ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/4/29
                        ᠠᠯᠪᠠᠨ ᠵᠠᠷᠯᠠᠯ                   ︵ᠬᠤᠷᠢᠨ ᠬᠤᠶᠠᠳᠤᠭᠠᠷ ᠲᠤᠭᠠᠲᠦ︶       ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠰᠡᠷᠭᠡᠶᠢᠯᠡᠨ ᠡᠵᠡᠮᠳᠡᠬᠦ ᠵᠢᠯᠤᠭᠤᠳᠬᠤ ᠲᠥᠪ ᠤᠨ ᠠᠵᠢᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ︽ᠭᠠᠳᠠᠨ᠎ᠠ ᠠᠴᠠ ᠨᠠᠪᠴᠢᠨ ᠤᠷᠤᠬᠤ ᠶᠢ ᠰᠡᠷᠭᠡᠶᠢᠯᠡᠵᠦ᠂ ᠲᠤᠳᠤᠭᠠᠳᠤ ᠳᠤ ᠲᠠᠬᠢᠨ ᠢᠯᠡᠷᠡᠬᠦ ᠶᠢ ᠰᠡᠷᠭᠡᠶᠢᠯᠡᠬᠦ︾ ᠠᠵᠢᠯ ᠢ ᠤᠨᠤᠪᠴᠢᠳᠠᠢ ᠠᠳᠬᠤᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠤᠯᠠᠨ ᠲᠦᠮᠡᠨ ᠤ ᠠᠮᠤᠷ ᠲᠥᠪᠰᠢᠨ᠂ ᠡᠷᠡᠬᠦᠯ ᠮᠠᠨᠳᠦ ᠶᠢ ᠦᠨᠡᠨᠬᠦ ᠪᠠᠳᠤᠯᠠᠵᠤ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠢᠳᠪᠦᠷᠢᠳᠦ ᠳᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠬᠤ ᠶᠢᠨ ᠲᠤᠯᠠᠳᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠦᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠲᠥᠷᠢᠮ ᠲᠤᠭᠳᠠᠭᠠᠯ ᠢ ᠦᠨᠳᠦᠰᠦᠯᠡᠵᠦ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠣᠳᠤᠬᠠᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠵᠤ᠂ ᠳᠤᠤᠷᠠᠬᠢ ᠬᠠᠮᠢᠭ᠎ᠠ ᠪᠦᠬᠦᠢ ᠵᠦᠢᠯ ᠢ ᠵᠠᠷᠯᠠᠪᠠ᠃       ᠨᠢᠭᠡ᠂ ᠲᠤᠰ ᠡᠳᠦᠷ ᠠᠴᠠ ᠡᠬᠢᠯᠡᠨ᠂ ᠮᠠᠨ ᠤ ᠬᠤᠰᠢᠭᠤᠨ ᠳᠤ ᠢᠷᠡᠭᠰᠡᠨ ᠬᠠᠷᠠᠮᠦ᠋ᠷᠡᠨ ᠮᠤᠵᠢ ᠶᠢᠨ ᠬᠠᠷᠪᠢᠨ ᠬᠤᠲᠠ᠂ ᠮᠦᠳᠠᠨᠵᠢᠶᠠᠩ ᠬᠤᠳᠠ᠂ ᠰᠦᠢᠹᠧᠨᠨᠾᠧ ᠬᠤᠲᠠ ᠵᠡᠷᠭᠡ ᠬᠢᠵᠢᠭ ᠤᠨ ᠪᠠᠶᠢᠳᠠᠯ ᠨᠡᠯᠢᠶᠡᠳ ᠬᠦᠨᠳᠦ ᠪᠠᠶᠢᠭ᠎ᠠ ᠭᠠᠵᠠᠷ ᠤᠷᠤᠨ ᠢᠶᠠᠷ ᠠᠶᠠᠯᠠᠵᠤ ᠰᠠᠭᠤᠷᠢᠰᠢᠭᠰᠠᠨ ᠦᠩᠭᠡᠷᠡᠯᠳᠡ ᠲᠠᠢ ᠬᠦᠮᠦᠰ ᠲᠤ ︽ᠵᠢᠷᠭᠤᠭᠠᠨ ᠡᠷᠭᠡᠪᠰᠢ︾ ᠶᠢᠨ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠬᠦᠯᠦᠨ᠎ᠡ᠃ ᠲᠤᠬᠠᠶᠢᠯᠠᠪᠠᠯ᠄ ᠲᠡᠭᠡᠷᠡᠬᠢ ᠦᠩᠭᠡᠷᠡᠯᠲᠡ ᠲᠠᠢ ᠬᠦᠮᠦᠨ ᠪᠦᠷᠢ ᠳᠤ ᠡᠷᠡᠬᠦᠯ ᠮᠡᠨᠳᠦ ᠶᠢᠨ ᠮᠡᠳᠡᠬᠦᠯᠦᠯᠳᠡ ᠶᠢᠨ ᠪᠢᠴᠢᠭ ᠢ ᠣᠯᠭᠤᠵᠤ᠂ ᠡᠷᠡᠬᠦᠯ ᠮᠡᠨᠳᠦ ᠶᠢᠨ ᠪᠠᠶᠢᠳᠠᠯ  ᠤᠨ ᠠᠰᠠᠭᠤᠨ ᠡᠮᠴᠢᠯᠡᠭᠡ ᠬᠢᠵᠤ᠂ ᠡᠷᠡᠬᠦᠯ ᠮᠡᠨᠳᠦ ᠶᠢᠨ ᠨᠡᠪᠳᠡᠷᠡᠬᠦ ᠺᠣᠲ ᠤᠨ ᠰᠤᠷᠠᠭ ᠵᠠᠩᠬᠢ ᠳᠤ ᠰᠢᠯᠭᠠᠨ ᠪᠠᠶᠢᠴᠠᠭᠠᠯᠳᠠ ᠬᠢᠵᠤ᠂ ᠪᠦᠭᠡᠮ ᠬᠦᠴᠢᠯ ᠤᠨ ᠪᠠᠶᠢᠴᠠᠭᠠᠯᠳᠠ ᠬᠢᠵᠤ᠂ ᠨᠡᠶᠢᠭᠡᠮ ᠲᠤᠭᠤᠷᠢᠭ ᠠᠴᠠ ᠨᠢᠭᠡᠳᠦᠯᠳᠡᠢ ᠬᠠᠮᠢᠶᠠᠷᠤᠯᠳᠠ ᠬᠢᠵᠤ᠂ ᠲᠥᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠬᠢᠨ᠎ᠡ ︵ᠲᠥᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠤᠭᠤᠴᠠᠭ᠎ᠠ ᠨᠢ 14 ᠡᠳᠦᠷ ᠪᠠᠶᠢᠵᠤ᠂ ᠲᠤᠰ ᠬᠤᠭᠤᠴᠠᠭᠠᠨ ᠳᠠᠬᠢ ᠪᠦᠬᠦᠶᠢᠯᠡ ᠵᠠᠷᠤᠳᠠᠯ ᠮᠦᠩᠬᠦ ᠶᠢ ᠬᠤᠪᠢ ᠬᠦᠮᠦᠨ ᠦᠪᠡᠷᠳᠡᠭᠡᠨ ᠬᠠᠷᠢᠭᠤᠴᠠᠨ᠎ᠠ︶᠃        ᠬᠤᠶᠠᠷ᠂ ᠲᠤᠰ ᠡᠳᠦᠷ ᠠᠴᠠ ᠡᠬᠢᠯᠡᠨ᠂ ᠮᠠᠨ ᠤ ᠬᠤᠰᠢᠭᠤᠨ ᠳᠤ ᠢᠷᠡᠭᠰᠡᠨ ᠬᠠᠷᠠᠮᠦ᠋ᠷᠡᠨ ᠮᠤᠵᠢ ᠶᠢᠨ ᠪᠤᠰᠤᠳ ᠬᠤᠲᠠ ᠪᠤᠯᠤᠨ ᠬᠤᠪᠸᠢ ᠮᠣᠵᠢ ᠪᠠᠷ ᠠᠶᠠᠯᠠᠵᠤ ᠰᠠᠭᠤᠷᠢᠰᠢᠭᠰᠠᠨ ᠦᠩᠭᠡᠷᠡᠯᠳᠡ ᠲᠠᠢ ᠬᠦᠮᠦᠰ ᠲᠤ ︽ᠲᠠᠪᠤᠨ ᠡᠷᠬᠡᠪᠰᠢ︾ ᠶᠢᠨ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠬᠦᠯᠦᠨ᠎ᠡ᠃ ᠲᠤᠬᠠᠶᠢᠯᠠᠪᠠᠯ᠄ ᠬᠦᠮᠦᠨ ᠪᠦᠷᠢ ᠳᠤ ᠡᠷᠡᠬᠦᠯ ᠮᠡᠨᠳᠦ ᠶᠢᠨ ᠮᠡᠳᠡᠬᠦᠯᠦᠯᠳᠡ ᠶᠢᠨ ᠪᠢᠴᠢᠭ ᠢ ᠣᠯᠭᠤᠵᠤ᠂ ᠡᠷᠡᠬᠦᠯ ᠮᠡᠨᠳᠦ ᠶᠢᠨ ᠪᠠᠶᠢᠳᠠᠯ  ᠤᠨ ᠠᠰᠠᠭᠤᠨ ᠡᠮᠴᠢᠯᠡᠭᠡ ᠬᠢᠵᠤ᠂ ᠡᠷᠡᠬᠦᠯ ᠮᠡᠨᠳᠦ ᠶᠢᠨ ᠨᠡᠪᠳᠡᠷᠡᠬᠦ ᠺᠣᠲ ᠤᠨ ᠰᠤᠷᠠᠭ ᠵᠠᠩᠬᠢ ᠳᠤ ᠰᠢᠯᠭᠠᠨ ᠪᠠᠶᠢᠴᠠᠭᠠᠯᠲᠠ ᠬᠢᠵᠤ᠂ ᠪᠦᠭᠡᠮ ᠬᠦᠴᠢᠯ ᠤᠨ ᠪᠠᠶᠢᠴᠠᠭᠠᠯᠳᠠ ᠬᠢᠵᠤ᠂ ᠨᠡᠶᠢᠭᠡᠮ ᠲᠤᠭᠤᠷᠢᠭ ᠠᠴᠠ ᠨᠢᠭᠡᠳᠦᠯᠳᠡᠢ ᠬᠠᠮᠢᠶᠠᠷᠤᠯᠳᠠ ᠬᠢᠨ᠎ᠡ ︵ᠭᠡᠷ ᠲᠡᠭᠡᠨ 14 ᠡᠳᠦᠷ ᠲᠤᠰᠭᠠᠷᠯᠠᠨ ᠠᠵᠢᠭᠯᠠᠯᠳᠠ ᠬᠢᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ︶᠃ ᠮᠠᠨ ᠤ ᠬᠤᠰᠢᠭᠤᠨ ᠳᠤ ᠢᠷᠡᠭᠰᠡᠨ ᠬᠠᠷᠠᠮᠦ᠋ᠷᠡᠨ ᠮᠤᠵᠢ ᠶᠢᠨ ᠪᠤᠰᠤᠳ ᠬᠤᠲᠠ ᠪᠤᠯᠤᠨ ᠬᠤᠪᠸᠢ ᠮᠣᠵᠢ ᠪᠠᠷ ᠠᠶᠠᠯᠠᠵᠤ ᠰᠠᠭᠤᠷᠢᠰᠢᠭᠰᠠᠨ ᠦᠩᠭᠡᠷᠡᠯᠳᠡ ᠲᠠᠢ ᠬᠦᠮᠦᠰ ᠤᠨ ᠡᠷᠡᠬᠦᠯ ᠮᠡᠨᠳᠦ ᠶᠢᠨ ᠨᠠᠪᠳᠡᠷᠡᠬᠦ ᠺᠣᠲ ᠨᠢ ᠰᠢᠷ᠎ᠠ ᠪᠤᠶᠤ ᠤᠯᠠᠭᠠᠨ ᠥᠩᠭᠡᠲᠡᠢ ᠪᠣᠯ᠂ ᠡᠷᠬᠡᠪᠰᠢ 14 ᠡᠳᠦᠷ ᠲᠥᠪᠯᠡᠷᠡᠬᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠬᠡᠷᠡᠭᠳᠡᠢ ᠪᠦᠬᠡᠳ ᠲᠤᠰ ᠬᠤᠭᠤᠴᠠᠭᠠᠨ ᠳᠠᠬᠢ ᠵᠠᠷᠤᠳᠠᠯ ᠮᠦᠩᠬᠦ ᠶᠢ ᠬᠤᠪᠢ ᠬᠦᠮᠦᠨ ᠦᠪᠡᠷᠲᠡᠭᠡᠨ ᠬᠠᠷᠢᠭᠤᠴᠠᠨ᠎ᠠ᠃        ᠭᠤᠷᠪᠠ᠂ ᠬᠡᠷᠪᠡ ᠬᠤᠪᠸᠢ ᠮᠤᠵᠢ᠂ ᠬᠠᠷᠠᠮᠦ᠋ᠷᠡᠨ ᠮᠤᠵᠢ ᠠᠴᠠ ᠪᠤᠴᠠᠵᠤ ᠢᠷᠡᠬᠦ ᠲᠦᠯᠦᠪᠯᠡᠭᠡ ᠲᠠᠢ ᠪᠣᠯ ᠡᠷᠬᠡᠪᠰᠢ ᠦᠪᠡᠷ ᠤᠨ ᠬᠠᠷᠢᠶᠠᠯᠠᠭᠳᠠᠬᠤ ᠨᠡᠶᠢᠭᠡᠮ ᠲᠤᠭᠤᠷᠢᠭ ᠭᠠᠴᠠᠭ᠎ᠠ ᠪᠤᠶᠤ ᠠᠯᠪᠠᠨ ᠪᠠᠶᠢᠭᠤᠯᠭ᠎ᠠ ᠠᠵᠤ ᠠᠬᠤᠶᠢᠯᠠᠯ ᠲᠠᠢ ᠤᠷᠢᠳᠴᠢᠯᠠᠨ ᠬᠠᠷᠢᠯᠴᠠᠬᠤ ᠬᠡᠷᠡᠭᠳᠡᠢ᠃ ᠨᠡᠶᠢᠭᠡᠮ ᠲᠤᠭᠤᠷᠢᠭ ᠭᠠᠴᠠᠭ᠎ᠠ ᠪᠤᠶᠤ ᠠᠯᠪᠠᠨ ᠪᠠᠶᠢᠭᠤᠯᠭ᠎ᠠ ᠠᠵᠤ ᠠᠬᠤᠶᠢᠯᠠᠯ ᠨᠢ ᠡᠷᠬᠡᠪᠰᠢ ᠤᠷᠢᠳᠴᠢᠯᠠᠨ ᠬᠤᠰᠢᠭᠤ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠳᠤ ᠮᠡᠳᠡᠬᠦᠯᠬᠦ ᠬᠡᠷᠡᠭᠳᠡᠢ᠃ ᠬᠤᠯᠪᠤᠭᠳᠠᠯ ᠪᠦᠬᠦᠢ ᠬᠦᠮᠦᠰ ᠨᠢ ᠬᠦᠷᠴᠦ ᠢᠷᠡᠭᠰᠡᠨ ᠲᠠᠷᠡ ᠲᠠᠷᠤᠢ ᠦᠪᠡᠷ ᠤᠨ ᠢᠷᠡᠭᠰᠡᠨ ᠢᠶᠠᠨ ᠮᠡᠳᠡᠭᠳᠡᠵᠦ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ ᠪᠠᠶᠢᠴᠠᠭᠠᠨ ᠰᠢᠯᠭᠠᠬᠤ᠂ ᠲᠤᠰᠠᠭᠠᠷᠯᠠᠨ ᠠᠵᠢᠭᠯᠠᠯᠳᠠ ᠬᠢᠬᠦ ᠵᠡᠷᠭᠡ ᠬᠠᠮᠢᠶᠠᠷᠤᠯᠲᠠ ᠶᠢᠨ ᠠᠵᠢᠯ ᠲᠠᠢ ᠢᠳᠡᠪᠬᠢᠳᠡᠢ ᠬᠠᠮᠵᠢᠯᠴᠠᠬᠤ ᠬᠡᠷᠡᠭᠳᠡᠢ᠃        ᠲᠦᠷᠪᠡ᠂ ᠬᠤᠰᠢᠭᠤᠨ ᠤ ᠡᠯ᠎ᠡ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠠᠵᠢᠯᠳᠠᠨ ᠤ ᠪᠠᠨ ᠬᠠᠮᠢᠶᠠᠷᠤᠯᠳᠠ ᠶᠢ ᠰᠠᠶᠢᠲᠤᠷ ᠬᠢᠵᠤ᠂ ᠬᠤᠪᠸᠢ ᠮᠤᠵᠢ᠂ ᠬᠠᠷᠠᠮᠦ᠋ᠷᠡᠨ ᠮᠤᠵᠢ ᠵᠡᠷᠭᠡ ᠭᠠᠵᠠᠷ ᠤᠷᠤᠨ  ᠢᠶᠠᠷ ᠠᠶᠠᠯᠠᠵᠤ ᠰᠠᠭᠤᠷᠢᠰᠢᠭᠰᠠᠨ ᠦᠩᠭᠡᠷᠡᠯᠳᠠ ᠲᠠᠢ ᠬᠦᠮᠦᠨ ᠪᠠᠶᠢᠪᠠᠯ᠂ ᠲᠠᠷᠤᠶᠢᠬᠠᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠬᠤᠰᠢᠭᠤ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠳᠡᠰ ᠤᠨ ᠨᠠᠶᠢᠭᠡᠮ ᠤᠨ ᠬᠠᠮᠢᠶᠠᠷᠤᠯᠳᠠ ᠶᠢᠨ ᠲᠤᠭᠤᠶᠢᠯᠠᠩ ᠪᠤᠯᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠳᠤ ᠮᠡᠳᠡᠬᠦᠯᠬᠦ ᠬᠡᠷᠡᠭᠳᠡᠢ᠃ ᠡᠯ᠎ᠡ ᠰᠤᠮᠤ ᠪᠠᠯᠭᠠᠰᠤ ᠨᠢ ᠤᠯᠠᠨ ᠲᠦᠮᠡᠨ ᠢ ᠲᠠᠶᠢᠴᠢᠯᠠᠨ᠂ ᠬᠠᠮᠳᠤ ᠪᠠᠷ ᠢᠶᠠᠨ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠦᠪᠡᠷ ᠤᠨ ᠠᠶᠠᠯᠠᠵᠤ ᠰᠠᠭᠤᠷᠢᠰᠢᠭᠰᠠᠨ ᠦᠩᠭᠡᠷᠡᠯᠳᠡ ᠪᠠᠨ ᠵᠤᠷᠢᠭᠤᠳᠠ ᠨᠢᠭᠤᠨ ᠳᠠᠯᠳᠠᠯᠠᠭᠰᠠᠳ ᠢ ᠲᠠᠷᠤᠶᠢᠬᠠᠨ ᠢᠯᠡᠴᠢᠯᠡᠨ ᠮᠡᠳᠡᠬᠦᠯᠬᠦ ᠬᠡᠷᠡᠭᠳᠡᠢ ︵ᠬᠤᠰᠢᠭᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠄ 0479 —6224814︔ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ᠄ 0479 —6222994︔ ᠰᠢᠨᠠᠪᠤᠯᠠᠭ ᠪᠠᠯᠭᠠᠰᠤᠨ ᠤ ᠲᠤᠳᠤᠭᠠᠳᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ᠄ 0479 —6222221︶᠃ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠠᠩᠭᠢᠯᠠᠭ᠎ᠠ ᠶᠢᠨ ᠴᠢᠭ ᠲᠤ ︽ᠡᠯᠧᠺᠲᠷᠤᠨ ᠬᠤᠷᠢᠭ᠎ᠠ︾ ᠲᠣᠬᠢᠷᠠᠭᠤᠯᠵᠤ᠂ ᠲᠤᠭ᠎ᠠ ᠪᠦᠷᠢᠳᠭᠡᠯ ᠢᠶᠠᠷ ᠬᠠᠷᠭᠤᠭᠤᠯᠤᠨ ᠬᠢᠨᠠᠨ ᠪᠠᠶᠢᠴᠠᠭᠠᠬᠤ᠂ ᠡᠳᠦᠷ ᠲᠤᠳᠤᠮ ᠤᠨ ᠴᠠᠭᠳᠠᠨ ᠪᠠᠶᠢᠴᠠᠭᠠᠬᠤ ᠵᠡᠷᠭᠡ ᠠᠷᠭ᠎ᠠ ᠠᠪᠴᠢᠯ ᠢᠶᠠᠷ ᠬᠤᠪᠸᠢ ᠮᠤᠵᠢ᠂ ᠬᠠᠷᠠᠮᠦ᠋ᠷᠡᠨ ᠮᠤᠵᠢ ᠠᠴᠠ ᠢᠷᠡᠭᠰᠡᠨ ᠬᠦᠮᠦᠨ ᠪᠤᠶᠤ ᠲᠡᠷᠭᠡ ᠤᠨᠤᠭ᠎ᠠ ᠶᠢ ᠴᠢᠩᠭ᠎ᠠ ᠰᠢᠭᠰᠢᠨ ᠪᠠᠶᠢᠴᠠᠭᠠᠵᠤ᠂ ᠠᠶᠠᠯᠠᠵᠤ ᠰᠠᠭᠤᠷᠢᠰᠢᠭᠰᠠᠨ ᠦᠩᠭᠡᠷᠡᠯᠳᠡ ᠪᠠᠨ ᠨᠢᠭᠤᠭᠰᠠᠨ ᠬᠦᠮᠦᠰ ᠲᠤ ᠬᠠᠤᠯᠢ ᠴᠠᠭᠠᠵᠠ ᠲᠦᠷᠢᠮ ᠲᠤᠭᠳᠠᠭᠠᠯ ᠶᠤᠰᠤᠭᠠᠷ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃        ᠲᠠᠪᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠬᠡᠷᠡᠭᠵᠢᠬᠦᠯᠬᠦ ᠶᠢ ᠡᠶᠡᠳᠡᠨ ᠲᠠᠭᠠᠬᠤ ᠦᠬᠡᠢ᠂ ᠡᠷᠡᠬᠦᠯ ᠮᠡᠨᠳᠦ ᠶᠢᠨ ᠪᠠᠶᠢᠳᠠᠯ ᠤᠨ ᠲᠠᠩᠰᠠᠯᠠᠯᠳᠠ ᠬᠢᠬᠦ᠂ ᠲᠤᠰᠠᠭᠠᠷᠯᠠᠨ ᠠᠵᠢᠭᠯᠠᠯᠳᠠ ᠬᠢᠬᠦ ᠵᠡᠷᠭᠡ ᠠᠵᠢᠯ ᠲᠠᠢ ᠬᠠᠮᠵᠢᠯᠴᠠᠬᠤ ᠦᠬᠡᠢ ᠬᠦᠮᠦᠰ ᠲᠤ ᠬᠠᠤᠯᠢ ᠶᠤᠰᠤᠭᠠᠷ ᠴᠢᠩᠭ᠎ᠠ ᠴᠤᠬᠢᠯᠳᠠ ᠥᠭᠬᠦᠨ᠎ᠡ︔ ᠵᠤᠷᠢᠭᠤᠳᠠ ᠬᠢᠵᠢᠭ ᠲᠠᠷᠬᠠᠭᠠᠭᠰᠠᠨ ᠪᠤᠶᠤ ᠬᠢᠵᠢᠭ ᠤᠨ ᠲᠤᠬᠠᠢ ᠬᠤᠳᠠᠯ ᠴᠤᠤᠷᠬᠠᠯ ᠵᠤᠬᠢᠶᠠᠭᠰᠠᠨ᠂ ᠴᠤᠤᠷᠬᠠᠯ ᠲᠠᠷᠬᠠᠭᠠᠭᠰᠠᠨ ᠬᠦᠮᠦᠰ ᠢ ᠬᠠᠤᠯᠢ ᠶᠤᠰᠤᠭᠠᠷ ᠬᠦᠨᠳᠦ ᠪᠠᠷ ᠰᠢᠢᠳᠭᠡᠨ᠎ᠡ︔ ᠬᠦᠴᠦᠷᠭᠡᠭᠯᠡᠯ ᠢᠶᠠᠷ ᠬᠠᠤᠯᠢ ᠬᠡᠷᠡᠭᠵᠢᠬᠦᠯᠬᠦ ᠶᠢ ᠡᠰᠡᠷᠭᠦᠴᠡᠪᠡᠯ᠂ ᠬᠠᠤᠯᠢ ᠶᠤᠰᠤᠭᠠᠷ ᠬᠦᠨᠳᠦ ᠪᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃    ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ        ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                         2020 ᠤᠨ ᠤ 4 ᠰᠠᠷᠠᠶᠢᠨ 21 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号