︵ᠵᠢᠷᠭᠤᠭ᠎ᠠ︶ ᠬᠦᠪᠡᠭᠡᠲᠦ ᠰᠢᠷ᠎ᠠ ᠬᠤᠰᠢᠭᠤᠨ ᠤ ᠠᠳᠤᠭᠤᠨ ᠰᠤᠶᠤᠯ ᠤᠨ ᠮᠦᠽᠸᠢ
ᠨᠡᠶᠢᠲᠡᠯᠡᠭᠰᠡᠨ ᠴᠠᠭ᠄
2020/5/22
       ᠮᠤᠩᠭᠤᠯ ᠠᠳᠤᠭᠤᠨ ᠰᠤᠶᠤᠯ ᠤᠨ ᠮᠦᠽᠸᠢ ᠨᠢ ᠲᠤᠭᠤᠷᠢᠭ ᠬᠡᠯᠪᠡᠷᠢ ᠲᠠᠢ᠂ ᠤᠷᠤᠢ ᠨᠢ ᠠᠳᠤᠭᠤᠨ ᠲᠤᠭᠤᠷᠠᠢ ᠶᠢᠨ ᠬᠡᠯᠪᠡᠷᠢ ᠲᠠᠢ ᠪᠠᠷᠢᠯᠭ᠎ᠠ ᠪᠠᠶᠢᠵᠤ᠂ ᠭᠠᠳᠠᠷ ᠬᠡᠷᠡᠮ ᠲᠡᠭᠡᠷ᠎ᠡ ᠪᠠᠨ ᠠᠳᠤᠭᠤᠴᠢᠨ ᠬᠦᠮᠦᠨ ᠤ ᠳᠦᠷᠪᠡᠨ ᠤᠯᠠᠷᠢᠯ ᠢ ᠠᠮᠢᠳᠤᠯᠢᠭ ᠵᠢᠷᠤᠭᠯᠠᠭᠰᠠᠨ ᠪᠠᠶᠢᠳᠠᠭ᠃        ᠮᠤᠩᠭᠤᠯ ᠠᠳᠤᠭᠤᠨ ᠰᠤᠶᠤᠯ ᠤᠨ ᠮᠦᠽᠸᠢ ᠨᠢ 2008 ᠣᠨ ᠤ 5 ᠰᠠᠷ᠎ᠠ ᠳᠤ ᠪᠠᠶᠢᠭᠤᠯᠤᠭᠳᠠᠵᠤ᠂ ᠲᠠᠯᠠᠪᠠᠢ ᠨᠢ 600 ᠲᠡᠭᠰᠢ ᠲᠦᠷᠪᠡᠯᠵᠢᠨ ᠮᠧᠲᠷ ᠪᠠᠶᠢᠵᠤ᠂ ᠤᠯᠤᠰ ᠤᠨ 2A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠤᠨ᠎ᠠ᠃ 426 ᠵᠦᠢᠯ ᠤᠨ ᠲᠡᠯᠭᠡᠨ ᠦᠵᠡᠬᠦᠯᠭᠡ ᠶᠢᠨ ᠡᠳ᠋ ᠠᠭᠤᠷᠠᠰᠤ ᠬᠠᠳᠠᠭᠠᠯᠠᠭᠳᠠᠵᠤ ᠪᠠᠶᠢᠳᠠᠭ᠃ ᠮᠤᠩᠭᠤᠯ ᠮᠣᠷᠢᠨ ᠤ ᠪᠡᠯᠭᠡᠳᠡᠯ ᠪᠤᠯᠤᠭᠰᠠᠨ ᠮᠣᠷᠢ ᠤᠷᠤᠯᠳᠤᠬᠤ᠂ ᠮᠣᠷᠢ ᠤᠷᠭᠠᠯᠠᠬᠤ᠂ ᠮᠣᠷᠢ ᠪᠠᠷᠢᠬᠤ᠂ ᠡᠮᠨᠢᠭ ᠰᠤᠷᠭᠠᠬᠤ᠂ ᠠᠳᠤᠭᠤ ᠲᠠᠮᠠᠭᠠᠯᠠᠬᠤ ᠵᠡᠷᠭᠡ ᠵᠢᠷᠤᠭ ᠵᠢᠴᠢ ᠴᠢᠩᠬᠢᠰ ᠬᠠᠭᠠᠨ ᠤ ᠬᠤᠣᠰ ᠰᠢᠷᠭ᠎ᠠ᠂ ᠨᠠᠢᠮᠠᠨ ᠰᠢᠷᠭ᠎ᠠ ᠤᠨ ᠲᠦᠪᠡᠷᠭᠡᠨ ᠵᠡᠷᠭᠡ ᠰᠡᠶᠢᠯᠦᠮᠡᠯ ᠵᠢᠷᠤᠭ ᠨᠢ ᠬᠦᠮᠦᠰ ᠢ ᠭᠠᠶᠢᠬᠠᠰᠢᠷᠠᠭᠤᠯᠤᠨ᠎ᠠ᠃ ᠵᠢᠷᠤᠭ ᠤᠨ ᠬᠠᠵᠠᠭᠤ ᠳᠤ ᠦᠰᠦᠭ ᠪᠢᠴᠢᠭ ᠤᠨ ᠲᠠᠶᠢᠯᠪᠦᠷᠢ ᠲᠠᠭᠠᠯᠳᠤᠭᠤᠯᠵᠤ᠂ ᠮᠣᠩᠭᠤᠯ ᠮᠤᠷᠢᠨ ᠤ ᠵᠢᠰᠦᠮ᠂ ᠡᠯ᠎ᠡ ᠡᠷᠭᠡᠳᠡᠨ ᠤ ᠨᠡᠷᠡᠶᠢᠳᠦᠯ᠂ ᠰᠢᠲᠦ᠂ ᠠᠯᠬᠤᠭ᠎ᠠ ᠬᠦᠶᠦᠳᠡᠯ᠂ ᠢᠮ ᠲᠠᠮᠠᠭ᠎ᠠ ᠵᠡᠷᠭᠡ ᠶᠢ ᠨᠠᠷᠢᠨ ᠨᠢᠭᠲᠠ ᠲᠠᠶᠢᠯᠪᠦᠷᠢᠯᠠᠭᠰᠠᠨ ᠪᠠᠶᠢᠳᠠᠭ᠃ ᠡᠬᠦᠨ ᠠᠴᠠ ᠭᠠᠳᠠᠨ᠎ᠠ ᠮᠢᠩ ᠴᠢᠩ ᠤᠨ ᠦᠶ᠎ᠡ ᠶᠢᠨ ᠮᠤᠩᠭᠤᠯ ᠮᠤᠷᠢᠨ ᠤ ᠲᠤᠬᠠᠢ ᠲᠠᠢ ᠰᠤᠳᠤᠷ ᠪᠢᠴᠢᠭ ᠢ ᠴᠤ ᠬᠠᠳᠠᠭᠠᠯᠠᠵᠤ ᠪᠠᠶᠢᠨ᠎ᠠ᠃        ᠲᠡᠯᠭᠡᠨ ᠦᠵᠡᠭᠦᠯᠭᠡ ᠶᠢᠨ ᠲᠢᠩᠬᠢᠮ ᠳᠤ ᠡᠮᠡᠭᠡᠯ ᠤᠨ ᠲᠤᠰᠬᠠᠢ ᠪᠤᠯᠤᠩ ᠪᠠᠶᠢᠵᠤ᠂ ᠴᠠᠬᠠᠷ ᠡᠮᠡᠭᠡᠯ᠂ ᠰᠦᠨᠢᠳ ᠡᠮᠡᠭᠡᠯ᠂ ᠦᠵᠦᠮᠦᠴᠢᠨ ᠡᠮᠡᠭᠡᠯ᠂ ᠤᠷᠠᠳ ᠡᠮᠡᠭᠡᠯ᠂ ᠠᠪᠠᠭ᠎ᠠ ᠡᠮᠡᠭᠡᠯ᠂ ᠣᠷᠳᠣᠰ ᠡᠮᠡᠭᠡᠯ᠂ ᠵᠢᠷᠢᠮ ᠡᠮᠡᠭᠡᠯ ᠭᠡᠬᠦ ᠮᠡᠳᠦᠴᠢᠯᠡᠨ ᠦᠪᠡᠷ ᠦᠪᠡᠷ ᠤᠨ ᠣᠨᠴᠠᠯᠢᠭ ᠲᠠᠢ ᠡᠮᠡᠭᠡᠯ ᠨᠤᠭᠤᠳ ᠢ ᠲᠡᠯᠭᠡᠨ ᠦᠵᠡᠬᠦᠯᠵᠦ ᠪᠤᠢ᠃        ᠮᠣᠩᠭᠤᠯ ᠠᠳᠤᠭᠤᠨ ᠰᠤᠶᠤᠯ ᠤᠨ ᠮᠦᠽᠸᠢ ᠨᠢ ᠦᠨᠳᠦᠰᠦᠳᠡᠨ ᠤ ᠲᠡᠦᠬᠡ ᠶᠢ ᠮᠦᠷᠳᠡᠨ᠂ ᠦᠨᠳᠦᠰᠦᠳᠡᠨ ᠤ ᠰᠤᠶᠤᠯ ᠢ ᠤᠯᠠᠮᠵᠢᠯᠠᠨ ᠲᠡᠯᠭᠡᠷᠡᠬᠦᠯᠬᠦ᠂ ᠰᠤᠶᠤᠯ ᠵᠢᠭᠤᠯᠴᠢᠯᠠᠯ ᠢ ᠬᠦᠭᠵᠢᠬᠦᠯᠬᠦ᠂ ᠭᠠᠵᠠᠷ ᠣᠷᠤᠨ ᠤ ᠣᠨᠴᠠᠯᠢᠭ ᠢ ᠲᠤᠪᠤᠶᠢᠯᠭᠠᠬᠤ ᠳᠤ ᠮᠠᠰᠢ ᠶᠡᠭᠡ ᠠᠯᠤᠰ ᠬᠡᠳᠦ ᠶᠢᠨ ᠠᠴᠢ ᠬᠤᠯᠪᠤᠭᠳᠠᠯ ᠲᠠᠢ ᠶᠤᠮ᠃        ᠤᠷᠴᠢᠮ ᠤᠨ ᠵᠢᠯ ᠠᠴᠠ ᠬᠦᠪᠡᠭᠡᠲᠦ ᠰᠢᠷ᠎ᠠ ᠬᠤᠰᠢᠭᠤ ᠨᠢ ᠮᠤᠩᠭᠤᠯ ᠮᠣᠷᠢᠨ ᠤ ᠮᠦᠽᠸᠢ ᠶᠢᠨ ᠭᠠᠳᠠᠷ ᠬᠠᠨ᠎ᠠ ᠬᠡᠷᠡᠮ᠂ ᠰᠡᠶᠢᠯᠦᠮᠡᠯ ᠬᠠᠨ᠎ᠠ ᠶᠢᠨ ᠵᠢᠷᠤᠭ᠂ ᠲᠡᠯᠭᠡᠨ ᠦᠵᠡᠬᠦᠯᠭᠡ ᠶᠢᠨ ᠬᠤᠷᠭᠤ ᠵᠡᠷᠭᠡ ᠶᠢ ᠵᠠᠰᠠᠵᠤ ᠦᠬᠡᠷᠡᠴᠢᠯᠡᠨ᠂ ᠮᠦᠽᠸᠢ ᠶᠢᠨ ᠲᠦᠷᠢᠮᠵᠢᠭᠰᠡᠨ᠂ ᠬᠠᠤᠯᠢᠵᠢᠭᠰᠠᠨ᠂ ᠲᠤᠰᠬᠠᠶᠢᠵᠢᠭᠰᠠᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠠ ᠦᠬᠡᠢ ᠲᠦᠯᠬᠢᠨ ᠠᠬᠢᠭᠤᠯᠵᠤ᠂ ᠨᠡᠶᠢᠭᠡᠮ ᠤᠨ ᠰᠤᠷᠭᠠᠨ ᠬᠦᠮᠦᠵᠢᠯ ᠤᠨ ᠴᠢᠳᠠᠪᠬᠢ ᠶᠢ ᠤᠯᠠᠮ ᠶᠡᠭᠡ ᠴᠢᠬᠤᠯᠠᠴᠢᠯᠠᠵᠤ ᠪᠤᠢ᠃ ᠦᠵᠡᠭᠴᠢᠳ ᠮᠦᠽᠸᠢ ᠶᠢ ᠲᠤᠭᠤᠷᠢᠨ ᠦᠵᠡᠬᠦ ᠪᠠᠷ ᠳᠠᠮᠵᠢᠭᠠᠳ᠂ ᠮᠤᠩᠭᠤᠯ ᠮᠣᠷᠢᠨ ᠤ ᠰᠤᠶᠤᠯ ᠲᠡᠦᠬᠡ ᠶᠢ ᠣᠶᠢᠯᠠᠭᠠᠨ᠂ ᠮᠣᠷᠢᠨ ᠤ ᠬᠠᠮᠢᠭ᠎ᠠ ᠪᠦᠬᠦᠢ ᠤᠷᠠᠯᠢᠭ ᠢ ᠮᠡᠳᠡᠷᠡᠨ᠂ ᠦᠨᠳᠦᠰᠦᠳᠡᠨ ᠤ ᠰᠤᠶᠤᠯ ᠤᠨ ᠢᠳᠡᠭᠡᠯ ᠨᠢ ᠨᠡᠮᠡᠭᠳᠡᠬᠦ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号