ᠬᠤᠶᠠᠷ ᠬᠤᠷᠠᠯ ᠠᠴᠠ ᠵᠠᠯᠠᠭᠤᠴᠤᠳ ᠤᠨ ᠠᠩᠬᠠᠷᠴᠤ ᠪᠠᠶᠢᠭ᠎ᠠ 16 ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠬᠦᠯ᠎ᠡ
ᠨᠡᠶᠢᠲᠡᠯᠡᠭᠰᠡᠨ ᠴᠠᠭ᠄
2020-05-27
      ᠰᠤᠷᠤᠯᠴᠠᠯᠭ᠎ᠠ      ᠡᠨᠡ ᠵᠢᠯ ᠪᠣᠯᠤᠨ ᠢᠷᠡᠬᠦ ᠵᠢᠯ ᠳᠤ ᠠᠵᠢᠯ ᠮᠡᠷᠭᠡᠵᠢᠯ ᠤᠨ ᠤᠷ᠎ᠠ ᠴᠢᠳᠠᠪᠦᠷᠢ ᠶᠢᠨ ᠪᠤᠯᠪᠠᠰᠤᠷᠠᠯ ᠬᠦᠷᠳᠡᠭᠡᠬᠦ ᠬᠦᠮᠦᠨ ᠤᠳᠠᠭ᠎ᠠ ᠶᠢᠨ ᠲᠤᠭ᠎ᠠ ᠶᠢ 3500 ᠲᠦᠮᠡ ᠶᠢ ᠳᠠᠪᠠᠭᠤᠯᠤᠨ᠎ᠠ᠃      ᠲᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 200 ᠲᠦᠮᠡᠨ ᠬᠦᠮᠦᠨ ᠤᠳᠠᠭ᠎ᠠ ᠢ ᠦᠷᠭᠡᠳᠬᠡᠨ ᠡᠯᠰᠡᠨ᠎ᠡ᠃            ᠠᠵᠢᠯ ᠣᠯᠭᠤᠯᠲᠠ      ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠭᠤᠬᠤ ᠬᠦᠮᠦᠨ ᠤᠨ ᠲᠤᠭ᠎ᠠ ᠶᠢ 900 ᠲᠦᠮᠡ ᠲᠠᠪᠠᠭᠤᠯᠤᠨ᠎ᠠ᠃      ᠡᠯ᠎ᠡ ᠭᠠᠵᠠᠷ ᠤᠨ ᠬᠢᠨ ᠠᠵᠢᠯ ᠣᠯᠭᠤᠯᠬᠤ ᠲᠠᠯ᠎ᠠ ᠪᠠᠷ ᠬᠢ ᠵᠦᠢ ᠵᠤᠬᠢᠰᠳᠠᠢ ᠦᠬᠡᠢ ᠬᠢᠵᠠᠭᠠᠷᠯᠠᠯ ᠢ ᠠᠷᠢᠯᠭᠠᠨ ᠬᠦᠴᠦᠨ ᠦᠬᠡᠢ ᠪᠤᠯᠭᠠᠬᠤ ᠬᠡᠷᠡᠭᠳᠡᠢ᠃      ᠶᠡᠭᠡ ᠲᠡᠭᠡᠳᠦ ᠰᠤᠷᠭᠠᠭᠤᠯᠢ ᠪᠠ ᠬᠠᠷᠢᠶ᠎ᠠ ᠭᠠᠵᠠᠷ ᠤᠨ ᠵᠠᠰᠠᠭ ᠤᠨ ᠣᠷᠳᠤᠨ ᠠᠴᠠ ᠴᠦᠮ ᠲᠠᠰᠤᠷᠠᠯᠲᠠ ᠦᠬᠡᠢ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ ᠬᠡᠷᠡᠭᠳᠡᠢ᠃             ᠠᠶᠠᠯᠠᠯ      ᠴᠠᠬᠢᠯᠭᠠᠨ ᠴᠡᠨᠡᠭᠯᠡᠬᠦ ᠪᠠᠭᠠᠨ᠎ᠠ ᠪᠠᠶᠢᠭᠤᠯᠤᠨ᠎ᠠ᠃      ᠰᠢᠨ᠎ᠡ ᠡᠨᠧᠷᠬᠢ ᠶᠢᠨ ᠮᠠᠰᠢᠨ ᠲᠡᠷᠭᠡ ᠶᠢ ᠲᠦᠭᠡᠮᠡᠯᠵᠢᠬᠦᠯᠦᠨ᠎ᠡ᠃      ᠡᠮ ᠡᠮᠨᠡᠯᠭᠡ      ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠦᠮᠦᠨ ᠳᠤᠮᠳᠠᠴᠢ ᠶᠢᠨ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ 30 ᠲᠦᠬᠦᠷᠢᠭ ᠨᠡᠮᠡᠭᠳᠡᠬᠦᠯᠦᠨ᠎ᠡ᠃      ᠡᠬᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠣᠭᠠᠴᠠᠨ ᠪᠤᠳᠤᠬᠤ ᠲᠤᠷᠰᠢᠯᠲᠠ ᠶᠢᠨ ᠴᠡᠭ ᠪᠠᠶᠢᠭᠤᠯᠤᠨ᠎ᠠ᠃      ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠳᠠ ᠶᠢ ᠴᠢᠩᠭᠠᠳᠬᠠᠵᠤ᠂ ᠠᠮᠤᠷ ᠲᠦᠪᠰᠢᠨ ᠢ ᠦᠨᠡᠨᠬᠦ ᠪᠠᠳᠤᠯᠠᠨ᠎ᠠ᠃      ᠤᠷᠤᠨ ᠰᠠᠭᠤᠴᠠ      ᠭᠡᠷ ᠪᠠᠶᠢᠰᠢᠩ ᠪᠣᠯ ᠰᠠᠭᠤᠬᠤ ᠳᠤ ᠵᠣᠷᠢᠭᠤᠯᠤᠭᠰᠠᠨ ᠠᠴᠠ ᠪᠢᠰᠢ ᠰᠠᠷᠢᠭᠠᠯᠠᠬᠤ ᠳᠤ ᠵᠤᠷᠢᠭᠤᠯᠤᠭᠰᠠᠨ ᠪᠢᠰᠢ ᠭᠡᠳᠡᠭ ᠦᠵᠡᠯᠲᠡ ᠶᠢ ᠪᠠᠷᠢᠮᠲᠠᠯᠠᠨ᠎ᠠ᠃      ᠬᠤᠲᠠ ᠶᠢᠨ ᠪᠠᠶᠢᠳᠠᠯ ᠳᠤ ᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠬᠦᠯᠵᠦ᠂ ᠭᠡᠷ ᠭᠠᠵᠠᠷ ᠬᠦᠷᠦᠩᠬᠡ ᠶᠢᠨ ᠵᠠᠬ᠎ᠠ ᠲᠡᠯᠭᠡᠬᠦᠷ ᠤᠨ ᠡᠷᠡᠬᠦᠯ ᠲᠤᠭᠳᠠᠭᠤᠨ ᠢᠶᠠᠷ ᠬᠦᠭᠵᠢᠬᠦ ᠶᠢ ᠠᠬᠢᠭᠤᠯᠤᠨ᠎ᠠ᠃            ᠰᠤᠷᠭᠠᠨ ᠬᠦᠮᠦᠵᠢᠯ      ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠲᠦᠷᠢᠮᠲᠤ ᠰᠤᠷᠭᠠᠭᠤᠯᠢ ᠪᠠ ᠰᠢᠶᠠᠨ ᠤ ᠲᠥᠪ ᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃      ᠤᠨᠴᠠᠭᠠᠢ ᠰᠤᠷᠭᠠᠨ ᠬᠦᠮᠦᠵᠢᠯ᠂ ᠦᠷᠬᠦᠯᠵᠢᠯᠡᠭᠰᠡᠨ ᠰᠤᠷᠭᠠᠨ ᠬᠦᠮᠦᠵᠢᠯ ᠢ ᠰᠠᠶᠢᠲᠤᠷ ᠡᠷᠬᠢᠯᠡᠬᠦ ᠬᠡᠷᠡᠭᠳᠡᠢ᠃      ᠲᠡᠷᠢᠬᠦᠨ ᠤ ᠶᠡᠭᠡ ᠰᠤᠷᠭᠠᠭᠤᠯᠢ ᠪᠠ ᠲᠡᠷᠢᠬᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠤᠨ᠎ᠠ᠃      ᠶᠡᠭᠡ ᠲᠡᠬᠡᠳᠦ ᠰᠤᠷᠭᠠᠭᠤᠯᠢ ᠶᠢᠨ ᠬᠦᠳᠡᠭᠡ ᠲᠤᠰᠬᠤᠨ ᠪᠠ ᠶᠠᠳᠠᠭᠤ ᠬᠦᠴᠢᠷᠳᠡᠯᠳᠡᠢ ᠭᠠᠵᠠᠷ ᠣᠷᠤᠨ ᠤ ᠰᠤᠷᠤᠭᠴᠢ ᠡᠯᠰᠡᠬᠦ ᠬᠡᠪᠴᠢᠶ᠎ᠡ ᠶᠢ ᠦᠷᠭᠡᠳᠬᠡᠨ᠎ᠡ᠃       ᠰᠦᠯᠵᠢᠶ᠎ᠡ      ᠦᠷᠭᠡᠨ ᠪᠦᠰᠡᠳᠦ ᠰᠦᠯᠵᠢᠶ᠎ᠡ ᠪᠠ ᠲᠤᠰᠬᠠᠢ ᠱᠤᠭᠤᠮ ᠤᠨ ᠳᠤᠮᠳᠠᠴᠢ ᠵᠠᠷᠤᠳᠠᠯ ᠢ 15% ᠢᠶᠠᠷ ᠪᠠᠭᠤᠷᠠᠭᠤᠯᠤᠨ᠎ᠠ᠃      ᠡᠯᠧᠺᠲᠷᠤᠨ ᠬᠤᠳᠠᠯᠳᠤᠭ᠎ᠠ      ᠢᠳᠡᠭᠡᠨ ᠤᠮᠳᠠᠭᠠᠨ᠂ ᠬᠤᠳᠠᠯᠳᠤᠭᠠᠨ ᠤ ᠲᠠᠯᠠᠪᠤᠷ᠂ ᠰᠤᠶᠤᠯ᠂ ᠵᠢᠭᠤᠯᠴᠢᠯᠠᠯ᠂ ᠠᠳᠠᠯ ᠦᠢᠯᠡᠴᠢᠯᠡᠭᠡ ᠵᠡᠷᠭᠡ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠰᠡᠷᠢᠭᠦᠬᠡᠨ ᠬᠦᠭᠵᠢᠬᠦᠯᠬᠦ ᠶᠢ ᠳᠡᠮᠵᠢᠵᠦ᠂ ᠰᠦᠯᠵᠢᠶᠡᠨ ᠲᠡᠭᠡᠷᠡᠬᠢ ᠪᠠ ᠰᠦᠯᠵᠢᠶᠡᠨ ᠤ ᠭᠠᠳᠠᠨᠠᠬᠢ ᠠᠭᠤᠰᠤᠯᠴᠠᠯ ᠢ ᠠᠬᠢᠭᠤᠯᠤᠨ᠎ᠠ᠃      ᠡᠯᠧᠺᠲᠷᠤᠨ ᠬᠤᠳᠠᠯᠳᠤᠭ᠎ᠠ᠂ ᠲᠦᠷᠭᠡᠨ ᠭᠤᠪᠢᠭᠤᠯᠭ᠎ᠠ ᠶᠢᠨ ᠬᠦᠳᠡᠭᠡ ᠲᠤᠰᠬᠤᠨ ᠳᠤ ᠬᠦᠨᠵᠡᠭᠡᠶᠢᠷᠡᠬᠦ ᠶᠢ ᠲᠡᠮᠵᠢᠵᠤ᠂ ᠬᠦᠳᠡᠭᠡ ᠲᠤᠰᠬᠤᠨ ᠤ ᠬᠡᠷᠡᠭᠯᠡᠭᠡ ᠶᠢ ᠦᠷᠭᠡᠳᠬᠡᠨ᠎ᠡ᠃      ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠦᠭᠵᠢᠯᠲᠡ ᠶᠢ ᠠᠬᠢᠭᠤᠯᠤᠨ᠎ᠠ᠃      ᠲᠡᠮᠵᠢᠯᠭᠡ ᠶᠢᠨ ᠲᠥᠷᠦ ᠶᠢᠨ ᠪᠤᠳᠤᠯᠭ᠎ᠠ ᠶᠢ ᠦᠷᠬᠦᠯᠵᠢᠯᠡᠨ ᠲᠤᠭᠳᠠᠭᠠᠵᠤ᠂ ︽ᠢᠨᠲ᠋ᠧᠷ ᠰᠦᠯᠵᠢᠶ᠎ᠡ+︾ ᠶᠢ ᠪᠦᠬᠦ ᠲᠠᠯ᠎ᠠ ᠪᠠᠷ ᠠᠬᠢᠭᠤᠯᠤᠨ᠎ᠠ᠃       ᠡᠷᠳᠡᠮ ᠰᠢᠨᠵᠢᠯᠡᠭᠡ      ᠤᠯᠤᠰ ᠤᠨ ᠲᠤᠷᠰᠢᠯᠲᠠ ᠶᠢᠨ ᠲᠠᠰᠤᠭ ᠢ ᠲᠦᠷᠭᠡᠳᠬᠡᠨ ᠪᠠᠶᠢᠭᠤᠯᠵᠤ᠂ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠲᠠᠬᠢᠨ ᠪᠠᠶᠢᠭᠤᠯᠤᠨ᠎ᠠ᠃      ᠮᠡᠳᠡᠯᠭᠡ ᠶᠢᠨ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃      ᠭᠤᠤᠯᠳᠠᠯᠭ᠎ᠠ ᠲᠠᠢ ᠲᠥᠷᠦᠯ ᠵᠦᠢᠯ ᠤᠨ ᠪᠡᠷᠬᠡ ᠶᠢ ᠲᠤᠭᠤᠯᠬᠤ ᠳᠤ ︽ᠡᠬᠦᠷᠭᠡ ᠲᠣᠰᠴᠤ ᠤᠳᠤᠷᠢᠳᠤᠨ ᠲᠠᠭᠠᠭᠤᠯᠬᠤ︾ ᠶᠢ ᠬᠡᠷᠡᠭᠵᠢᠬᠦᠯᠵᠦ᠂ ᠬᠡᠨ ᠬᠢᠵᠤ ᠴᠢᠳᠠᠪᠠᠯ ᠲᠡᠬᠦᠨ ᠢᠶᠠᠷ ᠬᠢᠯᠭᠡᠨ᠎ᠡ᠃      ᠦᠢᠯᠡᠰ ᠪᠤᠰᠬᠠᠬᠤ      ᠡᠯ᠎ᠡ ᠲᠥᠷᠦᠯ ᠤᠨ ᠦᠢᠯᠡᠰ ᠪᠤᠰᠬᠠᠭᠴᠢ ᠶᠢᠨ ᠲᠠᠩᠰᠠᠯᠠᠨ ᠡᠵᠡᠩᠨᠡᠬᠦ᠂ ᠴᠠᠭ ᠲᠤᠬᠠᠢ ᠳᠤᠨᠢ ᠲᠡᠳᠬᠦᠨ ᠳᠡᠮᠵᠢᠬᠦ ᠲᠥᠷᠦ ᠶᠢᠨ ᠪᠤᠳᠤᠯᠭ᠎ᠠ ᠶᠢ ᠬᠦᠷᠲᠡᠬᠦ ᠳᠤ ᠲᠦᠬᠦᠶᠢᠮᠦ ᠦᠵᠡᠬᠦᠯᠦᠨ᠎ᠡ᠃      ᠦᠢᠯᠡᠰ ᠪᠤᠰᠬᠠᠬᠤ ᠪᠡᠯᠡ ᠤᠷᠤᠭᠤᠯᠤᠯᠲᠠ ᠶᠢ ᠬᠦᠭᠵᠢᠬᠦᠯᠵᠦ᠂ ᠦᠢᠯᠡᠰ ᠪᠤᠰᠬᠠᠬᠤ ᠪᠠᠳᠤᠯᠠᠭ᠎ᠠ ᠶᠢᠨ ᠵᠢᠭᠡᠯᠡᠯᠭᠡ ᠶᠢ ᠨᠡᠮᠡᠭᠳᠡᠬᠦᠯᠦᠨ᠎ᠡ᠃      ᠨᠢᠭᠡ ᠪᠦᠯᠦᠭ ᠰᠢᠨ᠎ᠡ ᠶᠢ ᠡᠬᠦᠳᠴᠦ ᠦᠢᠯᠡᠰ ᠪᠤᠰᠬᠠᠬᠤ ᠵᠢᠱᠢᠶ᠎ᠡ ᠦᠵᠡᠬᠦᠯᠬᠦ ᠰᠠᠭᠤᠷᠢᠨ ᠢ ᠰᠢᠨ᠎ᠡ ᠪᠠᠷ ᠪᠠᠶᠢᠭᠤᠯᠤᠨ᠎ᠠ᠃     ᠨᠡᠶᠢᠭᠡᠮ ᠲᠤᠭᠤᠷᠢᠭ ᠭᠡᠷ ᠪᠦᠯᠢ      ᠨᠠᠰᠤᠵᠢᠯ ᠤᠨ ᠠᠰᠠᠷᠠᠮᠵᠢ᠂ ᠨᠢᠯᠬ᠎ᠠ ᠬᠡᠦᠭᠡᠳ ᠢ ᠬᠠᠷᠠᠭᠠᠯᠵᠠᠬᠤ ᠦᠢᠯᠡᠴᠢᠯᠡᠭᠡ ᠶᠢ ᠬᠦᠭᠵᠢᠬᠦᠯᠦᠨ᠎ᠡ᠃      3.9 ᠲᠦᠮᠡᠨ ᠬᠤᠲᠠ ᠬᠦᠳᠡᠭᠡ ᠶᠢᠨ ᠬᠠᠭᠤᠴᠢᠨ ᠣᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠰᠢᠨ᠎ᠡ ᠪᠠᠷ ᠡᠬᠢᠯᠡᠬᠦᠯᠦᠨ᠎ᠡ᠃      ᠴᠠᠬᠢᠯᠭᠠᠨ ᠱᠠᠳᠤ ᠨᠡᠮᠡᠵᠦ ᠤᠭᠰᠠᠷᠠᠬᠤ ᠶᠢ ᠳᠡᠮᠵᠢᠵᠦ᠂ ᠬᠤᠭᠤᠯᠨ ᠢᠳᠡᠬᠦ᠂ ᠠᠷᠢᠭᠤᠨ ᠴᠡᠪᠡᠷ ᠢ ᠬᠠᠮᠠᠭᠠᠯᠠᠬᠤ ᠵᠡᠷᠭᠡ ᠣᠯᠠᠨ ᠶᠠᠩᠵᠤ ᠶᠢᠨ ᠨᠡᠶᠢᠭᠡᠮ ᠲᠤᠭᠤᠷᠢᠭ ᠤᠨ ᠦᠢᠯᠡᠴᠢᠯᠡᠭᠡ ᠶᠢ ᠬᠦᠭᠵᠢᠬᠦᠯᠦᠨ᠎ᠡ᠃      ᠠᠷᠠᠳ ᠲᠤ ᠳᠦᠬᠦᠮ ᠦᠵᠡᠬᠦᠯᠬᠦ ᠲᠦᠬᠦᠭᠡᠷᠦᠮᠵᠢ ᠶᠢ ᠲᠡᠬᠦᠯᠳᠡᠷᠵᠢᠬᠦᠯᠦᠨ᠎ᠡ᠃        ᠨᠠᠰᠤᠵᠢᠯ ᠤᠨ ᠠᠰᠠᠷᠠᠮᠵᠢ      ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ ᠦᠨᠳᠦᠰᠦᠨ ᠨᠠᠰᠤᠵᠢᠯ ᠤᠨ ᠠᠰᠠᠷᠠᠮᠵᠢ ᠢ ᠲᠡᠭᠡᠭᠰᠢᠯᠡᠬᠦᠯᠦᠨ᠎ᠡ᠃      ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠎ᠡ᠃      ᠠᠵᠢᠯ ᠬᠦᠢᠴᠡᠳᠬᠡᠬᠦ      ᠨᠡᠩ ᠣᠯᠠᠨ ᠦᠢᠯᠡᠴᠢᠯᠡᠭᠡᠨ ᠤ ᠵᠦᠢᠯᠡᠰ ᠢ ᠨᠢᠭᠡ ᠯᠠ ᠰᠦᠯᠵᠢᠶ᠎ᠡ ᠪᠠᠷ ᠪᠦᠬᠦᠨ ᠢ ᠬᠦᠢᠴᠡᠳᠬᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠢᠨ ᠪᠦᠬᠦ ᠶᠠᠪᠤᠴᠠ ᠶᠢ ᠰᠦᠯᠵᠢᠶᠡᠨ ᠲᠡᠭᠡᠷ᠎ᠡ ᠬᠦᠢᠴᠡᠳᠭᠡᠵᠦ ᠲᠡᠶᠢᠯᠬᠦ ᠶᠢ ᠪᠡᠶᠡᠯᠡᠬᠦᠯᠦᠨ᠎ᠡ᠃      ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠠᠩᠰᠠᠯᠠᠨ ᠡᠵᠡᠩᠨᠡᠬᠦ ᠭᠠᠵᠠᠷ ᠤᠨ ᠬᠢᠵᠠᠭᠠᠷᠯᠠᠯ ᠢ ᠪᠠᠭᠠᠰᠬᠠᠨ᠎ᠠ᠃      ᠠᠵᠤ ᠠᠬᠤᠶᠢᠯᠠᠯ ᠤᠨ ᠵᠢᠭᠡᠯᠡᠯᠭᠡ      ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠶᠢ ᠬᠤᠶᠢᠰᠢᠯᠠᠭᠤᠯᠤᠨ ᠪᠤᠴᠠᠭᠠᠬᠤ ᠲᠥᠷᠦ ᠶᠢᠨ ᠪᠤᠳᠤᠯᠭ᠎ᠠ ᠶᠢ ᠢᠷᠡᠬᠦ ᠵᠢᠯ ᠤᠨ 3 ᠰᠠᠷ᠎ᠠ ᠶᠢᠨ ᠰᠡᠬᠦᠯᠴᠢ ᠪᠣᠯᠳᠠᠯ᠎ᠠ ᠤᠷᠳᠤᠳᠬᠠᠨ᠎ᠠ᠃      ᠨᠡᠶᠢᠳᠡᠮ ᠬᠠᠷᠠᠭᠠᠯᠵᠠᠬᠤ ᠬᠡᠯᠪᠡᠷᠢ ᠶᠢᠨ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢ ᠬᠤᠶᠢᠰᠢᠯᠠᠭᠤᠯᠪᠠᠰᠤ ᠵᠤᠬᠢᠬᠤ ᠶᠢ ᠨᠢ ᠪᠦᠬᠦᠨ ᠢ ᠬᠤᠶᠢᠰᠢᠯᠠᠭᠤᠯᠤᠨ᠎ᠠ᠃      ᠪᠤᠰᠤᠳ ᠬᠦᠴᠢᠷᠳᠡᠯᠳᠡᠢ ᠠᠵᠤ ᠠᠬᠤᠶᠢᠯᠠᠯ ᠤᠨ ᠵᠢᠭᠡᠯᠡᠯᠭᠡ ᠶᠢ ᠵᠥᠪᠳᠡᠯᠴᠡᠵᠦ ᠬᠤᠶᠢᠰᠢᠯᠠᠭᠤᠯᠤᠨ᠎ᠠ᠃      ᠭᠠᠶᠢᠯᠢ ᠶᠢ ᠪᠠᠭᠠᠰᠬᠠᠨ ᠰᠤᠶᠢᠳᠬᠡᠯ ᠢ ᠪᠠᠭᠤᠷᠠᠭᠤᠯᠬᠤ      ᠳᠤᠮᠳᠠ ᠪᠠᠭ᠎ᠠ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ ᠪᠠ ᠠᠵᠢᠯ ᠠᠴᠠ ᠪᠤᠯᠤᠭᠰᠠᠨ ᠬᠡᠮᠳᠦᠯ ᠤᠨ ᠲᠠᠭᠠᠳᠬᠠᠯ ᠤᠨ ᠪᠠᠶᠢᠭᠤᠯᠭ᠎ᠠ ᠠᠴᠠ ᠲᠤᠰᠢᠶᠠᠬᠤ ᠰᠦᠢᠳᠭᠡᠯ ᠢ ᠨᠢ ᠬᠡᠯᠳᠦᠷᠢᠬᠦᠯᠦᠨ᠎ᠡ᠃      ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠨᠡᠮᠡᠭᠳᠡᠯ ᠥᠷᠳᠡᠭ ᠤᠨ ᠭᠠᠶᠢᠯᠢ ᠶᠢ ᠬᠠᠰᠤᠵᠤ ᠬᠡᠯᠳᠦᠷᠢᠬᠦᠯᠦᠨ᠎ᠡ᠃      ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤᠮᠳᠠᠭᠠᠨ ᠬᠤᠨᠤᠬᠤ᠂ ᠵᠢᠭᠤᠯᠴᠢᠯᠠᠯ ᠵᠤᠭ᠎ᠠ ᠴᠡᠩᠭᠡᠯ᠂ ᠰᠤᠶᠤᠯ ᠪᠡᠶ᠎ᠡ ᠶᠢᠨ ᠲᠠᠮᠢᠷ ᠵᠡᠷᠭᠡ ᠦᠢᠯᠡᠴᠢᠯᠡᠭᠡᠨ ᠤ ᠨᠡᠮᠡᠭᠳᠡᠯ ᠥᠷᠳᠡᠭ ᠤᠨ ᠭᠠᠶᠢᠯᠢ ᠶᠢ ᠬᠡᠯᠳᠦᠷᠢᠬᠦᠯᠦᠨ᠎ᠡ᠃      ︵ᠡᠮᠦᠨᠡᠬᠢ ᠦᠭᠡ ᠬᠤᠭᠤᠴᠠᠭᠠᠨ ᠳᠤ ᠨᠡᠶᠢᠳᠡᠯᠡᠭᠰᠡᠨ ᠵᠢᠷᠭᠤᠭᠠᠨ ᠰᠠᠷ᠎ᠠ ᠠᠴᠠ ᠡᠮᠦᠨ᠎ᠡ ᠬᠤᠭᠤᠴᠠᠭ᠎ᠠ ᠨᠢ ᠲᠤᠯᠤᠭᠰᠠᠨ ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠬᠤ ᠲᠥᠷᠦ ᠶᠢᠨ ᠪᠤᠳᠤᠯᠭ᠎ᠠ ᠶᠢᠨ ᠬᠡᠷᠡᠭᠵᠢᠬᠦᠯᠬᠦ ᠬᠤᠭᠤᠴᠠᠭ᠎ᠠ ᠶᠢ ᠵᠢᠯ ᠤᠨ ᠡᠴᠦᠰ ᠪᠤᠯᠲᠠᠯ᠎ᠠ ᠤᠷᠳᠤᠳᠬᠠᠨ᠎ᠠ︶᠃      ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠯᠵᠠᠪᠦᠷᠢ ᠶᠢᠨ ᠭᠠᠶᠢᠯᠢ ᠲᠤᠰᠢᠶᠠᠬᠤ ᠶᠢ ᠴᠦᠮ ᠲᠠᠷᠠᠭ᠎ᠠ ᠵᠢᠯ ᠪᠤᠯᠲᠠᠯ᠎ᠠ ᠬᠤᠶᠢᠰᠢᠯᠠᠭᠤᠯᠤᠨ᠎ᠠ᠃       ᠤᠯᠠᠨ ᠨᠡᠶᠢᠲᠡ ᠶᠢᠨ ᠡᠷᠡᠬᠦᠯ ᠬᠠᠮᠠᠭᠠᠯᠠᠯ       ᠸᠠᠺᠼᠢᠨ᠂ ᠡᠮ ᠤᠨ ᠵᠦᠢᠯ ᠪᠠ ᠲᠦᠷᠭᠡᠨ ᠪᠠᠶᠢᠴᠠᠭᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠡᠯᠡ ᠤᠷᠤᠭᠤᠯᠤᠯᠲᠠ ᠶᠢ ᠨᠡᠮᠡᠭᠳᠡᠬᠦᠯᠦᠨ᠎ᠡ᠃       ᠬᠢᠵᠢᠭ ᠢ ᠰᠡᠷᠭᠡᠶᠢᠯᠡᠬᠦ ᠠᠪᠤᠷᠠᠨ ᠵᠠᠰᠠᠬᠤ ᠡᠮᠴᠢᠯᠡᠭᠡᠨ ᠤ ᠲᠦᠬᠦᠭᠡᠷᠦᠮᠵᠢ ᠶᠢ ᠨᠡᠮᠡᠭᠳᠡᠬᠦᠯᠵᠦ᠂ ᠰᠢᠯᠵᠢᠮᠡᠯ ᠲᠤᠷᠰᠢᠯᠲᠠ ᠶᠢᠨ ᠲᠠᠰᠤᠭ ᠢ ᠨᠡᠮᠡᠭᠳᠡᠬᠦᠯᠦᠨ᠎ᠡ᠃       ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠪᠠᠳᠤᠯᠠᠭ᠎ᠠ ᠶᠢ ᠴᠢᠩᠭᠠᠳᠬᠠᠵᠤ᠂ ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠬᠢᠵᠢᠭ ᠤᠨ ᠰᠡᠷᠭᠡᠶᠢᠯᠡᠯᠲᠡ ᠶᠢ ᠴᠢᠩᠭᠠᠳᠬᠠᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ ᠤ ᠸᠢᠴᠧᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号