︵ᠲᠤᠯᠤᠭ᠎ᠠ︶ ᠰᠤᠷᠤᠨ᠎ᠠ ᠵᠤᠰᠠᠯᠠᠩ
ᠨᠡᠶᠢᠲᠡᠯᠡᠭᠰᠡᠨ ᠴᠠᠭ᠄
2020/5/22
     ᠰᠤᠷᠤᠨ᠎ᠠ ᠵᠤᠰᠠᠯᠠᠩ ᠨᠢ ᠬᠦᠪᠡᠭᠡᠲᠦ ᠰᠢᠷ᠎ᠠ ᠬᠤᠰᠢᠭᠤᠨ ᠤ ᠪᠤᠭᠳᠠ ᠶᠢᠨ ᠭᠤᠣᠯ ᠰᠤᠮᠤᠨ ᠤ ᠣᠩᠭᠤᠴᠠ ᠭᠠᠴᠠᠭᠠᠨ ᠳᠤ ᠪᠠᠶᠢᠷᠢᠰᠢᠵᠤ᠂ ᠨᠢᠭᠡ ᠲᠦᠮᠡᠨ ᠬᠠᠪᠳᠠᠭᠠᠢ ᠲᠦᠷᠪᠡᠯᠵᠢᠨ ᠮᠧᠲᠷ ᠲᠠᠯᠠᠪᠠᠢ ᠶᠢ ᠡᠵᠡᠯᠡᠵᠦ᠂ ᠱᠣᠭᠤᠮᠠᠯ ᠪᠠ ᠬᠠᠨ᠎ᠠ ᠶᠢᠨ ᠵᠢᠷᠤᠭ ᠰᠤᠨᠢᠷᠬᠠᠬᠤ ᠲᠠᠯᠠᠪᠠᠢ᠂ ᠰᠡᠯᠡᠬᠦᠴᠡᠯ ᠤᠨ ᠠᠭᠤᠳᠠᠮ ᠲᠠᠯᠠᠪᠠᠢ᠂ ᠨᠡᠭᠦᠳᠡᠯ ᠠᠮᠢᠳᠤᠷᠠᠯ ᠢ ᠪᠡᠶᠡᠴᠢᠯᠡᠨ ᠣᠶᠢᠯᠠᠭᠠᠬᠤ ᠲᠤᠭᠤᠷᠢᠭ᠂ ᠦᠢᠯᠡᠴᠢᠯᠡᠭᠡᠨ ᠤ ᠲᠤᠭᠤᠷᠢᠭ ᠵᠡᠷᠭᠡ ᠤᠷᠤᠨ ᠢᠶᠠᠷ ᠪᠦᠷᠢᠯᠳᠦᠵᠡᠢ᠃ ︽ᠪᠠᠶᠢᠭᠠᠯᠢ ᠣᠷᠴᠢᠨ+ ᠰᠤᠶᠤᠯ ᠢᠷᠭᠡᠨᠰᠢᠯ ᠤᠨ ᠪᠡᠶᠡᠴᠢ ᠣᠶᠢᠯᠠᠭᠠᠯᠲᠠ︾᠎ ᠪᠠᠷ ᠭᠤᠣᠯ ᠰᠡᠳᠦᠪ ᠪᠤᠯᠭᠠᠵᠤ᠂ ︽ᠲᠠᠯ᠎ᠠ ᠨᠤᠲᠤᠭ ᠤᠨ ᠵᠢᠭᠤᠯᠴᠢᠯᠠᠯ + ᠤᠯᠠᠮᠵᠢᠯᠠᠯᠲᠤ ᠦᠨᠳᠦᠰᠦᠳᠡᠨ ᠤ ᠰᠤᠷᠭᠠᠨ ᠬᠦᠮᠦᠵᠢᠯ + ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ + ᠰᠤᠳᠤᠯᠵᠤ ᠰᠤᠷᠤᠯᠴᠠᠬᠤ ᠦᠢᠯᠡᠳᠦᠯᠭᠡ ᠳᠤ ᠤᠷᠤᠯᠴᠠᠬᠤ︾ ᠵᠡᠷᠭᠡ ᠢᠯᠠ ᠲᠤᠳᠤ ᠬᠡᠪ ᠨᠠᠮᠪᠠ ᠲᠠᠢ ᠪᠠᠶᠢᠵᠤ᠂ ᠵᠢᠭᠤᠯᠴᠢᠯᠠᠭᠰᠠᠳ ᠨᠤᠲᠤᠭ ᠤᠰᠤᠨ ᠤ ᠦᠩᠭᠡ ᠦᠵᠡᠮᠵᠢ ᠰᠤᠨᠢᠷᠬᠠᠬᠤ ᠶᠢᠨ ᠬᠠᠮᠲᠤ ᠦᠨᠳᠦᠰᠦᠳᠡᠨ ᠤ ᠤᠯᠠᠮᠵᠢᠯᠠᠯᠲᠤ ᠰᠤᠶᠤᠯ ᠢᠷᠭᠡᠨᠰᠢᠯ ᠢ ᠰᠤᠷᠤᠯᠴᠠᠠ ᠣᠶᠢᠯᠠᠭᠠᠵᠤ᠂ ᠦᠨᠳᠦᠰᠦᠳᠡᠨ ᠤ ᠦᠪᠡᠷᠮᠢᠴᠡ ᠤᠨᠴᠠᠯᠢᠭ ᠲᠠᠢ ᠵᠠᠩ ᠠᠷᠠᠨᠰᠢᠨ ᠢ ᠲᠠᠨᠢᠨ ᠮᠡᠳᠡᠬᠦ ᠪᠤᠯᠤᠨ᠎ᠠ᠃     ᠰᠤᠷᠤᠨ᠎ᠠ ᠵᠤᠰᠠᠯᠠᠩ ᠤᠨ ᠲᠥᠷᠦᠯ ᠵᠦᠢᠯ ᠪᠣᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠢ ᠲᠦᠯᠬᠢᠨ ᠠᠬᠢᠭᠤᠯᠵᠤ᠂ ᠠᠮᠢ ᠠᠬᠤᠢ ᠶᠢ ᠵᠠᠰᠠᠨ ᠰᠡᠷᠭᠦᠬᠡᠨ᠂ ᠰᠤᠳᠤᠯᠵᠤ ᠰᠤᠷᠤᠯᠴᠠᠬᠤ ᠰᠠᠭᠤᠷᠢᠨ ᠭᠠᠵᠠᠷ ᠢ ᠪᠠᠶᠢᠭᠤᠯᠬᠤ ᠪᠠᠷ ᠳᠠᠮᠵᠢᠨ᠂ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ ᠲᠡᠭᠡᠭᠰᠢᠯᠡᠬᠦᠯᠦᠨ᠂ ᠵᠢᠭᠤᠯᠴᠢᠯᠠᠯ ᠤᠨ ᠦᠢᠯᠡᠰ ᠢ ᠲᠠᠭᠠᠭᠤᠯᠤᠨ ᠬᠦᠭᠵᠢᠬᠦᠯᠬᠦ‍ ᠨᠢᠭᠡ ᠤᠳᠠᠭᠠᠨ ᠤ ᠰᠢᠨ᠎ᠡ ᠰᠦᠪᠡᠭᠴᠢᠯᠡᠯᠲᠡ ᠪᠣᠯᠬᠤ ᠶᠤᠮ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号