ᠬᠠᠪᠤᠷ ᠤᠨ ᠬᠦᠢᠲᠡᠨ ᠳᠤ ᠲᠥᠯ ᠮᠠᠯ ᠤᠨ ᠤᠨᠳᠤᠷᠤᠯᠲᠠ ᠶᠢ ᠬᠡᠷᠬᠢᠨ ᠪᠠᠳᠤᠯᠠᠬᠤ ᠪᠤᠢ︖
ᠨᠡᠶᠢᠲᠡᠯᠡᠭᠰᠡᠨ ᠴᠠᠭ᠄
2020-04-29
      ᠬᠠᠪᠤᠷ ᠤᠨ ᠤᠯᠠᠷᠢᠯ ᠤᠨ ᠴᠠᠭ ᠠᠭᠤᠷ ᠲᠤᠭᠳᠠᠪᠦᠷᠢ ᠦᠬᠡᠢ ᠪᠠᠶᠢᠵᠤ᠂ ᠬᠦᠢᠲᠡᠨ ᠠᠭᠤᠷ ᠠᠮᠢᠰᠬᠤᠯ ᠤᠨ ᠨᠦᠯᠦᠭᠡᠯᠡᠯ ᠢᠶᠠᠷ ᠦᠷᠬᠦᠯᠵᠢᠯᠡᠭᠰᠡᠨ ᠴᠢᠨᠠᠷᠲᠠᠢ ᠴᠠᠰᠤ ᠪᠤᠷᠤᠭᠠᠨ ᠬᠤᠯᠢᠯᠳᠤᠨ ᠤᠷᠤᠵᠤ᠂ ᠰᠠᠯᠬᠢᠯᠠᠬᠤ᠂ ᠶᠡᠭᠡ ᠬᠦᠢᠳᠡᠷᠡᠬᠦ ᠪᠠᠶᠢᠳᠠᠯ ᠭᠠᠷᠳᠠᠭ᠃ ᠬᠠᠪᠤᠷ ᠤᠨ ᠬᠦᠢᠳᠡᠨ ᠨᠢ ᠮᠠᠯ ᠤᠨ ᠦᠰᠦᠯᠲᠡ ᠦᠷᠡᠵᠢᠯᠲᠡ ᠶᠢ ᠨᠦᠯᠦᠭᠡᠯᠡᠵᠦ᠂ ᠠᠮᠠᠷᠬᠠᠨ ᠬᠡᠮ ᠠᠷᠬᠠᠭ ᠰᠠᠭᠤᠳᠠᠭ᠃ ᠲᠡᠭᠡᠪᠡᠯ ᠬᠠᠪᠤᠷ ᠤᠨ ᠬᠦᠢᠳᠡᠨ ᠢ ᠬᠡᠷᠬᠢᠨ ᠠᠷᠭᠠᠴᠠᠭᠠᠬᠤ ᠪᠤᠢ︖       ᠨᠢᠭᠡ᠂ ᠬᠤᠨᠢ ᠮᠠᠯ ᠳᠤ ᠦᠵᠡᠬᠦᠯᠬᠦ ᠨᠦᠯᠦᠭᠡ       1. ᠴᠠᠭ ᠠᠭᠤᠷ ᠬᠡᠨᠡᠳᠲᠡ ᠬᠦᠢᠳᠡᠷᠡᠭᠰᠡᠨ ᠠᠴᠠ ᠪᠤᠯᠵᠤ ᠬᠤᠨᠢ ᠮᠠᠯ ᠠᠮᠠᠷᠬᠠᠨ ᠬᠢᠮᠤᠷᠠᠭ᠎ᠠ᠂ ᠠᠮᠢᠰᠬᠤᠯ ᠤᠨ ᠵᠠᠮ ᠤᠨ ᠥᠷᠪᠢᠰᠦᠯ ᠣᠯᠳᠠᠭ       2. ᠴᠠᠰᠤ ᠪᠤᠷᠤᠭᠠᠨ ᠳᠤ ᠨᠤᠷᠤᠭᠰᠠᠨ ᠮᠠᠯ ᠤᠨ ᠪᠡᠶ᠎ᠡ ᠠᠮᠠᠷᠬᠠᠨ ᠬᠦᠷᠦᠵᠦ᠂ ᠶᠡᠷᠦ ᠶᠢᠨ ᠴᠢᠳᠠᠪᠬᠢ ᠶᠢ ᠨᠦᠯᠦᠭᠡᠯᠡᠵᠦ᠂ ᠨᠡᠩ ᠴᠢᠨᠠᠭᠰᠢᠯᠠᠪᠠᠯ ᠵᠢᠷᠦᠬᠡᠨ ᠲᠠᠮᠢᠷ ᠢ ᠨᠢ ᠲᠤᠷᠤᠶᠢᠳᠠᠭᠤᠯᠳᠠᠭ᠃ ᠨᠡᠩ ᠢᠯᠠᠩᠭᠤᠶ᠎ᠠ᠂ ᠶᠠᠳᠠᠷ ᠲᠤᠷᠤᠢ ᠮᠠᠯ ᠨᠢ ᠬᠦᠢᠳᠡᠨ ᠳᠤ ᠪᠡᠭᠡᠷᠡᠵᠦ ᠦᠬᠦᠬᠦ ᠪᠠᠶᠢᠳᠠᠯ ᠤᠯᠠᠨ ᠲᠤᠬᠢᠶᠠᠯᠳᠤᠨ᠎ᠠ᠃       3. ᠬᠠᠪᠤᠷ ᠤᠨ ᠤᠯᠠᠷᠢᠯ ᠳᠤ ᠮᠠᠯ ᠤᠨ ᠪᠡᠶ᠎ᠡ ᠳᠠᠬᠢ ᠰᠢᠮ᠎ᠡ ᠲᠡᠵᠢᠭᠡᠯ ᠬᠦᠷᠦᠯᠴᠡᠭᠡ ᠦᠬᠡᠢ ᠪᠠᠶᠢᠵᠤ᠂ ᠡᠪᠡᠳᠴᠢᠨ ᠢ ᠡᠰᠡᠷᠭᠦᠴᠡᠬᠦ ᠴᠢᠳᠠᠪᠦᠷᠢ ᠨᠢ ᠠᠨᠠᠢ ᠪᠣᠯᠵᠤ᠂ ᠬᠠᠪᠤᠷ ᠤᠨ ᠬᠦᠢᠳᠡᠨ ᠳᠤ ᠠᠮᠠᠷᠬᠠᠨ ᠦᠭᠡᠷ᠎ᠡ ᠡᠪᠡᠳᠴᠢᠨ ᠤᠯᠳᠠᠭ᠃       ᠬᠤᠶᠠᠷ᠂ ᠬᠠᠪᠤᠷ ᠶᠢᠨ ᠬᠦᠢᠳᠡᠨ ᠢ ᠬᠡᠷᠬᠢᠨ ᠠᠷᠭᠠᠴᠠᠭᠠᠬᠤ ᠪᠤᠢ︖       1. ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠷᠬᠦᠯᠵᠢ ᠠᠩᠬᠠᠷᠴᠤ᠂ ᠰᠡᠷᠭᠡᠶᠢᠯᠡᠬᠦ ᠠᠵᠢᠯ ᠢ ᠰᠠᠶᠢᠲᠤᠷ ᠬᠢᠵᠤ᠂ ᠴᠠᠰᠤ ᠪᠤᠷᠤᠭᠠᠨ ᠲᠠᠢ ᠡᠳᠦᠷ ᠮᠠᠯ ᠢᠶᠠᠨ ᠪᠡᠯᠴᠢᠭᠡᠷ ᠲᠤ ᠭᠠᠷᠭᠠᠬᠤ ᠦᠬᠡᠢ ᠪᠠᠶᠢᠪᠠᠯ ᠵᠤᠬᠢᠨ᠎ᠠ᠃       2. ᠬᠠᠭᠤᠴᠢᠷᠠᠵᠤ ᠮᠠᠭᠤᠳᠠᠭᠰᠠᠨ ᠮᠠᠯ ᠤᠨ ᠫᠧᠩ ᠰᠠᠷᠪᠴᠢ᠂ ᠲᠤᠨᠤᠭ ᠲᠦᠬᠦᠭᠡᠷᠦᠮᠵᠢ ᠶᠢ ᠴᠠᠭ ᠲᠤᠬᠠᠢ  ᠳᠤ ᠨᠢ ᠰᠠᠯᠪᠢᠨ ᠵᠠᠰᠠᠨ᠎ᠠ᠃ ᠵᠢᠱᠢᠶᠡᠯᠡᠪᠡᠯ ᠴᠠᠬᠢᠯᠭᠠᠨ ᠤᠳᠠᠰᠤ᠂ ᠤᠰᠣᠨ ᠬᠤᠭᠤᠯᠠᠢ᠂ ᠫᠧᠩ ᠰᠠᠷᠠᠪᠴᠢ ᠶᠢ ᠰᠠᠯᠪᠢᠨ ᠵᠠᠰᠠᠵᠤ᠂ ᠴᠠᠬᠢᠯᠭᠠᠨ ᠠᠯᠳᠠᠭᠳᠠᠬᠤ᠂ ᠤᠰᠤ ᠲᠤᠨᠤᠬᠤ᠂ ᠭᠤᠭᠤᠵᠢᠬᠤ ᠵᠡᠷᠬᠡ ᠦᠵᠡᠭᠳᠡᠯ ᠠᠴᠠ ᠵᠠᠶᠢᠯᠠᠰᠬᠢᠵᠤ᠂ ᠴᠡᠪᠡᠷ ᠬᠠᠭᠤᠷᠠᠢ ᠪᠠᠶᠢᠯᠭᠠᠬᠤ ᠬᠡᠷᠡᠭᠳᠡᠢ᠃       3. ᠳᠤᠯᠠᠭᠠᠨ ᠢ ᠪᠠᠳᠤᠯᠠᠵᠤ ᠰᠠᠯᠬᠢ ᠨᠡᠪᠳᠡᠷᠡᠬᠦᠯᠬᠦ ᠠᠵᠢᠯ ᠢ ᠵᠠᠪᠠᠯ ᠰᠠᠶᠢᠨ ᠬᠢᠬᠦ ᠬᠡᠷᠡᠭᠳᠡᠢ᠃ ᠴᠠᠰᠤ ᠪᠤᠷᠤᠭᠠᠨ ᠲᠠᠢ ᠬᠦᠢᠳᠡᠨ ᠡᠳᠦᠷ᠂ ᠮᠠᠯ ᠤᠨ ᠫᠧᠩ ᠰᠠᠷᠠᠪᠴᠢ ᠶᠢᠨ ᠡᠬᠦᠳᠡ ᠴᠤᠩᠬᠤ ᠶᠢ ᠰᠠᠶᠢᠲᠤᠷ ᠪᠠᠬᠢᠯᠡᠵᠦ᠂ ᠬᠦᠢᠳᠡᠨ ᠵᠢᠪᠡᠷ ᠲᠤ ᠴᠤᠬᠢᠭᠳᠠᠬᠤ ᠠᠴᠠ ᠬᠢᠴᠢᠶᠡᠬᠦ ᠬᠡᠷᠡᠭᠳᠡᠢ᠃ ᠮᠦᠨᠴᠦ ᠬᠡᠪᠲᠡᠭᠡᠷᠢ ᠳᠤ ᠨᠢ ᠡᠪᠡᠰᠦ ᠰᠦᠷᠡᠯ ᠲᠠᠪᠢᠰᠴᠤ ᠲᠤᠯᠠᠭᠠᠯᠠᠨ᠂ ᠵᠢᠩᠬᠢᠨᠡᠬᠦ ᠠᠴᠠ ᠰᠡᠷᠭᠡᠶᠢᠯᠡᠨ᠎ᠡ᠃       4. ᠰᠢᠮ᠎ᠡ ᠲᠡᠵᠢᠭᠡᠯ ᠨᠦᠬᠦᠬᠦ ᠶᠢ ᠪᠠᠳᠤᠯᠠᠬᠤ ᠬᠡᠷᠡᠭᠳᠡᠢ᠃ ᠬᠠᠪᠤᠷ ᠤᠨ ᠬᠦᠢᠳᠡᠨ ᠴᠠᠭ ᠤᠯᠠᠷᠢᠯ ᠳᠤ ᠬᠤᠨᠢ ᠮᠠᠯ ᠳᠤ ᠰᠢᠮ᠎ᠡ ᠲᠡᠵᠢᠭᠡᠯ ᠬᠦᠢᠴᠡᠳ ᠨᠦᠬᠦᠪᠦᠷᠢᠯᠡᠬᠦ ᠬᠡᠷᠡᠭᠳᠡᠢ ᠪᠠᠶᠢᠳᠠᠭ ᠠᠴᠠ ᠰᠢᠨ᠎ᠡ ᠨᠤᠭᠤᠭᠠᠨ ᠡᠪᠡᠰᠦ ᠵᠡᠷᠭᠡ  ᠪᠠᠷ ᠲᠡᠵᠢᠬᠡᠬᠦ ᠶᠢᠨ ᠬᠠᠮᠲᠤ᠂ ᠨᠠᠷᠢᠯᠢᠭ ᠪᠤᠷᠳᠤᠭ᠎ᠠ᠂ ᠯᠤᠤᠪᠠᠩ᠂ ᠴᠠᠭᠠᠨ ᠨᠤᠭᠤᠭ᠎ᠠ ᠵᠡᠷᠭᠡ ᠶᠢ ᠵᠤᠬᠢᠬᠤ ᠬᠡᠮᠵᠢᠶ᠎ᠡ ᠪᠠᠷ ᠨᠦᠬᠦᠪᠦᠷᠢᠯᠡᠨ᠎ᠡ᠃       5. ᠬᠦᠢᠴᠡᠳ ᠤᠰᠤᠯᠠᠬᠤ ᠬᠡᠷᠡᠭᠳᠡᠢ᠃ ᠬᠦᠢᠲᠡᠨ ᠪᠤᠷᠤᠭᠠᠨ ᠲᠠᠢ ᠡᠳᠦᠷ ᠦᠬᠡᠷ ᠮᠠᠯ ᠤᠨ ᠤᠰᠤ ᠤᠤᠭᠤᠬᠤ ᠬᠡᠮᠵᠢᠶ᠎ᠡ ᠨᠢ ᠪᠠᠭᠠᠰᠳᠠᠭ᠃ ᠤᠰᠤᠯᠠᠬᠤ ᠳᠠᠭᠠᠨ ᠠᠯᠢ ᠴᠢᠳᠠᠬᠤ ᠪᠠᠷ ᠪᠦᠯᠢᠶᠡᠨ ᠤᠰᠤ ᠪᠠᠷ ᠬᠦᠢᠴᠡᠳ ᠤᠰᠤᠯᠠᠵᠤ᠂ ᠮᠠᠯ ᠤᠨ ᠪᠡᠶ᠎ᠡ ᠳᠠᠬᠢ ᠡᠨᠧᠷᠬᠢ ᠠᠯᠳᠠᠭᠳᠠᠬᠤ ᠠᠴᠠ ᠰᠡᠷᠭᠡᠶᠢᠯᠡᠬᠦ ᠬᠡᠷᠡᠭᠳᠡᠢ᠃       6. ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠬᠦᠢᠲᠡᠨ ᠨᠤᠶᠢᠲᠠᠨ ᠠᠴᠠ ᠪᠤᠯᠵᠤ ᠦᠬᠡᠷ ᠮᠠᠯ ᠠᠮᠠᠷᠬᠠᠨ ᠠᠮᠢᠰᠬᠤᠯ ᠤᠨ ᠵᠠᠮ ᠤᠨ ᠡᠪᠡᠳᠴᠢᠨ ᠳᠤ ᠨᠡᠷᠪᠡᠭᠳᠡᠳᠡᠭ᠃ ᠡᠶᠢᠮᠦ ᠠᠴᠠ ᠮᠠᠯ ᠤᠨ ᠫᠧᠩ ᠰᠠᠷᠠᠪᠴᠢ ᠶᠢ 84 ᠠᠷᠢᠭᠤᠳᠬᠠᠬᠤ ᠰᠢᠩᠬᠡᠨ ᠵᠡᠷᠭᠡ ᠪᠠᠷ ᠲᠤᠭᠳᠠᠭᠰᠠᠨ ᠬᠤᠭᠤᠴᠠᠭ᠎ᠠ ᠲᠠᠢ ᠰᠠᠶᠢᠲᠤᠷ ᠠᠷᠢᠭᠤᠳᠬᠠᠵᠤ᠂ ᠡᠪᠡᠳᠴᠢᠨ ᠡᠮᠬᠡᠭ ᠲᠤᠰᠬᠤ ᠠᠴᠠ ᠰᠡᠷᠭᠡᠶᠢᠯᠡᠬᠦ ᠬᠡᠷᠡᠭᠳᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号