ᠰᠦᠰᠦ ᠵᠤᠷᠢᠭ ᠲᠤ ᠲᠤᠯᠭᠠᠭᠤᠷᠢᠯᠠᠨ ᠪᠤᠰᠤᠭᠰᠠᠨ ᠮᠤᠳᠤᠴᠢᠨ ᠤ ᠦᠢᠯᠡᠰ
ᠨᠡᠶᠢᠲᠡᠯᠡᠭᠰᠡᠨ ᠴᠠᠭ᠄
2020-04-29
                                   ᠪᠠ᠊ ᠤᠷᠢᠬᠠᠨ    ᠰᠢᠨᠵᠢᠯᠡᠲᠦ ᠮᠡᠳᠡᠭᠡᠯᠡᠪᠡ      ᠮᠠᠨ ᠤ ᠬᠤᠰᠢᠭᠤᠨ ᠤ ᠲᠠᠩᠰᠠ ᠺᠠᠷᠲ ᠪᠠᠶᠢᠭᠤᠯᠣᠬᠰᠠᠨ ᠶᠠᠳᠠᠭᠤ ᠭᠦᠴᠢᠷᠳᠡᠯᠳᠡᠢ ᠡᠷᠦᠭᠡ ᠠᠮᠣᠭᠤᠯᠠᠩ ᠤᠨ  ᠬᠢᠨ ᠤᠨᠤᠪᠴᠢᠲᠠᠢ ᠪᠠᠷ ᠶᠠᠳᠠᠭᠤ ᠶᠢ ᠲᠡᠳᠭᠦᠭᠦ ᠲᠥᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠦᠪᠡᠷ ᠤᠨ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠨ᠂ ᠵᠢᠷᠭᠠᠯᠳᠣ ᠠᠮᠢᠳᠣᠷᠠᠯ ᠢᠶᠠᠨ ᠴᠣᠬᠴᠠᠯᠠᠵᠦ ᠶᠠᠪᠣᠨ᠎ᠠ᠃      ᠠᠮᠤᠭᠤᠯᠠᠩ ᠤᠨ ᠬᠢ ᠪᠠᠷ ᠬᠦᠷᠬᠦ ᠳᠤ᠂ 56 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠴᠡᠪᠡᠷ ᠴᠡᠮᠴᠡᠭᠡᠷ᠂ ᠭᠤᠶᠤ ᠬᠡᠭᠡᠨᠴᠢᠷ ᠭᠡᠷ ᠤᠨ ᠮᠤᠳᠤᠨ ᠡᠳ᠋ᠯᠡᠯ ᠬᠡᠷᠡᠭᠰᠡᠯ᠂ ᠤᠷᠠᠨ ᠨᠠᠷᠢᠯᠢᠭ ᠵᠠᠰᠠᠯ ᠴᠢᠮᠡᠭᠯᠡᠯ ᠨᠢ ᠵᠡᠮᠳᠡᠭ ᠵᠠᠯᠠᠭᠤ ᠠᠮᠤᠭᠤᠯᠠᠩ ᠤᠨ ᠥᠪᠡᠷ ᠢᠶᠠᠨ ᠭᠠᠷ ᠬᠦᠳᠡᠯᠵᠦ᠂ ᠵᠠᠰᠠᠵᠤ ᠴᠢᠮᠡᠭᠯᠡᠯ᠎ᠡ ᠭᠡᠵᠦ ᠢᠳᠡᠭᠡᠮᠡᠷ ᠦᠭᠡᠢ ᠪᠠᠶᠢᠯ᠎ᠠ᠃      ᠠᠮᠤᠭᠤᠯᠠᠩ ᠡᠵᠢ ᠲᠠᠢ ᠪᠠᠨ ᠴᠦᠮ ᠵᠡᠮᠳᠡᠭ ᠬᠥᠮᠦᠨ ᠪᠠᠶᠢᠵᠤ᠂ ᠣᠷᠳᠣ ᠬᠤᠭᠤᠴᠠᠭ᠎ᠠ ᠪᠠᠷ ᠭᠠᠳᠠᠨ᠎ᠠ ᠠᠷᠰᠠᠷ ᠠᠵᠢᠯ ᠬᠢᠵᠦ᠂ ᠣᠷᠣᠯᠭ᠎ᠠ ᠪᠠᠭ᠎ᠠ᠂ ᠠᠮᠢᠳᠤᠷᠠᠯ ᠨᠢ ᠣᠨᠴᠠᠭᠠᠶ ᠶᠠᠳᠠᠭᠤ ᠬᠦᠴᠢᠷᠳᠡᠯᠲᠠᠢ ᠪᠣᠯᠬᠤᠷ᠂ 2016 ᠣᠨ ᠳᠤ ᠲᠠᠩᠰᠠ ᠺᠠᠷᠲ ᠪᠠᠶᠢᠭᠤᠯᠤᠭᠰᠠᠨ ᠶᠠᠳᠠᠭᠤ ᠭᠦᠴᠢᠷᠳᠡᠯᠳᠡᠢ ᠡᠷᠦᠭᠡ ᠪᠠᠷ ᠲᠣᠬᠳᠠᠭᠠᠬᠳᠠᠵᠦ᠂ ᠲᠤᠬᠢᠲᠠᠢ ᠭᠠᠵᠠᠷ ᠨᠡᠭᠦᠯᠭᠡᠬᠦ ᠲᠥᠷᠥᠯ ᠵᠦᠶᠯ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠲᠦᠦᠷᠯ ᠵᠦᠢᠯ᠂ ᠮᠠᠯᠵᠢᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠠᠷᠠᠳ ᠲᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠬᠠᠷᠭᠠᠯᠵᠠᠯ ᠢ ᠭᠦᠷᠳᠡᠵᠡᠢ᠃ ᠠᠮᠤᠭᠤᠯᠠᠩ ᠭᠡᠳᠦᠶᠢᠪᠡᠷ ᠪᠡᠶ᠎ᠡ ᠵᠡᠮᠳᠡᠭ ᠴᠦ《ᠬᠦᠮᠦᠨ ᠠᠮᠢᠳᠤᠷᠠᠯ  ᠢᠶᠠᠨ ᠦᠭᠡᠳᠡ ᠲᠠᠳᠠᠶ᠎ᠠ ᠭᠡᠪᠡᠯ ᠬᠠᠰᠢᠯᠠ ᠦᠪᠡᠷ ᠤᠨ ᠬᠤᠶᠠᠷ ᠭᠠᠷ ᠲᠠᠭᠠᠨ ᠢᠯᠡᠬᠦᠤ ᠲᠦᠰᠢᠭᠯᠡᠬᠦ ᠭᠡᠷᠡᠭᠲᠠᠢ 》ᠭᠡᠳᠡᠭ ᠢ ᠤᠬᠠᠭᠠᠷᠠᠵᠤ ᠶᠠᠪᠤᠳᠠᠭ ᠪᠤᠯᠬᠤᠷ ᠨᠠᠮ ᠵᠠᠰᠠᠭ ᠤᠨ ᠢᠶᠠᠨ ᠠᠯᠢ ᠣᠯᠠᠨ ᠲᠦᠷᠦ ᠶᠢᠨ ᠪᠤᠳᠤᠯᠭ᠎ᠠ ᠶᠢᠨ ᠲᠡᠮᠵᠢᠯᠭᠡ ᠪᠠᠷ ᠠᠮᠢᠳᠤᠷᠠᠯ ᠳᠠᠭᠠᠨ ᠲᠡᠮᠡᠦᠯᠡᠬᠦ ᠰᠦᠰᠦ ᠵᠤᠷᠢᠭ ᠨᠢ ᠣᠯᠠᠮ ᠭᠦᠪᠴᠢᠯᠡᠭᠳᠡᠨ᠂ ᠰᠤᠷᠤᠭᠰᠠᠨ ᠭᠠᠷ ᠮᠡᠷᠭᠡᠵᠢᠯ ᠳᠡᠭᠡᠨ ᠲᠦᠰᠢᠭᠯᠡᠨ ᠮᠤᠳᠤᠴᠢᠨ ᠤ ᠠᠵᠢᠯ ᠳᠠᠭᠠᠨ ᠮᠡᠷᠡᠶᠢᠵᠦ᠂ ᠶᠠᠳᠠᠭᠤ ᠠᠴᠠ ᠪᠠᠨ ᠠᠩᠭᠢᠵᠢᠷᠠᠵᠠᠢ᠃      ᠬᠦᠳᠡᠯᠮᠦᠷᠢ ᠬᠦᠮᠦᠨ ᠢ ᠭᠤᠮᠤᠳᠠᠭᠠᠳᠠᠭ ᠦᠭᠡᠢ ᠭᠡᠳᠡᠭᠴᠢᠯᠡᠨ ᠠᠮᠤᠭᠤᠯᠠᠩ ᠠᠩᠬ᠎ᠠ ᠮᠤᠳᠤᠴᠢᠨ ᠤ ᠠᠵᠢᠯ ᠬᠢᠬᠦ ᠦᠶᠡᠰ ᠪᠠᠭ᠎ᠠ ᠰᠠᠭ᠎ᠠ ᠠᠵᠢᠯ ᠤᠯᠳᠠᠵᠤ ᠪᠠᠶᠢᠭᠰᠠᠨ ᠪᠤᠯᠪᠠᠴᠤ᠂ ᠲᠡᠭᠦᠨ ᠤ ᠨᠠᠷᠢᠨ ᠬᠢᠨᠠᠮᠠᠭᠠᠢ᠂ ᠬᠠᠷᠢᠭᠤᠴᠠᠯᠭ᠎ᠠ  ᠲᠠᠢ ᠠᠵᠢᠯ ᠤᠨ ᠤᠪᠤᠷ ᠰᠤᠷᠳᠠᠯ ᠨᠢ ᠤᠯᠠᠨ ᠠᠷᠪᠢᠨ ᠬᠡᠷᠡᠭᠯᠡᠭᠴᠢᠳ ᠲᠤ ᠮᠡᠳᠡᠷᠡᠭᠳᠡᠵᠦ᠂ ᠲᠡᠭᠦᠨ ᠢ ᠡᠷᠢᠵᠦ ᠠᠵᠢᠯ ᠬᠢᠯᠬᠡᠬᠦ ᠬᠥᠮᠦᠨ ᠴᠦ ᠤᠯᠠᠮ ᠢᠶᠠᠷ ᠣᠯᠠᠰᠢᠷᠠᠵᠤ᠂ ᠤᠷᠤᠯᠭ᠎ᠠ ᠨᠢ ᠴᠦ ᠡᠳᠦᠷ ᠠᠴᠠ ᠡᠳᠦᠷ ᠨᠡᠮᠡᠭᠳᠡᠨ᠂ 2015 ᠣᠨ  ᠳᠤ ᠵᠣᠯ ᠵᠢᠷᠭᠠᠯᠲᠤ ᠭᠡᠷ ᠪᠦᠯᠢ ᠢᠶᠠᠨ ᠴᠤᠭᠴᠠᠯᠠᠨ ᠪᠠᠶᠢᠭᠤᠯᠵᠤ᠂ ᠲᠡᠭᠦᠨ ᠤ ᠠᠮᠢᠳᠣᠷᠠᠯ ᠳᠠᠭᠠᠨ ᠳᠡᠮᠡᠦᠯᠡᠭᠦ ᠡᠷᠴᠢ ᠵᠣᠷᠢᠭ ᠨᠢ ᠣᠯᠠᠮ ᠢᠶᠠᠷ ᠭᠦᠪᠴᠢᠯᠡᠭᠳᠡᠵᠡᠢ᠃     2019 ᠣᠨ ᠳᠤ᠂ ᠠᠮᠣᠭᠤᠯᠠᠩ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠶᠯ ᠤᠨ ᠳᠡᠮᠵᠢᠯᠭᠡ  ᠪᠠᠷ 20000 ᠲᠥᠭᠦᠷᠢᠭ ᠤᠨ ᠮᠠᠰᠢᠨ ᠲᠥᠬᠦᠭᠡᠷᠦᠮᠵᠢ ᠲᠠᠢ ᠪᠣᠯᠵᠦ᠂ ᠭᠡᠷ ᠪᠠᠶᠢᠰᠢᠩ ᠴᠢᠮᠡᠭᠯᠡᠬᠦ ᠠᠵᠢᠯ ᠤᠨ ᠬᠤᠷᠳᠤᠴᠠ᠂ ᠤᠷᠠᠯᠠᠵᠤ ᠴᠢᠮᠡᠭᠯᠡᠬᠦ ᠲᠠᠯ᠎ᠠ ᠪᠠᠷ ᠮᠠᠰᠢ ᠶᠡᠭᠡ ᠳᠠᠪᠰᠢᠯᠲᠠ ᠲᠠᠢ ᠪᠤᠯᠤᠭᠰᠠᠨ ᠢᠶᠠᠷ᠂ ᠠᠵᠢᠯ ᠤᠨ ᠦᠷ᠎ᠡ ᠪᠦᠳᠦᠮᠵᠢ ᠨᠢ ᠶᠡᠭᠡᠪᠡᠷ ᠳᠡᠭᠡᠭᠰᠢᠯᠡᠵᠦ᠂ ᠵᠠᠬᠢᠶᠠᠯᠠᠭ᠎ᠠ ᠴᠦ ᠤᠯᠠᠰᠢᠷᠠᠨ᠂ ᠲᠡᠳᠡᠨ ᠤ ᠬᠥᠮᠦᠨ ᠳᠤᠮᠳᠠᠴᠢ ᠶᠢᠨ ᠣᠷᠣᠯᠭ᠎ᠠ  ᠨᠢ ᠨᠢᠭᠡᠨᠲᠡ 17000 ᠭᠠᠷᠤᠶ ᠲᠥᠭᠦᠷᠢᠭ ᠲᠤ ᠬᠦᠷᠦᠭᠰᠡᠨ ᠪᠥᠭᠡᠳ 7 ᠲᠦᠮᠡ ᠭᠠᠷᠤᠢ ᠲᠥᠭᠦᠷᠢᠭ ᠤᠨ ᠰᠢᠨ᠎ᠡ ᠮᠠᠰᠢᠨ ᠲᠡᠷᠭᠡ ᠬᠤᠳᠠᠯᠳᠤᠨ ᠠᠪᠴᠤ᠂ 2020 ᠣᠨ ᠳᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号