯᠡᠬᠦᠯᠦᠶ᠎ᠡ᠃                                                                          ᠬᠦᠪᠡᠭᠡᠲᠦ ᠰᠢᠷ᠎ᠠ ᠬᠤᠰᠢᠭᠤᠨ ᠤ ᠡᠬᠡ ᠤᠷᠤᠨᠴᠢ ᠡᠷᠡᠬᠦᠯ ᠬᠠᠮᠠᠭᠠᠯᠠᠯ ᠤᠨ ᠵᠥᠪᠯᠡᠯ ᠤᠨ ᠠᠯᠪᠠᠨ ᠭᠡᠷ  ᠬᠦᠪᠡᠭᠡᠲᠦ ᠰᠢᠷ᠎ᠠ ᠬᠤᠰᠢᠭᠤᠨ ᠤ ᠪᠤᠯᠪᠠᠰᠤᠨ ᠤ ᠪᠠᠶᠢᠭᠤᠯᠤᠯᠳᠠ ᠶᠢᠨ ᠵᠥᠪᠯᠡᠯ ᠤᠨ ᠠᠯᠪᠠᠨ ᠭᠡᠷ                        2020 ᠣᠨ ᠤ 4 ᠰᠠᠷ᠎ᠠ ᠶᠢᠨ 13 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号