ᠣᠯᠠᠨ ᠵᠢᠯ ᠤᠨ ᠲᠤᠷᠰᠢ᠂ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠨᠢ | ᠰᠤᠶᠤᠯ ᠰᠤᠷᠭᠠᠨ ᠬᠦᠮᠦᠵᠢᠯ ᠢ ᠲᠡᠷᠢᠬᠦᠨ ᠪᠠᠶᠢᠷᠢᠨ ᠳᠤ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠤ᠂ | ᠣᠯᠠᠨ ᠲᠠᠯ᠎ᠠ ᠶᠢᠨ ᠪᠦᠳᠦᠮᠵᠢᠲᠠᠢ ᠠᠷᠭ᠎ᠠ ᠬᠡᠮᠵᠢᠶ᠎ᠡ ᠠᠪᠤᠭᠰᠠᠨ ᠢᠶᠠᠷ ᠦᠨᠳᠦᠰᠦᠳᠡᠨ ᠤ ᠰᠤᠷᠭᠠᠨ ᠬᠦᠮᠦᠵᠢᠯ ᠢ ᠪᠦᠬᠦ | ᠠᠶᠢᠮᠠᠭ ᠤᠨ ᠲᠡᠷᠢᠬᠦᠨ ᠤ ᠬᠢᠷᠢ ᠲᠥᠪᠰᠢᠨ ᠳᠤ ᠬᠦᠷᠭᠡᠵᠦ᠂ ᠰᠤᠷᠭᠠᠨ ᠬᠦᠮᠦᠵᠢᠯ ᠤᠨ ᠦᠢᠯᠡᠰ ᠤᠨ ᠤᠷᠳᠤ | ᠤᠳᠠᠭᠠᠨ ᠬᠦᠭᠵᠢᠯᠲᠡ ᠶᠢ ᠪᠠᠳᠤᠯᠠᠪᠠ᠃ 2019 ᠣᠨ ᠪᠣᠯᠬᠤ ᠳᠤ ᠪᠦᠬᠦ ᠬᠤᠰᠢᠭᠤᠨ ᠤ 3.1 ᠲᠦᠮᠡᠨ ᠬᠦᠮᠦᠨ | ᠠᠮᠠ ᠠᠴᠠ 56 ᠳ᠋ᠣᠺᠲ᠋ᠣᠷ ᠴᠤᠯᠭᠤᠷᠠᠨ ᠭᠠᠷᠴᠤ᠂ ᠪᠠᠷᠤᠭ 600 ᠬᠦᠮᠦᠨ ᠤ ᠲᠤᠳᠤᠷ᠎ᠠ ᠨᠢᠭᠡ ᠬᠦᠮᠦᠨ ᠳ᠋ᠣᠺᠲ᠋ᠣᠷ | ᠪᠠᠶᠢᠳᠠᠭ ᠢᠶᠠᠷ ᠢᠶᠠᠨ ᠪᠦᠬᠦ ᠤᠯᠤᠰ ᠤᠨ ᠡᠯ᠎ᠡ ᠬᠤᠰᠢᠭᠤ ᠰᠢᠶᠠᠨ ᠤ ᠲᠤᠳᠤᠷ᠎ᠠ ᠲᠡᠷᠢᠬᠦᠨ ᠪᠠᠶᠢᠷᠢᠨ ᠳᠤ | ᠵᠢᠭᠰᠠᠭᠠᠭᠳᠠᠪᠠ᠃ | ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠬᠤᠨᠠᠨ ᠮᠤᠵᠢ ᠶᠢᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠫᠧᠰᠰᠤᠷ᠂ ᠳ᠋ᠤᠺᠲ᠋ᠤᠷ ᠤᠨ ᠵᠢᠯᠤᠭᠤᠳᠤᠭᠴᠢ ᠪᠠᠭᠰᠢ ᠭᠤᠸᠠᠨ ᠴᠦᠨ | ᠶᠦᠨ ᠠᠪᠤᠭᠠᠢ ᠨᠤᠲᠤᠭ ᠲᠤ ᠪᠠᠨ ︽ᠳ᠋ᠣᠺᠲ᠋ᠣᠷ ᠤᠨ ᠥᠯᠦᠭᠡᠢ — ᠬᠦᠪᠡᠭᠡᠲᠦ ᠰᠢᠷ᠎ᠠ ᠬᠤᠰᠢᠭᠤ︾ ᠬᠡᠮᠡᠬᠦ | ᠪᠢᠴᠢᠭᠡᠰᠦ ᠪᠢᠴᠢᠵᠦ᠂ ᠬᠦᠪᠡᠭᠡᠲᠦ ᠰᠢᠷ᠎ᠠ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠨᠤᠲᠤᠭ | ᠤᠰᠤ ᠪᠠᠨ ᠬᠠᠶᠢᠷᠠᠯᠠᠬᠤ ᠡᠷᠬᠢᠮ ᠲᠡᠭᠡᠳᠦ ᠰᠡᠳᠬᠢᠯᠭᠡ ᠪᠠ ᠴᠦᠬᠦᠷᠡᠰᠢ ᠦᠬᠡᠢ ᠴᠢᠷᠮᠠᠶᠢᠨ ᠡᠬᠡ ᠤᠯᠤᠰ ᠤᠨ ᠢᠶᠠᠨ | ᠲᠦᠯᠦᠭᠡ ᠵᠢᠳᠬᠦᠬᠦ ᠣᠶᠤᠨ ᠰᠠᠨᠠᠭᠠᠨ ᠤ ᠬᠡᠪ ᠨᠠᠮᠪᠠ ᠶᠢ ᠢᠯᠡᠷᠡᠬᠦᠯᠪᠡ᠃ |