ᠮᠠᠨ ᠤ ᠣᠷᠤᠨ ᠤ ᠰᠤᠷᠭᠠᠭᠤᠯᠢ ᠡᠬᠢᠯᠡᠵᠦ ᠬᠢᠴᠢᠶᠡᠯᠯᠡᠬᠦ ᠴᠠᠭ ᠲᠤᠭᠳᠠᠯ᠎ᠠ
ᠨᠡᠶᠢᠲᠡᠯᠡᠭᠰᠡᠨ ᠴᠠᠭ᠄
2020-04-23
    ᠦᠪᠡᠷᠲᠡᠭᠡᠨ ᠵᠠᠰᠠᠬᠤ ᠣᠷᠤᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠵᠦᠪᠰᠢᠶᠡᠷᠡᠯ ᠢᠶᠠᠷ᠂ 4 ᠰᠠᠷ᠎ᠠ ᠶᠢᠨ 21 ᠤ ᠡᠳᠦᠷ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ ᠪᠦᠬᠦ ᠤᠷᠤᠨ ᠤ ᠠᠩᠬ᠎ᠠ ᠲᠤᠮᠳᠠᠳᠤ ᠪᠠ ᠦᠨᠳᠦᠷ ᠳᠤᠮᠳᠠᠳᠤ ᠶᠢᠨ ᠭᠤᠷᠪᠠᠳᠤᠭᠠᠷ ᠣᠨ ᠬᠢᠴᠢᠶᠡᠯᠯᠡᠭᠰᠡᠨ ᠤ ᠲᠠᠷᠠᠭᠠᠬᠢ᠂ ᠪᠤᠰᠤᠳ ᠰᠤᠷᠤᠯᠭ᠎ᠠ ᠶᠢᠨ ᠱᠠᠳᠤᠨ ᠤ ᠰᠤᠷᠭᠠᠭᠤᠯᠢ ᠡᠬᠢᠯᠡᠵᠦ ᠬᠢᠴᠢᠶᠡᠯᠡᠯᠬᠦ ᠴᠠᠭ ᠢ ᠲᠤᠤᠷᠠᠬᠢ ᠮᠡᠲᠦ ᠪᠠᠶᠢᠷᠢᠯᠠᠭᠤᠯᠪᠠ᠃     ᠨᠢᠭᠡ᠂ 4 ᠰᠠᠷ᠎ᠠ ᠶᠢᠨ 23 ᠤ ᠡᠳᠦᠷ ᠠᠴᠠ ᠡᠬᠢᠯᠡᠨ᠂ ᠠᠩᠬ᠎ᠠ ᠳᠤᠮᠳᠠᠳᠤ ᠪᠠ ᠦᠨᠳᠦᠷ ᠳᠤᠮᠳᠠᠳᠤ ᠶᠢᠨ ᠨᠢᠭᠡᠳᠦᠭᠡᠷ ᠣᠨ᠂ ᠬᠤᠶᠠᠳᠤᠭᠠᠷ ᠣᠨ ᠪᠤᠯᠤᠨ ᠳᠤᠮᠳᠠ ᠵᠡᠷᠬᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠠᠶᠢᠮᠠᠭ ᠬᠤᠲᠠ ᠶᠢᠨ ᠵᠢᠯᠤᠭᠤᠳᠬᠤ ᠭᠠᠵᠠᠷ ᠠᠴᠠ ᠦᠨᠡᠯᠡᠨ ᠵᠢᠱᠢᠯᠲᠠ ᠬᠢᠵᠤ᠂ ᠪᠠᠷᠢᠮᠵᠢᠶ᠎ᠠ ᠳᠤ ᠬᠦᠷᠦᠭᠰᠡᠨ ᠪᠣᠯ ᠰᠤᠷᠭᠠᠭᠤᠯᠢ ᠡᠬᠢᠯᠡᠵᠦ ᠬᠢᠴᠢᠶᠡᠯᠯᠡᠨ᠎ᠡ᠂ ᠪᠠᠷᠢᠮᠵᠢᠶ᠎ᠡ ᠳᠤ ᠬᠦᠷᠬᠦ ᠦᠬᠡᠢ ᠪᠣᠯ ᠰᠤᠷᠭᠠᠭᠤᠯᠢ ᠡᠬᠢᠯᠡᠵᠦ ᠪᠣᠯᠬᠤ ᠦᠬᠡᠢ᠃     ᠬᠤᠶᠠᠷ᠂ 5 ᠰᠠᠷ᠎ᠠ ᠶᠢᠨ 7 ᠤ ᠡᠳᠦᠷ ᠠᠴᠠ ᠡᠬᠢᠯᠡᠨ᠂ ᠪᠠᠭ᠎ᠠ ᠰᠤᠷᠭᠠᠭᠤᠯᠢ ᠶᠢᠨ ᠲᠡᠭᠡᠷ᠎ᠡ ᠣᠨ ︵ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠣᠨ︶ ᠳᠤ ᠠᠶᠢᠮᠠᠭ ᠬᠤᠲᠠ ᠶᠢᠨ ᠵᠢᠯᠤᠭᠤᠳᠬᠤ ᠭᠠᠵᠠᠷ ᠠᠴᠠ ᠦᠨᠡᠯᠡᠨ ᠵᠢᠱᠢᠯᠲᠠ ᠬᠢᠵᠤ ᠪᠠᠷᠢᠮᠵᠢᠶ᠎ᠠ ᠳᠤ ᠬᠦᠷᠦᠭᠰᠡᠨ ᠪᠣᠯ ᠰᠤᠷᠭᠠᠭᠤᠯᠢ ᠡᠬᠢᠯᠡᠵᠦ ᠬᠢᠴᠢᠶᠡᠯᠯᠡᠨ᠎ᠡ᠃ ᠪᠠᠷᠢᠮᠵᠢᠶ᠎ᠡ ᠳᠤ ᠬᠦᠷᠬᠦ ᠦᠬᠡᠢ ᠪᠣᠯ ᠰᠤᠷᠭᠠᠭᠤᠯᠢ ᠡᠬᠢᠯᠡᠵᠦ ᠪᠣᠯᠬᠤ ᠦᠬᠡᠢ᠃ ᠪᠠᠭ᠎ᠠ ᠰᠤᠷᠭᠠᠭᠤᠯᠢ ᠶᠢᠨ ᠪᠤᠰᠤᠳ ᠣᠨ ᠪᠣᠯᠣᠨ ᠬᠡᠦᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢ ᠡᠯ᠎ᠡ ᠠᠶᠢᠮᠠᠭ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠵᠡᠵᠦ ᠠᠰ ᠲᠤᠨᠢ ᠲᠤᠭᠳᠠᠭᠠᠨ᠎ᠠ᠃     ᠭᠤᠷᠪᠠ᠂ 5 ᠰᠠᠷ᠎ᠠ ᠶᠢᠨ 7 ᠤ ᠡᠳᠦᠷ ᠠᠴᠠ ᠡᠬᠢᠯᠡᠨ᠂ ᠦᠨᠡᠯᠡᠯᠲᠡ ᠬᠢᠬᠦ ᠪᠠᠷ ᠲᠠᠮᠵᠢᠨ ᠰᠤᠷᠭᠠᠭᠤᠯᠢ ᠡᠬᠢᠯᠡᠵᠦ ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶᠠᠨ ᠳᠤ ᠬᠦᠷᠦᠭᠰᠡᠨ ᠶᠡᠭᠡ ᠲᠡᠭᠡᠳᠦ ᠰᠤᠷᠭᠠᠭᠤᠯᠢ ᠶᠢᠨ ᠲᠡᠬᠦᠰᠬᠦ ᠣᠨ ︵ᠲᠡᠭᠡᠳᠦ ᠵᠡᠷᠭᠡ ᠶᠢᠨ ᠠᠵᠢᠯ ᠮᠡᠷᠭᠡᠵᠢᠯ ᠪᠠ ᠵᠢᠩᠬᠢᠨᠢ ᠠᠩᠭᠢ᠂ ᠠᠰᠫᠢᠷᠠᠨᠲ᠂ ᠳ᠋ᠣᠺᠲ᠋ᠣᠷ ᠢ ᠪᠠᠭᠲᠠᠭᠠᠨ᠎ᠠ︶ ᠵᠢᠴᠢ ᠤᠯᠤᠰ ᠤᠨ ᠲᠤᠳᠤᠭᠠᠳᠤ ᠶᠢᠨ ᠳᠤᠮᠳᠠ ᠦᠨᠳᠦᠷ ᠲᠠᠰ ᠤᠨ ᠲᠦᠭᠰᠢᠬᠦᠷᠢ ᠪᠦᠬᠦᠢ ᠭᠠᠵᠠᠷ ᠣᠷᠤᠨ ᠪᠠ ᠪᠤᠰᠤᠳ ᠬᠢᠯᠢ ᠶᠢᠨ ᠭᠠᠳᠠᠨ᠎ᠠ ᠠᠴᠠ ᠤᠷᠤᠵᠤ ᠢᠷᠡᠬᠦ ᠲᠦᠭᠰᠢᠬᠦᠷᠢ ᠶᠡᠬᠡᠳᠡᠢ ᠭᠠᠵᠠᠷ ᠤᠷᠤᠨ ᠠᠴᠠ ᠰᠤᠷᠤᠭᠴᠢ ᠶᠢᠨ ᠢᠷᠡᠯᠲᠡ ᠲᠠᠢ ᠶᠡᠭᠡ ᠲᠡᠭᠡᠳᠦ ᠰᠤᠷᠭᠠᠭᠤᠯᠢ ᠴᠠᠭ ᠠᠯᠤᠰᠯᠠᠵᠤ ᠬᠢᠴᠢᠴᠶᠡᠯᠯᠡᠬᠦ ᠶᠢ ᠤᠷᠢᠳᠠᠪᠡᠷ ᠬᠡᠷᠡᠭᠵᠢᠬᠦᠯᠦᠨ᠎ᠡ᠃ 5 ᠰᠠᠷ᠎ᠠ ᠶᠢᠨ 13 ᠤ ᠡᠳᠦᠷ ᠠᠴᠠ ᠡᠬᠢᠯᠡᠨ᠂ ᠦᠨᠡᠯᠡᠨ ᠵᠢᠱᠢᠯᠲᠠ ᠪᠠᠷ ᠳᠠᠮᠵᠢᠨ ᠰᠤᠷᠭᠠᠭᠤᠯᠢ ᠡᠬᠢᠯᠡᠵᠦ ᠬᠢᠴᠢᠶᠡᠯᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ ᠶᠡᠭᠡ ᠲᠡᠭᠡᠳᠦ ᠰᠤᠷᠭᠠᠭᠤᠯᠢ ᠨᠢ ᠪᠤᠰᠤᠳ ᠣᠨ ᠤ ᠬᠢᠴᠢᠶᠡᠯᠯᠡᠬᠦ ᠶᠢ ᠲᠣᠬᠢᠷᠠᠭᠤᠯᠵᠤ ᠪᠣᠯᠣᠨ᠎ᠠ᠃ ᠡᠬᠦᠨ ᠳᠤ᠂ ᠦᠪᠡᠷᠳᠡᠭᠡᠨ ᠵᠠᠰᠠᠬᠤ ᠣᠷᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢ ᠰᠤᠷᠭᠠᠨ ᠬᠦᠮᠦᠵᠢᠯ ᠤᠨ ᠳᠢᠩᠬᠢᠮ ᠠᠴᠠ ᠵᠤᠬᠢᠶᠠᠨ ᠪᠠᠶᠢᠭᠤᠯᠤᠨ ᠦᠨᠡᠯᠡᠨ ᠵᠢᠱᠢᠯᠲᠠ ᠬᠢᠵᠤ᠂ ᠠᠶᠢᠮᠠᠭ ᠬᠤᠲᠠ ᠳᠤ ᠬᠠᠷᠢᠶᠠᠯᠠᠭᠳᠠᠵᠤ ᠪᠦᠬᠦᠢ ᠶᠡᠭᠡ ᠲᠡᠭᠡᠳᠦ ᠰᠤᠷᠭᠠᠭᠤᠯᠢ ᠶᠢ ᠠᠶᠢᠮᠠᠭ ᠬᠤᠲᠠ ᠶᠢᠨ ᠵᠠᠰᠠᠭ ᠤᠨ ᠣᠷᠳᠤᠨ ᠠᠴᠠ ᠵᠤᠬᠢᠶᠠᠨ ᠪᠠᠶᠢᠭᠤᠯᠤᠨ ᠦᠨᠡᠯᠡᠨ ᠵᠢᠱᠢᠯᠲᠠ ᠬᠢᠨ᠎ᠡ᠃      ᠲᠥᠷᠪᠡ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠦᠮᠦᠵᠢᠯ ᠤᠨ ᠪᠤᠯᠪᠠᠰᠤᠷᠠᠯ ᠤᠨ ᠪᠠᠶᠢᠭᠤᠯᠤᠮᠵᠢ ᠨᠢ ᠲᠤᠬᠠᠢ ᠶᠢᠨ ᠭᠠᠵᠠᠷ ᠤᠨ ᠲᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠪᠦᠬᠦᠨ ᠢᠶᠠᠷ ᠢᠶᠠᠨ ᠰᠤᠷᠭᠠᠭᠤᠯᠢ ᠡᠬᠢᠯᠡᠬᠦ ᠠᠴᠠ ᠡᠮᠦᠨ᠎ᠡ᠂ ᠰᠦᠯᠵᠢᠶᠡᠨ ᠠᠴᠠ ᠭᠠᠳᠠᠨᠡᠬᠢ ᠪᠤᠯᠪᠠᠰᠤᠷᠠᠯ ᠵᠢᠴᠢ ᠦᠢᠯᠡᠴᠢᠯᠡᠭᠡ ᠥᠷᠨᠢᠬᠦᠯᠵᠦ ᠪᠣᠯᠬᠤ ᠦᠬᠡᠢ᠃      ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠰᠤᠷᠭᠠᠨ ᠬᠦᠮᠦᠵᠢᠯ ᠤᠨ ᠶᠠᠮᠤᠨ ᠤ ︽ᠬᠢᠵᠢᠭ ᠤᠨ ᠪᠠᠶᠢᠳᠠᠯ ᠢ ᠪᠦᠳᠦᠮᠵᠢᠳᠠᠢ ᠡᠵᠡᠮᠳᠡᠬᠦ ᠠᠴᠠ ᠡᠮᠦᠨ᠎ᠡ ᠰᠤᠷᠭᠠᠭᠤᠯᠢ ᠡᠬᠢᠯᠡᠬᠦ ᠦᠬᠡᠢ᠂ ᠰᠤᠷᠭᠠᠭᠤᠯᠢ ᠶᠢᠨ ᠰᠡᠷᠭᠡᠶᠢᠯᠡᠨ ᠡᠵᠡᠮᠳᠡᠬᠦ ᠦᠨᠳᠦᠰᠦᠨ ᠨᠦᠭᠦᠴᠡᠯ ᠪᠦᠷᠢᠯᠳᠦᠭᠰᠡᠨ ᠦᠬᠡᠢ ᠪᠣᠯ ᠰᠤᠷᠭᠠᠭᠤᠯᠢ ᠡᠬᠢᠯᠡᠬᠦ ᠦᠬᠡᠢ᠂ ᠪᠠᠭᠰᠢ ᠰᠤᠷᠤᠭᠴᠢ ᠪᠤᠯᠤᠨ ᠰᠤᠷᠭᠠᠭᠤᠯᠢ ᠶᠢᠨ ᠬᠦᠷᠢᠶᠡᠨ ᠤ ᠣᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠠᠮᠤᠷ ᠲᠥᠪᠰᠢᠨ ᠢ ᠦᠨᠡᠨᠬᠦ ᠪᠠᠳᠤᠯᠠᠵᠤ ᠳᠡᠶᠢᠯᠬᠦ ᠦᠬᠡᠢ ᠪᠣᠯ ᠰᠤᠷᠭᠠᠭᠤᠯᠢ ᠡᠬᠢᠯᠡᠬᠦ ᠦᠬᠡᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠢ ᠪᠠᠷᠢᠮᠲᠠᠯᠠᠨ᠂ ᠰᠤᠷᠭᠠᠭᠤᠯᠢ ᠶᠢᠨ ᠰᠤᠷᠭᠠᠭᠤᠯᠢ ᠡᠬᠢᠯᠡᠵᠦ ᠬᠢᠴᠢᠶᠡᠯᠯᠡᠬᠦ ᠪᠡᠯᠡᠳᠬᠡᠯ ᠠᠵᠢᠯ ᠢ ᠬᠢᠨᠠᠮᠠᠭᠠᠢ ᠵᠤᠬᠢᠶᠠᠨ ᠪᠠᠶᠢᠭᠤᠯᠤᠨ ᠪᠠᠶᠢᠴᠠᠭᠠᠵᠤ ᠦᠨᠡᠯᠡᠨ ᠵᠢᠱᠢᠵᠦ᠂ ᠨᠦᠬᠦᠴᠡᠯ ᠪᠦᠷᠢᠯᠳᠦᠬᠦᠯᠦᠭᠰᠡᠨ ᠪᠣᠯ ᠬᠤᠭᠤᠴᠠᠭ᠎ᠠ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠡᠬᠢᠯᠡᠬᠦᠯᠵᠦ᠂ ᠨᠦᠬᠦᠴᠡᠯ ᠪᠦᠷᠢᠯᠳᠦᠬᠦᠯᠦᠭᠰᠡᠨ ᠦᠬᠡᠢ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠶᠢ ᠡᠷᠡᠰ ᠵᠥᠪᠰᠢᠶᠡᠷᠡᠵᠦ ᠪᠣᠯᠬᠤ ᠦᠬᠡᠢ᠃ ᠡᠯ᠎ᠡ ᠱᠠᠳᠤᠨ ᠤ ᠡᠯ᠎ᠡ ᠲᠥᠷᠦᠯ ᠤᠨ ᠰᠤᠷᠭᠠᠭᠤᠯᠢ ᠶᠢᠨ ᠬᠢᠯᠢ ᠶᠢᠨ ᠭᠠᠳᠠᠨ᠎ᠠ ᠪᠠᠶᠢᠭ᠎ᠠ ᠪᠠᠭᠰᠢ ᠰᠤᠷᠤᠭᠴᠢᠳ ᠴᠦᠮ ᠰᠤᠷᠭᠠᠭᠤᠯᠢ ᠳᠠᠭᠠᠨ ᠪᠤᠴᠠᠵᠤ ᠪᠣᠯᠬᠤ ᠦᠬᠡᠢ᠃ ᠬᠤᠪᠸᠢ ᠮᠤᠵᠢ ᠪᠤᠯᠤᠨ ᠤᠯᠤᠰ ᠤᠨ ᠲᠤᠳᠤᠭᠠᠳᠤ ᠶᠢᠨ ᠳᠤᠮᠳᠠ᠂ ᠥᠨᠳᠦᠷ ᠲᠠᠰ ᠤᠨ ᠲᠦᠭᠰᠢᠭᠦᠷᠢ ᠲᠠᠢ ᠭᠠᠵᠠᠷ ᠠᠴᠠ ᠰᠤᠷᠭᠠᠭᠤᠯᠢ ᠳᠤ ᠪᠠᠨ ᠪᠤᠴᠠᠭᠰᠠᠨ ᠪᠠᠭᠰᠢ ᠰᠤᠷᠤᠭᠴᠢᠳ ᠬᠠᠮᠢᠭ᠎ᠠ ᠪᠦᠬᠦᠢ ᠲᠤᠭᠳᠠᠭᠠᠯ ᠶᠤᠰᠤᠭᠠᠷ ᠲᠤᠰᠠᠭᠠᠷᠯᠠᠬᠤ ᠪᠠ ᠪᠦᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠳᠡᠢ᠃ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤ ᠪᠠ ᠪᠤᠰᠤᠳ ᠬᠢᠯᠢ ᠶᠢᠨ ᠭᠠᠳᠠᠨ᠎ᠠ ᠠᠴᠠ ᠡᠪᠡᠳᠴᠢᠨ ᠬᠠᠯᠳᠠᠪᠦᠷᠢᠯᠠᠬᠤ ᠲᠦᠭᠰᠢᠬᠦᠷᠢ ᠶᠡᠬᠡᠳᠡᠢ ᠭᠠᠵᠠᠷ ᠣᠷᠤᠨ ᠳᠤ ᠠᠶᠢᠮᠠᠭ ᠬᠤᠲᠠ ᠶᠢᠨ ᠵᠠᠰᠠᠭ ᠤᠨ ᠣᠷᠳᠤᠨ ᠠᠴᠠ ᠰᠢᠨᠵᠢᠯᠡᠬᠦ ᠤᠬᠠᠭᠠᠨᠴᠢ ᠰᠤᠳᠤᠯᠤᠨ ᠮᠠᠭᠠᠳᠯᠠᠯᠲᠠ ᠬᠢᠵᠤ ᠪᠠᠶᠢᠭᠠᠳ ᠰᠤᠷᠭᠠᠭᠤᠯᠢ ᠡᠬᠢᠯᠡᠬᠦ ᠴᠠᠭ ᠢ ᠲᠤᠭᠳᠠᠭᠠᠨ᠎ᠠ᠃
 
ᠢᠷᠡᠯᠲᠡ᠄ ᠥᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号