(ᠶᠢᠰᠦ︶ ᠴᠠᠬᠠᠷ ᠴᠠᠭᠠᠨ ᠢᠳᠡᠭᠡᠨ ᠤ ᠦᠢᠯᠡᠰ
ᠨᠡᠶᠢᠲᠡᠯᠡᠭᠰᠡᠨ ᠴᠠᠭ᠄
2020/5/29
      ᠬᠦᠪᠡᠭᠡᠲᠦ ᠰᠢᠷ᠎ᠠ ᠬᠤᠰᠢᠭᠤ ᠨᠢ ᠤᠯᠠᠮᠵᠢᠯᠠᠯᠲᠤ ᠴᠠᠭᠠᠨ ᠢᠳᠡᠭᠡᠨ ᠤ ᠰᠤᠶᠤᠯ ᠢᠶᠠᠨ ᠤᠯᠠᠮᠵᠢᠯᠠᠨ ᠬᠦᠭᠵᠢᠬᠦᠯᠬᠦ ᠶᠢ ᠴᠢᠬᠤᠯᠠᠴᠢᠯᠠᠭᠰᠠᠭᠠᠷ ᠢᠷᠡᠭᠰᠡᠨ ᠶᠤᠮ᠃ ᠲᠡᠦᠬᠡᠨ ᠳᠤ ᠴᠠᠬᠠᠷ ᠬᠤᠰᠢᠭᠤᠳ ᠨᠢ ᠬᠠᠭᠠᠨ ᠤ ᠣᠷᠳᠤᠨ ᠤ ᠴᠠᠭᠠᠨ ᠢᠳᠡᠭᠡ ᠶᠢ ᠪᠤᠯᠪᠠᠰᠤᠷᠠᠭᠤᠯᠬᠤ ᠰᠠᠭᠤᠷᠢᠨ ᠭᠠᠵᠠᠷ ᠪᠠᠶᠢᠵᠤ᠂ ᠴᠠᠬᠠᠷ ᠴᠠᠭᠠᠨ ᠢᠳᠡᠭᠡᠨ ᠨᠢ ︽ᠣᠷᠳᠤᠨ ᠤ ᠠᠮᠲᠠᠳᠤ ᠢᠳᠡᠭᠡᠨ︾ ᠬᠡᠮᠡᠨ ᠠᠯᠳᠠᠷᠰᠢᠵᠠᠢ᠃       ᠣᠷᠴᠢᠮ ᠤᠨ ᠵᠢᠯ᠂ ᠬᠦᠪᠡᠭᠡᠲᠦ ᠰᠢᠷ᠎ᠠ ᠬᠤᠰᠢᠭᠤ ᠨᠢ ᠤᠯᠠᠮᠵᠢᠯᠠᠯᠲᠤ ᠲᠡᠦᠬᠡ ᠰᠤᠶᠤᠯ ᠤᠨ ᠰᠠᠭᠤᠷᠢᠨ ᠲᠡᠭᠡᠷ᠎ᠡ᠂ ᠰᠢᠨ᠎ᠡ ᠴᠠᠭ ᠦᠶ᠎ᠡ ᠶᠢᠨ ᠰᠠᠭᠠᠷᠳᠠᠯᠭ᠎ᠠ ᠲᠠᠢ ᠵᠤᠬᠢᠴᠠᠯᠳᠤᠭᠤᠯᠨ᠂ ᠦᠨᠳᠦᠰᠦᠳᠡᠨ ᠤ ᠴᠠᠭᠠᠨ ᠢᠳᠡᠭᠡᠨ ᠤ ᠦᠢᠯᠡᠰ ᠢ ᠲᠠᠪᠠᠭᠤᠯᠢᠭ ᠤᠨᠴᠠᠯᠢᠭᠳᠤ ᠠᠵᠤ ᠦᠢᠯᠡᠰ ᠪᠤᠯᠭᠠᠨ᠂ ᠴᠠᠬᠠᠷ ᠴᠠᠭᠠᠨ ᠢᠳᠡᠭᠡᠨ ᠤ ᠴᠢᠨᠠᠷᠵᠢᠯ ᠢ ᠦᠷᠬᠦᠯᠵᠢᠯᠡᠨ ᠪᠠᠳᠤᠯᠠᠵᠤ᠂ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡᠨ ᠤ ᠦᠢᠯᠡᠰ ᠤᠨ ᠬᠦᠭᠵᠢᠯᠲᠡ ᠶᠢ ᠶᠡᠬᠡᠪᠡᠷ ᠲᠦᠯᠬᠢᠨ ᠠᠬᠢᠭᠤᠯᠤᠭᠰᠠᠨ ᠠᠴᠠ ᠣᠳᠤ ᠪᠤᠯᠬᠤ ᠳᠤ ᠦᠨᠳᠦᠰᠦᠳᠡᠨ ᠤ ᠤᠯᠠᠮᠵᠢᠯᠠᠯᠲᠣ ᠴᠠᠭᠠᠨ ᠢᠳᠡᠭᠡᠨ ᠤ ᠦᠢᠯᠡᠰ ᠨᠢ ᠨᠢᠭᠡᠨᠲᠡ ᠮᠠᠨ ᠤ ᠬᠤᠰᠢᠭᠤᠨ ᠤ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ ᠪᠠᠶᠠᠵᠢᠨ ᠴᠢᠨᠡᠭᠡᠯᠢᠭᠵᠢᠬᠦ ᠶᠢ ᠲᠦᠯᠬᠢᠨ ᠠᠬᠢᠭᠤᠯᠬᠤ ᠤᠨᠴᠠᠯᠢᠭᠲᠤ ᠠᠵᠤ ᠦᠢᠯᠡᠰ ᠪᠣᠯᠵᠠᠢ᠃       ᠤᠳᠤᠬᠠᠨ ᠳᠤ ᠪᠦᠬᠦ ᠬᠤᠰᠢᠭᠤᠨ ᠳᠤ 2 ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠲᠠᠯᠠᠪᠠᠢ ᠲᠠᠢ᠂ 4 ᠭᠠᠴᠠᠭᠠᠨ ᠤ 189 ᠡᠷᠦᠬᠡ ᠨᠢ ᠰᠠᠭᠠᠯᠢ ᠶᠢᠨ ᠦᠨᠢᠶ᠎ᠡ ᠮᠠᠯᠵᠢᠨ ᠲᠡᠵᠢᠬᠡᠵᠦ᠂ ᠡᠳᠦᠷ ᠤᠨ ᠰᠦᠨ ᠤ ᠭᠠᠷᠤᠯᠳᠠ ᠨᠢ 17 ᠲᠤᠨ ᠳᠤ ᠬᠦᠷᠴᠦ ᠪᠣᠢ᠃ ᠡᠬᠦᠨ ᠤ ᠰᠠᠭᠤᠷᠢᠨ ᠲᠡᠭᠡᠷ᠎ᠡ᠂ ᠴᠠᠭᠠᠨ ᠢᠳᠡᠭᠡ ᠡᠳ᠋ᠰᠢᠬᠦᠯᠦᠨ ᠪᠤᠯᠪᠠᠰᠤᠷᠠᠭᠤᠯᠬᠤ ᠶᠢ ᠲᠠᠰ ᠳᠡᠪᠰᠢᠬᠦᠯᠬᠦ ᠲᠦᠷᠦᠯ ᠵᠦᠢᠯ ᠪᠠ ᠴᠠᠭᠠᠨ ᠢᠳᠡᠭᠡᠨ ᠤ ᠴᠢᠨᠠᠷ ᠢ ᠲᠠᠰ ᠲᠡᠪᠰᠢᠬᠦᠯᠬᠦ ᠲᠦᠷᠦᠯ ᠵᠦᠢᠯ ᠶᠢ ᠶᠡᠬᠡᠪᠡᠷ ᠬᠡᠷᠡᠭᠵᠢᠬᠦᠯᠵᠦ᠂ ᠴᠠᠭᠠᠨ ᠢᠳᠡᠭᠡᠨ ᠤ ᠨᠡᠷᠡᠲᠦ ᠲᠡᠮᠳᠡᠭ ᠢ ᠡᠬᠦᠳᠬᠦ ᠪᠠᠷ ᠴᠢᠷᠮᠠᠶᠢᠵᠤ ᠪᠠᠶᠢᠨ᠎ᠠ᠃ ᠡᠬᠦᠨ ᠤ ᠬᠠᠮᠳᠤ᠂ ᠦᠨᠳᠦᠰᠦᠳᠡᠨ ᠤ ᠴᠠᠭᠠᠨ ᠢᠳᠡᠭᠡᠨ ᠤ ᠵᠠᠬ᠎ᠠ ᠲᠡᠯᠭᠡᠬᠦᠷ ᠢ ᠦᠷᠬᠦᠯᠵᠢᠯᠡᠨ ᠴᠢᠷᠮᠠᠶᠢᠨ ᠦᠷᠭᠡᠳᠬᠡᠵᠦ᠂ ᠭᠤᠷᠪᠠᠨ ᠵᠢᠯ ᠳᠠᠷᠠᠭᠠᠯᠠᠨ ᠲᠠᠯ᠎ᠠ ᠨᠤᠲᠤᠭ ᠤᠨ ᠡᠯᠪᠡᠭ ᠬᠤᠷᠢᠶᠠᠯᠳᠠ ᠶᠢᠨ ᠨᠠᠶᠢᠷ ᠪᠤᠯᠤᠨ ᠴᠠᠭᠠᠨ ᠢᠳᠡᠭᠡᠨ ᠤ ᠨᠠᠶᠢᠷ ᠵᠡᠷᠭᠡ ᠶᠢ ᠡᠷᠬᠢᠯᠡᠨ ᠶᠠᠪᠤᠭᠳᠠᠭᠤᠯᠵᠤ᠂ ᠭᠠᠳᠠᠭᠰᠢ ᠤᠬᠠᠭᠤᠯᠤᠨ ᠲᠠᠨᠢᠯᠴᠠᠭᠤᠯᠬᠤ ᠠᠵᠢᠯ ᠢ ᠰᠠᠶᠢᠲᠤᠷ ᠬᠢᠪᠡ᠃ ᠤᠳᠤ ᠪᠤᠯᠬᠤ ᠳᠤ ᠬᠦᠬᠡᠬᠤᠳᠠ᠂ ᠪᠤᠭᠤᠲᠤ᠂ ᠤᠷᠳᠤᠰ ᠵᠡᠷᠭᠡ ᠤᠷᠤᠨ ᠤ ᠲᠤᠳᠤᠷᠠᠬᠢ ᠭᠤᠤᠯ ᠪᠤᠯᠬᠤ ᠬᠤᠳᠠ ᠠᠴᠠ ᠭᠠᠳᠠᠨ᠎ᠠ ᠪᠡᠭᠡᠵᠢᠩ᠂ ᠴᠢᠭᠤᠯᠤᠯᠲᠤ ᠬᠠᠭᠠᠯᠭ᠎ᠠ ᠵᠡᠷᠭᠡ ᠬᠤᠲᠠᠨ ᠳᠤ ᠪᠤᠷᠤᠯᠠᠭᠤᠯᠬᠤ ᠴᠡᠭ ᠪᠠᠶᠢᠭᠤᠯᠵᠤ᠂ ᠪᠦᠳᠦᠭᠡᠭᠳᠡᠬᠦᠨ ᠢᠶᠠᠨ ᠤᠯᠤᠰ ᠤᠨ ᠡᠯ᠎ᠡ ᠭᠠᠵᠠᠷ ᠲᠤ ᠪᠤᠷᠤᠯᠠᠭᠤᠯᠬᠤ ᠶᠢ ᠪᠡᠶᠡᠯᠡᠬᠦᠯᠵᠦ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号